ᠡᠷᠡᠬᠦᠯ ᠰᠠᠷᠠᠭᠤᠯ ᠠᠮᠢᠳᠣᠷᠠᠶ᠎ᠠ ᠬᠡᠪᠡᠯ ᠡᠳᠡᠭᠡᠷ ᠶᠠᠪᠤᠳᠠᠯ ᠠᠴᠠ ᠡᠬᠢᠯᠡᠬᠡᠷᠡᠢ
ᠨᠡᠶᠢᠲᠡᠯᠡᠭᠰᠡᠨ ᠴᠠᠭ᠄
2021/4/26
     ᠡᠷᠡᠭᠦᠯ ᠮᠡᠨᠳᠦ ᠶᠢᠨ ᠳᠠᠯ᠎ᠠ ᠪᠠᠷ      ᠡᠳᠦᠷ ᠪᠦᠷᠢ ᠵᠣᠬᠢᠬᠤ ᠬᠡᠮᠵᠢᠶᠡᠨ ᠤ ᠮᠢᠬᠠᠨ ᠤ ᠵᠦᠢᠯ᠂ ᠢᠳᠡᠰᠢᠨ ᠨᠣᠭᠤᠭ᠎ᠠ᠂ ᠵᠢᠮᠢᠰ᠂ ᠪᠦᠳᠦᠭᠦᠯᠢᠭ ᠠᠮᠤ ᠶᠢ ᠢᠳᠡᠵᠦ᠂ ᠰᠢᠮ᠎ᠡ ᠲᠡᠵᠢᠭᠡᠯ ᠤᠨ ᠲᠡᠩᠴᠡᠭᠦᠷᠢ ᠶᠢ ᠪᠠᠲᠤᠯᠠᠨ᠎ᠠ᠃      ᠡᠳᠦᠷ ᠪᠦᠷᠢ ᠨᠢᠭᠡ ᠴᠠᠭ ᠬᠥᠳᠡᠯᠭᠡᠭᠡᠨ ᠬᠢᠨ᠎ᠡ᠃      ᠥᠷᠯᠥᠭᠡ ᠶᠢᠨ ᠴᠠᠢ ᠪᠠᠨ ᠤᠤᠭᠤᠵᠦ᠂ ᠴᠠᠭ ᠲᠠᠭᠠᠨ ᠠᠮᠠᠷᠠᠨ᠎ᠠ᠃      ᠪᠡᠶ᠎ᠡ ᠭᠠᠯᠪᠢᠷ ᠢᠶᠠᠨ ᠢᠮᠠᠭᠲᠠ ᠠᠩᠬᠠᠷᠴᠤ᠂ ᠴᠠᠭ ᠢᠶᠠᠨ ᠦᠵᠡᠵᠦ ᠪᠠᠶᠢᠭᠠᠳ ᠢᠳᠡᠵᠦ ᠤᠤᠭᠤᠬᠤ ᠪᠠᠨ ᠲᠣᠬᠢᠷᠠᠭᠤᠯᠤᠨ᠎ᠠ᠃      ᠲᠣᠭᠲᠠᠭᠰᠠᠨ ᠬᠤᠭᠤᠴᠠᠭ᠎ᠠ ᠲᠠᠢ ᠪᠡᠶ᠎ᠡ ᠶᠢᠨ ᠪᠠᠶᠢᠴᠠᠭᠠᠯᠲᠠ ᠬᠢᠨ᠎ᠡ᠃      ᠬᠡᠪᠡᠯᠢ ᠪᠠᠷ ᠢᠶᠠᠨ ᠠᠮᠢᠰᠬᠤᠬᠤ ᠶᠢ ᠰᠤᠷᠬᠤ ᠬᠡᠷᠡᠭᠲᠡᠶ᠃      ᠰᠡᠳᠬᠢᠯ ᠬᠤᠪᠢᠶᠠᠭᠳᠠᠬᠤ ᠦᠭᠡᠶ ᠪᠠᠷ ᠠᠩᠬᠠᠷᠤᠯ ᠢᠶᠠᠨ ᠲᠥᠪᠯᠡᠷᠡᠭᠦᠯᠦᠨ ᠠᠵᠢᠯᠯᠠᠨ᠎ᠠ᠃      ᠳᠠᠶᠢᠪᠤᠩ ᠰᠠᠶᠢᠬᠠᠨ ᠬᠤᠭᠤᠯᠠᠯᠠᠵᠦ᠂ ᠢᠯᠡᠬᠦᠦ ᠵᠠᠵᠢᠯᠵᠤ ᠠᠭᠠᠵᠢᠭᠤ ᠵᠠᠯᠭᠢᠨ᠎ᠠ᠃      ᠡᠳᠦᠷ ᠪᠦᠷᠢ ᠰᠣᠨᠢᠶᠠᠨ᠎ᠠ᠃      ᠦᠷᠭᠦᠯᠵᠢ ᠰᠠᠶᠢᠨ ᠰᠠᠶᠢᠬᠠᠨ ᠢ ᠪᠤᠳᠣᠵᠦ᠂ ᠰᠡᠳᠬᠢᠯ ᠰᠠᠨᠠᠭ᠎ᠠ ᠪᠠᠨ ᠳᠠᠶᠢᠪᠤᠩ ᠪᠠᠶᠢᠯᠭᠠᠨ᠎ᠠ᠃      ᠠᠵᠢᠯ ᠳᠡᠭᠡᠷ᠎ᠡ      ᠠᠵᠢᠯ ᠠᠴᠠ ᠪᠠᠨ ᠬᠤᠵᠢᠮᠳᠠᠬᠤ ᠦᠭᠡᠢ᠂ ᠪᠤᠯᠬᠤ ᠶᠢᠨ ᠳᠣᠳᠣᠷ᠎ᠠ ᠴᠢᠯᠦᠬᠡ ᠭᠤᠶᠤᠬᠤ ᠦᠬᠡᠢ᠃      ᠠᠵᠢᠯᠯᠠᠬᠤ ᠣᠷᠴᠢᠨ ᠲᠣᠭᠤᠷᠢᠨ ᠢᠶᠠᠨ ᠴᠡᠪᠡᠷ ᠲᠡᠭᠰᠢ ᠪᠠᠶᠢᠯᠭᠠᠨ᠎ᠠ᠃      ᠠᠵᠢᠯ ᠡᠬᠢᠯᠡᠬᠦ ᠠᠴᠠ ᠡᠮᠦᠨ᠎ᠡ᠂ ᠬᠡᠳᠦᠨ ᠮᠢᠨᠦ᠋ᠲ ᠤᠨ ᠴᠠᠭ ᠭᠠᠷᠭᠠᠵᠦ ᠪᠠᠶᠢᠭᠠᠳ ᠡᠳᠦᠷ ᠤᠨ ᠠᠵᠢᠯ ᠢᠶᠠᠨ ᠪᠢᠴᠢᠵᠦ ᠳᠠᠯᠪᠢᠨ᠎ᠠ᠃      ᠣᠴᠢᠷ ᠶᠠᠪᠤᠳᠠᠯ ᠢᠶᠠᠨ ᠤᠷᠢᠳᠴᠢᠯᠠᠨ ᠪᠣᠯᠵᠣᠵᠤ᠂ ᠬᠠᠭᠠᠯᠭ᠎ᠠ ᠬᠦᠩᠬᠡᠬᠡᠨ ᠲᠣᠭᠰᠢᠨ᠎ᠠ᠃      ᠣᠯᠠᠨ ᠨᠡᠢᠲᠡ ᠶᠢᠨ ᠲᠠᠯᠠᠪᠤᠷ ᠲᠤ ᠬᠤᠭ ᠨᠤᠪᠰᠢ ᠪᠠᠨ ᠴᠢᠷᠦᠬᠦ ᠦᠬᠡᠢ᠃      ᠬᠤᠷᠠᠯ ᠤᠨ ᠴᠠᠭ ᠲᠤ ᠭᠠᠷ ᠤᠲᠠᠰᠤ ᠣᠷᠣᠯᠳᠣᠬᠤ ᠦᠭᠡᠢ᠃      ᠠᠵᠢᠯ ᠤᠨ ᠴᠠᠭ ᠲᠤ ᠪᠢᠲᠡᠭᠡᠶ ᠪᠠᠶᠢᠨ ᠳᠠᠬᠢᠨ ᠤᠲᠠᠰᠤᠳᠠ᠃      ᠬᠡᠷᠪᠡ ᠠᠵᠢᠯ ᠢᠶᠠᠨ ᠴᠠᠭ ᠲᠠᠭᠠᠨ ᠳᠣᠰᠢᠶᠠᠵᠦ ᠠᠮᠵᠢᠭ᠎ᠠ ᠦᠭᠡᠢ ᠪᠤᠶᠤ ᠬᠡᠨᠡᠳᠳᠡ ᠣᠴᠢᠷ ᠲᠠᠢ ᠪᠤᠯᠪᠠᠯ ᠴᠠᠭ ᠲᠤᠬᠠᠶ ᠳᠤᠨᠢ ᠤᠳᠤᠷᠢᠳᠤᠯᠭ᠎ᠠ ᠳᠠᠭᠠᠨ ᠮᠡᠳᠡᠭᠳᠡᠵᠦ᠂ ᠡᠪᠳᠡᠢ ᠵᠤᠬᠢᠴᠠᠭᠤᠯᠤᠨ᠂ ᠬᠤᠬᠢᠷᠠᠯ ᠠᠴᠠ ᠠᠯᠢ ᠪᠤᠯᠬᠤ ᠪᠠᠷ ᠵᠠᠶᠢᠯᠠᠰᠬᠢᠨ᠎ᠠ᠃      ᠠᠮᠢᠳᠤᠷᠠᠯ ᠳᠣᠮᠳᠠ      ᠠᠵᠢᠯ᠂ ᠠᠮᠢᠳᠤᠷᠠᠯ ᠢᠶᠠᠨ ᠴᠠᠭ ᠲᠤ ᠨᠢ ᠳ᠋ᠦᠩᠨᠡᠵᠦ᠂ ᠬᠤᠭᠤᠴᠠᠭ᠎ᠠ ᠳᠣᠭᠳᠠᠭᠠᠨ ᠵᠣᠬᠢᠰᠲᠠᠶ ᠪᠠᠷ ᠲᠥᠯᠥᠪᠵᠢᠭᠦᠯᠬᠦ ᠬᠡᠷᠡᠭᠲᠡᠶ᠃      ᠭᠤᠸ᠎ᠠ ᠰᠠᠶᠢᠬᠠᠨ ᠤ ᠳᠠᠯ᠎ᠠ ᠪᠠᠷ ᠠᠩᠬᠠᠷᠣᠯ ᠳᠠᠯᠪᠢᠵᠦ᠂ ᠦᠰᠦ ᠬᠡᠵᠢᠬᠡ ᠪᠠᠨ ᠳᠣᠭᠳᠠᠭᠰᠠᠨ ᠴᠠᠭ ᠳᠤ ᠨᠢ ᠵᠠᠰᠠᠵᠤ᠂ ᠰᠠᠬᠠᠯ ᠬᠤᠤᠵᠠ ᠪᠠᠨ ᠬᠤᠰᠤᠨ᠂ ᠣᠶᠢᠮᠤᠰᠦ ᠱᠠᠬᠠᠶ ᠪᠠᠨ ᠳᠡᠷᠢ ᠳᠡᠭᠰᠢ ᠪᠠᠶᠢᠯᠭᠠᠨ᠎ᠠ᠃      ᠬᠠᠮᠳᠦ ᠠᠮᠢᠳᠣᠷᠠᠵᠦ ᠪᠠᠶᠢᠭ᠎ᠠ ᠪᠤᠰᠤᠳ ᠤᠨ ᠢᠶᠠᠨ ᠠᠮᠢᠳᠤᠷᠠᠯ ᠤᠨ ᠳᠠᠳᠬᠠᠯ ᠢ ᠬᠦᠨᠳᠦᠳᠬᠡᠵᠦ᠂ ᠬᠠᠷᠢᠯᠴᠠᠨ ᠢᠲᠡᠭᠡᠯᠴᠡᠵᠦ᠂ ᠨᠥᠬᠦᠷᠰᠡᠭ ᠢᠶᠠᠷ ᠬᠠᠷᠢᠯᠴᠠᠨ᠎ᠠ᠃      ᠠᠮᠢᠳᠤᠷᠠᠯ ᠤᠨ ᠳᠤᠮᠳᠠᠬᠢ ᠰᠠᠢᠬᠠᠨ ᠰᠠᠢᠬᠠᠨ ᠢ ᠳᠡᠮᠳᠡᠭᠯᠡᠵᠦ ᠦᠯᠡᠳᠡᠭᠡ᠃      ᠣᠳᠠᠰᠦ ᠰᠦᠯᠵᠢᠶᠠᠨ ᠳᠤ ᠴᠠᠭ ᠢᠶᠠᠨ ᠶᠡᠭᠡ ᠦᠷᠡᠬᠦ ᠦᠬᠡᠢ ᠪᠠᠶᠢᠵᠦ᠂ ᠨᠣᠮ ᠢᠯᠡᠭᠦᠦ ᠤᠩᠰᠢ᠃      ᠥᠪᠡᠷ ᠤᠨ ᠳᠤᠷ᠎ᠠ ᠰᠣᠨᠢᠷᠬᠠᠯ ᠲᠠᠢ᠂ ᠪᠤᠬᠢᠨᠢᠳᠣᠯ ᠢᠶᠠᠨ ᠳᠠᠶᠢᠯᠠᠬᠤ ᠠᠷᠭ᠎ᠠ ᠲᠠᠢ ᠪᠠᠶᠢᠬᠤ᠃      ᠶᠠᠪᠤᠭᠰᠠᠨ ᠬᠦᠷᠦᠭᠰᠡᠨ ᠭᠠᠵᠠᠷ ᠤᠨ ᠣᠷᠴᠢᠨ ᠲᠣᠭᠤᠷᠢᠨ ᠪᠤᠯᠤᠨ ᠥᠪᠡᠷ ᠢ ᠪᠠᠨ ᠴᠡᠪᠡᠷ ᠴᠡᠮᠴᠡᠭᠡᠷ ᠠᠪᠴᠦ ᠶᠠᠪᠤᠬᠤ ᠬᠡᠷᠡᠭᠳᠡᠢ᠃      ᠠᠪᠤ ᠡᠵᠢ ᠲᠠᠨᠢ ᠳᠡᠷᠭᠡᠳᠡ ᠴᠢᠨᠢ ᠪᠠᠶᠢᠬᠤ ᠦᠭᠡᠢ ᠪᠣᠯ ᠪᠠᠶᠢᠩᠭᠤ ᠣᠳᠠᠰᠦ ᠪᠠᠷ ᠶᠠᠷᠢᠵᠦ ᠪᠠᠢ᠃    
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1