ᠰᠢ ᠶᠢᠨ ᠫᠢᠩ ᠮᠠᠨ ᠤ ᠤᠯᠤᠰ ᠤᠨ ᠠᠩᠬᠠᠳᠠᠭᠴᠢ ᠤᠳᠠᠭᠠᠨ ᠤ ᠭᠠᠯ ᠭᠠᠷᠠᠭ ᠢ ᠬᠠᠶᠢᠨ ᠰᠢᠨᠵᠢᠯᠡᠬᠦ ᠡᠭᠦᠷᠭᠡ ᠶᠢ ᠭᠦᠢᠴᠡᠳᠬᠡᠬᠦ ᠲᠢᠶᠠᠨ ᠸᠧᠨ ᠨᠢᠭᠡᠳᠦᠭᠡᠷ ᠨᠣᠮᠧᠷᠲᠤ ᠬᠠᠶᠢᠭᠤᠷ ᠤᠨ ᠭᠠᠯ ᠭᠠᠷᠠᠭ ᠲᠤ ᠠᠮᠵᠢᠯᠲᠠ ᠲᠠᠢ ᠭᠠᠵᠠᠷᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2021/5/17
     ᠮᠠᠨ ᠤ ᠤᠯᠤᠰ ᠤᠨ ᠠᠩᠬᠠᠳᠠᠭᠴᠢ ᠤᠳᠠᠭᠠᠨ ᠤ ᠭᠠᠯ ᠭᠠᠷᠠᠭ ᠤᠨ ᠬᠠᠶᠢᠨ ᠰᠢᠨᠵᠢᠯᠡᠬᠦ ᠡᠭᠦᠷᠭᠡ ᠶᠢ ᠭᠦᠢᠴᠡᠳᠬᠡᠬᠦ ᠲᠢᠶᠠᠨ ᠸᠧᠨ ᠨᠢᠭᠡᠳᠦᠭᠡᠷ ᠨᠣᠮᠧᠷᠲᠤ ᠬᠠᠶᠢᠭᠤᠷ ᠭᠠᠯ ᠭᠠᠷᠠᠭ ᠲᠤ ᠠᠮᠵᠢᠯᠲᠠ ᠲᠠᠢ ᠭᠠᠵᠠᠷᠳᠠᠪᠠ      ᠰᠢ ᠶᠢᠨ ᠫᠢᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠴᠠᠬᠢᠯᠭᠠᠨ ᠮᠡᠳᠡᠭᠡ ᠢᠯᠡᠭᠡᠵᠦ ᠪᠠᠶᠠᠷ ᠬᠦᠷᠭᠡᠪᠡ      ᠬᠠᠨ ᠵᠧᠩ ᠪᠡᠭᠡᠵᠢᠩ ᠳᠤ ᠭᠠᠵᠠᠷᠳᠠᠭᠰᠠᠨ ᠪᠠᠶᠢᠳᠠᠯ ᠢ ᠦᠵᠡᠪᠡ      5 ᠳ᠋ᠤᠭᠠᠷ ᠰᠠᠷ᠎ᠠ ᠶᠢᠨ 15 ᠤ ᠡᠳᠦᠷ ᠤᠨ 7 ᠴᠠᠭ 18 ᠮᠢᠨᠦ᠋ᠲ ᠲᠤ᠂ ᠲᠢᠶᠠᠨ ᠸᠧᠨ ᠨᠢᠭᠡᠳᠦᠭᠡᠷ ᠬᠠᠶᠢᠭᠤᠷ ᠭᠠᠯ ᠭᠠᠷᠠᠭ ᠤᠨ ᠦᠲ᠋ᠣᠫᠢ ᠶᠢᠨ ᠲᠠᠯ᠎ᠠ ᠭᠠᠵᠠᠷ ᠤᠨ ᠡᠮᠦᠨ᠎ᠡ ᠬᠡᠰᠡᠭ ᠤᠨ ᠤᠷᠢᠳᠴᠢᠯᠠᠨ ᠰᠣᠩᠭᠤᠭᠰᠠᠨ ᠭᠠᠵᠠᠷ ᠲᠤ ᠠᠮᠵᠢᠯᠲᠠ ᠲᠠᠢ ᠪᠠᠷ ᠭᠠᠵᠠᠷᠳᠠᠪᠠ᠂ ᠮᠠᠨ ᠤ ᠤᠯᠤᠰ ᠤᠨ ᠠᠩᠬᠠᠳᠠᠭᠴᠢ ᠭᠠᠯ ᠭᠠᠷᠠᠭ ᠤᠨ ᠬᠠᠶᠢᠨ ᠰᠢᠨᠵᠢᠯᠡᠬᠦ ᠡᠭᠦᠷᠭᠡ ᠭᠠᠯ ᠭᠠᠷᠠᠭ ᠲᠤ ᠠᠮᠵᠢᠯᠲᠠ ᠲᠠᠢ ᠪᠠᠷ ᠪᠠᠭᠤᠵᠠᠶ᠃ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠬᠢᠯᠭᠠᠨ ᠢᠯᠡᠭᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠩᠬᠠᠳᠤᠭᠠᠷ ᠤᠳᠠᠭᠠᠨ ᠤ ᠭᠠᠯ ᠭᠠᠷᠠᠭ ᠢ ᠬᠠᠶᠢᠨ ᠰᠢᠨᠵᠢᠯᠡᠬᠦ ᠡᠭᠦᠷᠭᠡ ᠶᠢᠨ ᠵᠢᠯᠣᠭᠤᠳᠬᠤ ᠭᠠᠵᠠᠷ ᠪᠣᠯᠤᠨ ᠲᠡᠭᠦᠨ ᠳᠤ ᠣᠷᠣᠯᠴᠠᠭᠰᠠᠨ ᠪᠦᠬᠦ ᠨᠥᠬᠦᠳ ᠲᠤ ᠬᠠᠯᠠᠭᠤᠨ ᠪᠠᠶᠠᠷ ᠬᠦᠷᠭᠡᠵᠦ᠂ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ ᠪᠠᠶᠠᠷ ᠤᠨ ᠴᠠᠬᠢᠯᠭᠠᠨ ᠮᠡᠳᠡᠭᠡ ᠳᠤ ᠪᠠᠨ᠂ ᠲᠢᠶᠠᠨ ᠸᠧᠨ ᠨᠢᠭᠡᠳᠦᠭᠡᠷ ᠨᠣᠮᠧᠷᠲᠤ ᠬᠠᠶᠢᠭᠤᠷ ᠭᠠᠯ ᠭᠠᠷᠠᠭ ᠲᠤ ᠭᠠᠵᠠᠷᠳᠠᠵᠤ᠂ ᠮᠠᠨ ᠤ ᠤᠯᠤᠰ ᠤᠨ ᠤᠳᠤᠨ ᠣᠷᠣᠨ ᠤ ᠬᠠᠶᠢᠨ ᠰᠢᠨᠵᠢᠯᠡᠯᠲᠡ ᠶᠢᠨ ᠠᠶᠠᠨ ᠴᠢᠬᠤᠯᠠ ᠨᠢᠭᠡ ᠠᠯᠬᠤᠮ ᠢ ᠠᠯᠬᠤᠵᠤ᠂ ᠳᠡᠯᠡᠬᠡᠢ ᠶᠢᠨ ᠪᠥᠮᠪᠥᠷᠴᠡᠭ ᠪᠣᠯᠤᠨ ᠰᠠᠷᠠᠨ ᠪᠥᠮᠪᠥᠷᠴᠡᠭ ᠤᠨ ᠰᠢᠰᠲ᠋ᠧᠮ ᠠᠴᠠ ᠤᠳᠤᠨ ᠭᠠᠷᠠᠭ ᠤᠨ ᠬᠤᠭᠤᠷᠣᠨᠳᠣᠬᠢ ᠳᠠᠪᠠᠯᠲᠠ ᠶᠢ ᠪᠡᠶᠡᠯᠡᠭᠦᠯᠵᠦ᠂ ᠭᠠᠯ ᠭᠠᠷᠠᠭ ᠳᠡᠭᠡᠷ᠎ᠡ ᠠᠩᠬ᠎ᠠ ᠤᠳᠠᠭ᠎ᠠ ᠳᠤᠮᠳᠠᠳᠤᠴᠤᠳ ᠤᠨ ᠤᠯᠠ ᠮᠥᠷ ᠢ ᠦᠯᠡᠳᠡᠭᠡᠪᠡ᠃ ᠡᠨᠡ ᠪᠣᠯ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠶᠢᠨ ᠪᠠᠰᠠ ᠨᠢᠭᠡᠨ ᠬᠦᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠠᠬᠢᠴᠠ ᠪᠣᠯᠤᠨ᠎ᠠ᠃ ᠲᠠ ᠨᠠᠷ ᠵᠣᠷᠢᠭᠲᠠᠶ ᠪᠠᠷ ᠥᠷᠢᠰᠥᠯᠳᠦᠵᠦ᠂ ᠭᠠᠷᠮᠠᠭᠠᠶ ᠪᠦᠲᠦᠭᠡᠯ ᠭᠠᠷᠭᠠᠬᠤ ᠪᠠᠷ ᠬᠥᠭᠡᠭᠡᠴᠡᠯᠳᠦᠨ᠂ ᠮᠠᠨ ᠤ ᠤᠯᠤᠰ ᠢᠶᠠᠨ ᠭᠠᠷᠠᠭ ᠣᠳᠣᠨ ᠤ ᠬᠠᠶᠢᠨ ᠰᠢᠨᠵᠢᠯᠡᠯᠲᠡ ᠶᠢᠨ ᠬᠦᠷᠢᠶᠡᠨ ᠳᠤ ᠳᠡᠯᠡᠬᠡᠶ ᠶᠢᠨ ᠲᠡᠷᠢᠭᠦᠨ ᠤ ᠡᠩᠨᠡᠭᠡᠨ ᠳᠤ ᠣᠷᠣᠭᠤᠯᠪᠠᠯ᠂ ᠡᠬᠡ ᠣᠷᠣᠨ ᠪᠠ ᠠᠷᠠᠳ ᠲᠦᠮᠡᠨ ᠲᠠ ᠨᠠᠷ ᠤᠨ ᠭᠠᠷᠮᠠᠭᠠᠶ ᠭᠠᠪᠢᠶ᠎ᠠ ᠵᠢᠳᠬᠦᠯ ᠢ ᠥᠨᠢ ᠡᠭᠦᠷᠢᠳᠡ ᠪᠠᠲᠤ ᠴᠡᠭᠡᠵᠢᠯᠡᠬᠦ ᠪᠣᠯᠤᠨ᠎ᠠ ᠭᠡᠵᠦ ᠵᠢᠭᠠᠬᠤ ᠭᠠᠷᠭᠠᠪᠠ᠃      ᠰᠢ ᠶᠢᠨ ᠫᠢᠩ ᠴᠢᠬᠤᠯᠠᠴᠢᠯᠠᠬᠤ ᠳᠤ ᠪᠠᠨ᠂ ᠲᠠ ᠨᠠᠷ ᠦᠷᠬᠦᠯᠵᠢᠯᠡᠨ ᠴᠢᠷᠮᠠᠶᠢᠵᠤ᠂ ᠭᠠᠯ ᠭᠠᠷᠠᠭ ᠤᠨ ᠲᠣᠭᠤᠷᠢᠨ ᠪᠠᠶᠢᠴᠠᠭᠠᠯᠲᠠ ᠶᠢᠨ ᠰᠢᠨᠵᠢᠯᠡᠬᠦ ᠤᠬᠠᠭᠠᠨᠴᠢ ᠬᠠᠶᠢᠨ ᠰᠢᠨᠵᠢᠯᠡᠯᠲᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠷᠠᠭ ᠤᠳᠤᠨ ᠤ ᠬᠠᠶᠢᠨ ᠰᠢᠨᠵᠢᠯᠡᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ ᠨᠠᠷᠢᠨ ᠨᠢᠮᠪᠠᠢ ᠠᠬᠢᠭᠤᠯᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠵᠤ᠂ ᠰᠠᠨᠰᠠᠷ ᠤᠨ ᠨᠢᠭᠤᠴᠠ ᠶᠢ ᠬᠠᠶᠢᠨ ᠰᠦᠪᠡᠭᠴᠢᠯᠡᠬᠦ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠣᠯᠤᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠬᠠᠨ ᠵᠧᠩ ᠪᠡᠭᠡᠵᠢᠩ ᠤᠨ ᠰᠠᠨᠰᠠᠷ ᠤᠨ ᠨᠢᠰᠦᠯᠲᠡ ᠶᠢ ᠡᠵᠡᠮᠳᠡᠬᠦ ᠲᠥᠪ ᠲᠤ ᠲᠢᠶᠠᠨ ᠸᠧᠨ ᠨᠢᠭᠡᠳᠦᠭᠡᠷ ᠨᠣᠮᠧᠷᠲᠦ ᠬᠠᠶᠢᠭᠤᠷ ᠤᠨ ᠭᠠᠵᠠᠷᠳᠠᠭᠰᠠᠨ ᠪᠠᠶᠢᠳᠠᠯ ᠢ ᠦᠵᠡᠪᠡ᠃      ᠳᠤᠮᠳᠠᠳᠤ  ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠯᠢᠦ ᠾᠧ ᠲᠤᠬᠠᠢ ᠶᠢᠨ ᠲᠠᠯᠠᠪᠠᠢ ᠳᠤ ᠰᠢ ᠶᠢᠨ ᠫᠢᠩ ᠤᠨ ᠪᠠᠶᠠᠷ ᠤᠨ ᠴᠠᠬᠢᠯᠭᠠᠨ ᠮᠡᠳᠡᠭᠡ ᠶᠢ ᠤᠩᠰᠢᠪᠠ᠃      ᠮᠠᠨ ᠤ ᠤᠯᠤᠰ ᠤᠨ ᠠᠩᠬᠠᠳᠠᠭᠴᠢ ᠤᠳᠠᠭᠠᠨ ᠤ ᠭᠠᠯ ᠭᠠᠷᠠᠭ ᠢ ᠬᠠᠶᠢᠨ ᠰᠢᠨᠵᠢᠯᠡᠬᠦ ᠡᠭᠦᠷᠭᠡ ᠶᠢ 2016 ᠣᠨ ᠳᠤ ᠲᠥᠷᠥᠯ ᠵᠦᠢᠯ ᠢᠶᠠᠷ ᠲᠣᠭᠲᠠᠭᠠᠵᠤ᠂ ᠨᠢᠭᠡ ᠤᠳᠠᠭ᠎ᠠ ᠶᠢᠨ ᠡᠭᠦᠷᠭᠡ ᠪᠠᠷ ᠳᠠᠮᠵᠢᠨ ᠭᠠᠯ ᠭᠠᠷᠠᠭ ᠢ ᠲᠣᠭᠤᠷᠢᠬᠤ᠂ ᠭᠠᠵᠠᠷᠳᠠᠬᠤ ᠪᠠ ᠲᠣᠭᠤᠷᠢᠨ ᠪᠠᠶᠢᠴᠠᠭᠠᠵᠤ ᠬᠠᠶᠢᠨ ᠰᠢᠨᠵᠢᠯᠡᠬᠦ ᠶᠢ ᠪᠡᠶᠡᠯᠡᠭᠦᠯᠬᠦ ᠪᠠᠷ ᠲᠥᠯᠥᠪᠯᠡᠪᠡ᠃ ᠲᠢᠶᠠᠨ ᠸᠧᠨ ᠨᠢᠭᠡᠳᠦᠭᠡᠷ ᠬᠠᠶᠢᠭᠤᠷ ᠢ 2020 ᠣᠨ ᠤ 7 ᠳ᠋ᠤᠭᠠᠷ ᠰᠠᠷ᠎ᠠ ᠶᠢᠨ 23 ᠤ ᠡᠳᠦᠷ ᠬᠠᠶᠢᠨᠠᠨ ᠤ ᠸᠧᠨ ᠴᠠᠩ ᠳᠤ ᠴᠠᠩ ᠵᠧᠩ ᠲᠠᠪᠤᠳᠤᠭᠠᠷ ᠲᠡᠶᠢᠷᠦᠯᠲᠦ ᠰᠤᠮᠤ ᠢᠶᠠᠷ ᠠᠮᠵᠢᠯᠲᠠᠲᠠᠶ ᠬᠠᠷᠪᠤᠵᠤ᠂ 2021 ᠣᠨ ᠤ 2 ᠳ᠋ᠤᠭᠠᠷ ᠰᠠᠷ᠎ᠠ ᠶᠢᠨ 10 ᠤ ᠡᠳᠦᠷ ᠭᠠᠯ ᠭᠠᠷᠠᠭ ᠤᠨ ᠠᠩᠨᠠᠯᠲᠠ ᠶᠢ ᠠᠮᠵᠢᠯᠲᠠᠲᠠᠶ ᠬᠡᠷᠡᠭᠵᠢᠭᠦᠯᠵᠦ᠂ ᠮᠠᠨ ᠤ ᠤᠯᠤᠰ ᠤᠨ ᠠᠩᠬᠠᠳᠠᠭᠴᠢ ᠭᠠᠯ ᠭᠠᠷᠠᠭ ᠤᠨ ᠬᠢᠮᠡᠯ ᠳᠠᠭᠠᠭᠤᠯᠢ ᠣᠲᠣ ᠪᠣᠯᠵᠠᠶ᠂ 2 ᠳ᠋ᠤᠭᠠᠷ ᠰᠠᠷ᠎ᠠ ᠶᠢᠨ 24 ᠤ ᠡᠳᠦᠷ ᠬᠠᠶᠢᠭᠤᠷ ᠨᠢ ᠭᠠᠯ ᠭᠠᠷᠠᠭ ᠤᠨ ᠵᠣᠭᠰᠣᠭᠠᠯ ᠤᠨ ᠵᠠᠮ ᠳᠤ ᠣᠷᠣᠵᠤ᠂ 3 ᠰᠠᠷ᠎ᠠ ᠰᠢᠬᠠᠮ ᠬᠤᠭᠤᠴᠠᠭ᠎ᠠ ᠲᠠᠢ ᠲᠣᠭᠤᠷᠢᠨ ᠬᠠᠶᠢᠨ ᠰᠢᠨᠵᠢᠯᠡᠯᠲᠡ ᠬᠢᠵᠦ᠂ ᠭᠠᠯ ᠭᠠᠷᠠᠭ ᠲᠤ ᠤᠷᠤᠭᠰᠢᠲᠠᠶ ᠪᠠᠭᠤᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠢᠶᠠᠨ ᠸᠧᠨ ᠨᠢᠭᠡᠳᠦᠭᠡᠷ ᠨᠣᠮᠧᠷᠲᠦ ᠬᠠᠶᠢᠭᠤᠷ ᠤᠨ ᠭᠠᠯ ᠭᠠᠷᠠᠭ ᠲᠤ ᠠᠮᠵᠢᠯᠲᠠ ᠲᠠᠢ ᠪᠠᠷ ᠭᠠᠵᠠᠷᠳᠠᠭᠰᠠᠨ ᠠᠴᠠ ᠮᠠᠨ ᠤ ᠤᠯᠤᠰ ᠠᠩᠬ᠎ᠠ ᠤᠳᠠᠭ᠎ᠠ ᠳᠡᠯᠡᠬᠡᠶ ᠶᠢᠨ ᠪᠥᠮᠪᠥᠷᠴᠡᠭ ᠤᠨ ᠭᠠᠳᠠᠨᠠᠬᠢ ᠭᠠᠷᠠᠭ ᠣᠳᠣᠨ ᠳᠤ ᠭᠠᠵᠠᠷᠳᠠᠬᠤ ᠶᠢ ᠪᠡᠶᠡᠯᠡᠭᠦᠯᠵᠦ᠂ ᠮᠠᠨ ᠤ ᠤᠯᠤᠰ ᠭᠠᠯ ᠭᠠᠷᠠᠭ ᠲᠤ ᠠᠮᠵᠢᠯᠲᠠ ᠲᠠᠢ ᠪᠠᠷ ᠭᠠᠵᠠᠷᠳᠠᠭᠰᠠᠨ ᠬᠤᠶᠠᠳᠠᠬᠢ ᠤᠯᠤᠰ ᠪᠣᠯᠣᠭᠰᠠᠨ ᠪᠠᠶᠢᠨ᠎ᠠ᠃ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠲᠣᠪᠴᠢᠶ᠎ᠠ ᠧᠦ᠋ᠷᠣᠫᠠ ᠤᠨ ᠠᠭᠠᠷ ᠤᠨ ᠠᠶᠠᠯᠠᠯ ᠤᠨ ᠲᠣᠪᠴᠢᠶ᠎ᠠ᠂ ᠠᠷᠭᠧᠨ᠋ᠲ᠋ᠢᠨ᠂ ᠹᠷᠠᠨᠼᠢ᠂ ᠠᠦ᠋ᠰᠳ᠋ᠷᠢᠶ᠎ᠠ ᠵᠡᠷᠭᠡ ᠤᠯᠠᠨ ᠤᠯᠤᠰ ᠤᠨ ᠰᠠᠨᠰᠠᠷ ᠤᠨ ᠠᠶᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ ᠤᠯᠤᠰ ᠤᠨ ᠰᠠᠨᠰᠠᠷ ᠤᠨ ᠠᠶᠠᠯᠠᠯ ᠤᠨ ᠪᠠᠶᠢᠭᠤᠯᠤᠮᠵᠢ ᠲᠠᠢ ᠬᠤᠯᠪᠣᠭᠳᠠᠯ ᠪᠦᠬᠦᠢ ᠲᠦᠷᠦᠯ ᠵᠦᠢᠯ ᠤᠨ ᠬᠠᠮᠲᠤᠷᠠᠯᠴᠠᠭ᠎ᠠ ᠥᠷᠨᠢᠭᠦᠯᠵᠦ᠂ ᠰᠠᠨᠰᠠᠷ ᠤᠨ ᠨᠢᠭᠤᠴᠠ ᠶᠢ ᠬᠠᠶᠢᠨ ᠰᠦᠪᠡᠭᠴᠢᠯᠡᠬᠦ᠂ ᠭᠠᠯ ᠭᠠᠷᠠᠭ ᠤᠨ ᠤᠯᠠᠷᠢᠯᠲᠠ ᠶᠢᠨ ᠲᠤᠬᠠᠢ ᠲᠠᠨᠢᠯᠲᠠ ᠪᠠᠨ ᠨᠡᠮᠡᠭᠳᠡᠭᠦᠯᠬᠦ᠂ ᠠᠮᠢ ᠨᠠᠰᠤᠨ ᠤ ᠡᠬᠢ ᠡᠭᠦᠰᠦᠯ ᠢ ᠣᠶᠢᠯᠠᠭᠠᠬᠤ ᠵᠡᠷᠭᠡ ᠲᠠᠯ᠎ᠠ ᠪᠠᠷ ᠬᠠᠮᠲᠤ ᠶᠢᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1