ᠬᠥᠳᠡᠭᠡ ᠲᠣᠰᠬᠤᠨ ᠤ ᠬᠥᠭᠵᠢᠯᠲᠡ ᠨᠢ ᠲᠦᠭ ᠲᠦᠮᠡᠨ ᠲᠠᠷᠢᠶᠠᠴᠢᠨ ᠤ ᠠᠵᠠ ᠵᠢᠷᠭᠠᠯ ᠲᠠᠢ ᠬᠤᠯᠪᠤᠬᠳᠠᠵᠦ᠂ | ᠲᠤᠭ᠎ᠠ ᠲᠣᠮᠰᠢ ᠦᠭᠡᠢ ᠬᠤᠳᠠ ᠶᠢᠨ ᠬᠥᠮᠦᠰ ᠤᠨ ᠨᠤᠲᠤᠭ ᠤᠨ ᠮᠥᠷᠥᠭᠡᠳᠦᠯ ᠢ ᠴᠦ ᠠᠴᠢᠶᠠᠯᠠᠵᠦ ᠪᠠᠶᠢᠭ᠎ᠠ ᠶᠤᠮ᠃ | | ᠣᠶᠢᠷ᠎ᠠ ᠳᠤ ᠨᠡᠶᠢᠲᠡᠯᠡᠭᠰᠡᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ | 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠳᠤ᠂ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ | ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠪᠦᠳᠦᠬᠡᠨ ᠪᠠᠶᠢᠭᠤᠯᠤᠯᠲᠠ ᠶᠢ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠦᠢᠯᠡᠳᠪᠦᠷᠢᠯᠡᠯ | ᠠᠮᠢᠳᠤᠷᠠᠯ ᠠᠮᠢ ᠠᠬᠤᠢ ᠶᠢᠨ ᠣᠷᠣᠨ ᠵᠠᠢ ᠶᠢ ᠰᠢᠯᠢᠳᠡᠭᠵᠢᠭᠦᠯᠦᠨ᠂ ᠲᠣᠰᠬᠤᠨ ᠤ ᠳᠦᠷᠰᠦ ᠪᠠᠶᠢᠳᠠᠯ ᠪᠣᠯᠤᠨ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠳᠦᠬᠡᠨ ᠪᠠᠶᠢᠭᠤᠯᠤᠨ᠎ᠠ ᠭᠡᠵᠦ ᠳᠤᠷᠠᠳᠴᠠᠶ᠃ | ᠢᠷᠡᠬᠦ 5 ᠵᠢᠯ ᠳᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠨᠢ ᠮᠠᠨ ᠤ | ᠬᠥᠳᠡᠭᠡ ᠲᠣᠰᠬᠤᠨ ᠢ ᠶᠠᠮᠠᠷ ᠬᠤᠪᠢᠷᠠᠯᠳᠠ ᠲᠠᠢ ᠪᠤᠯᠭᠠᠬᠤ ᠪᠤᠢ︖ | ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ | ᠰᠤᠳᠤᠯᠭᠠᠨ ᠤ ᠬᠦᠷᠢᠶᠡᠯᠡᠩ ᠤᠨ ᠶᠡᠷᠦᠩᠬᠡᠢ ᠢᠨᠵᠧᠨᠧᠷ ᠴᠢ ᠹᠸᠢ᠄ ︽ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠭᠰᠡᠨ ᠬᠠᠮᠤᠭ ᠤᠨ ᠴᠢᠬᠤᠯᠠ ᠰᠢᠯᠲᠠᠭᠠᠨ ᠪᠣᠯ ᠬᠥᠳᠡᠭᠡ | ᠲᠣᠰᠬᠤᠨ ᠤ ᠤᠷᠳᠤ ᠬᠤᠭᠤᠴᠠᠭᠠᠨ ᠤ ᠲᠤᠷᠰᠢᠬᠢ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ | ᠬᠦᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠵᠡᠷᠭᠡ ᠲᠠᠯ᠎ᠠ ᠶᠢᠨ ᠳᠤᠲᠠᠭᠤᠳᠠᠯ ᠢ ᠲᠦᠷᠭᠡᠨ | ᠨᠥᠬᠦᠪᠥᠷᠢᠯᠡᠬᠦ ᠶᠢᠨ ᠤᠯᠠᠮ ᠢᠶᠠᠷ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠤᠪᠢᠷᠠᠭᠤᠯᠵᠤ᠂ ᠲᠠᠷᠢᠶᠠᠴᠢᠳ ᠤᠨ | ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠬᠠᠮᠲᠤ ᠬᠥᠳᠡᠭᠡ ᠲᠣᠰᠬᠤᠨ ᠴᠢᠨᠠᠭᠰᠢᠯᠠᠪᠠᠯ ᠪᠦᠬᠦ | ᠤᠯᠤᠰ ᠤᠨ ᠠᠵᠤ ᠠᠬᠤᠢ ᠶᠢᠨ ᠬᠥᠭᠵᠢᠯᠲᠡ ᠳᠤ ᠰᠠᠭᠤᠷᠢ ᠲᠠᠯᠪᠢᠵᠤ ᠥᠭᠬᠦ ᠶᠢᠨ ᠲᠥᠯᠥᠭᠡ ᠶᠤᠮ︾ ᠭᠡᠪᠡ᠃ | ᠲᠥᠯᠥᠪᠵᠢᠭᠦᠯᠭᠡ ᠶᠢᠨ ᠬᠥᠲᠥᠯᠪᠦᠷᠢ ᠳᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠪᠠᠷ ᠬᠦᠳᠦᠯᠥᠨ ᠳᠠᠭᠠᠭᠤᠯᠬᠤ ᠶᠢ ᠴᠢᠩᠭᠠᠳᠬᠠᠨ᠎ᠠ ᠭᠡᠵᠦ ᠲᠣᠳᠣᠷᠬᠠᠶᠢᠯᠠᠪᠠ᠃ ︽ᠬᠥᠳᠡᠭᠡ | ᠲᠣᠰᠬᠤᠨ ᠤ ᠲᠥᠯᠥᠪᠵᠢᠭᠦᠯᠭᠡ ᠪᠣᠯ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ | ᠲᠦᠰᠦᠪ ᠮᠥᠨ︾᠃ ᠴᠢ ᠹᠸᠢ᠂ ᠲᠥᠯᠥᠪᠵᠢᠭᠦᠯᠬᠦ ᠶᠠᠪᠤᠴᠠ ᠳᠤ ᠲᠠᠷᠢᠶᠠᠴᠢᠳ ᠤᠨ ᠬᠦᠰᠡᠯ ᠰᠠᠨᠠᠭ᠎ᠠ ᠶᠢ | ᠭᠦᠶ᠋ᠴᠡᠳ ᠬᠦᠨᠳᠦᠳᠬᠡᠬᠦ ᠬᠡᠷᠡᠭᠲᠡᠶ ᠪᠥᠭᠡᠳ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠪᠣᠳᠣᠯᠬᠢᠯᠠᠵᠤ᠂ ᠬᠡᠷᠡᠭᠯᠡᠭᠡᠨ ᠤ ᠴᠢᠨᠠᠷ ᠢ ᠴᠢᠬᠤᠯᠠᠴᠢᠯᠠᠬᠤ ᠬᠡᠷᠡᠭᠲᠡᠶ᠂ ᠪᠦᠲᠦᠭᠡᠬᠦ ᠭᠡᠳ ᠪᠦᠷᠢᠯᠭᠡᠵᠦ | ᠪᠣᠯᠬᠤ ᠥᠬᠡᠶ᠃ ᠪᠠᠰᠠ ᠠᠯᠢ ᠴᠢᠳᠠᠬᠤ ᠪᠠᠷ ᠬᠥᠳᠡᠭᠡ ᠲᠣᠰᠬᠤᠨ ᠤ ᠥᠪᠡᠷᠮᠢᠴᠡ ᠳᠦᠷᠰᠦ ᠪᠠᠶᠢᠳᠠᠯ ᠢ ᠪᠠᠲᠤᠯᠠᠵᠤ᠂ | ᠲᠣᠰᠬᠤᠨ ᠤ ᠪᠠᠶᠢᠳᠠᠯ ᠪᠣᠯᠤᠨ ᠬᠡᠪ ᠨᠠᠮᠪᠠ ᠶᠢ ᠦᠯᠡᠳᠡᠭᠡᠵᠦ᠂ ᠲᠣᠰᠬᠤᠨ ᠪᠦᠬᠦᠨ ᠨᠢᠭᠡ ᠯᠡ ᠠᠳᠠᠯᠢ ᠪᠤᠯᠬᠤ ᠠᠴᠠ | ᠵᠠᠶᠢᠯᠠᠰᠬᠢᠬᠦ ᠬᠡᠷᠡᠭᠲᠡᠢ ᠭᠡᠪᠡ᠃ | ᠲᠥᠯᠥᠪᠵᠢᠭᠦᠯᠭᠡ ᠶᠢᠨ ᠬᠥᠲᠥᠯᠪᠦᠷᠢ ᠳᠤ ᠪᠠᠰᠠ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠲᠦᠬᠦᠭᠡᠷᠤᠮᠵᠢ ᠶᠢ ᠬᠤᠲᠠ ᠶᠢᠨ ᠲᠡᠭᠦᠷᠭᠡ ᠶᠢᠨ ᠬᠥᠳᠡᠭᠡ ᠲᠣᠰᠬᠤᠨ ᠪᠠ ᠬᠡᠪᠴᠢᠶ᠎ᠡ ᠪᠠᠷ ᠨᠡᠯᠢᠶᠡᠳ | ᠶᠡᠭᠡ ᠭᠤᠤᠯ ᠪᠠᠯᠭᠠᠰᠤ ᠳᠠᠶᠢᠰᠢ ᠤᠷᠲᠤᠳᠬᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠤᠰᠤ᠂ ᠴᠠᠬᠢᠯᠭᠠᠨ᠂ | ᠵᠠᠮ᠂ ᠬᠡᠶ᠂ ᠰᠢᠤᠳᠠᠨ ᠤ ᠶᠠᠪᠤᠳᠠᠯ ᠴᠢᠮᠡᠭᠡ ᠬᠤᠯᠪᠣᠭ᠎ᠠ᠂ ᠷᠠᠳᠢᠣ᠋ ᠲᠧᠯᠸᠢᠰ᠂ ᠪᠠᠷᠠᠭᠠᠨ ᠤ ᠭᠦᠢᠯᠭᠡᠭᠡ ᠵᠡᠷᠭᠡ ᠰᠠᠭᠤᠷᠢ | ᠲᠦᠬᠦᠭᠡᠷᠤᠮᠵᠢ ᠶᠢ ᠲᠡᠭᠦᠯᠳᠡᠷᠵᠢᠭᠦᠯᠦᠨ᠎ᠡ︔ ᠬᠤᠳᠠ ᠬᠥᠳᠡᠭᠡ ᠶᠢᠨ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠬᠦ᠂ ᠲᠦᠷᠢᠮ ᠢ ᠨᠢᠭᠡᠳᠬᠡᠬᠦ ᠶᠢ ᠠᠬᠢᠭᠤᠯᠵᠤ᠂ ᠬᠥᠳᠡᠭᠡ ᠲᠣᠰᠬᠤᠨ ᠤ | ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠂ ᠰᠣᠶᠣᠯ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ | ᠨᠡᠮᠡᠭᠳᠡᠭᠦᠯᠦᠨ᠎ᠡ ᠭᠡᠵᠦ ᠳᠤᠷᠠᠳᠪᠠ᠃ | ᠣᠶᠢᠯᠠᠭᠠᠭᠰᠠᠨ ᠢᠶᠠᠷ᠂ ᠡᠲᠡᠭᠡᠷ ᠵᠢᠯ ᠤᠳ ᠲᠤ᠂ ᠮᠠᠨ ᠤ ᠤᠯᠤᠰ ᠠᠶᠢᠯ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠠᠶᠢᠵᠢᠷᠠᠯᠲᠠ ᠶᠢ | ᠲᠦᠷᠭᠡᠳᠬᠡᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ ᠬᠤᠲᠠ ᠬᠥᠳᠡᠭᠡ ᠶᠢᠨ ᠵᠥᠷᠢᠶ᠎ᠡ | ᠮᠥᠨ ᠯᠡ ᠶᠡᠭᠡ ᠪᠠᠶᠢᠨ᠎ᠠ᠃ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠪᠦᠷᠢᠳᠬᠡᠯ ᠢᠶᠠᠷ᠂ | ᠣᠳᠣᠬᠠᠨ ᠳᠤ ᠬᠠᠭᠠᠰ ᠰᠢᠬᠠᠮ ᠲᠣᠰᠬᠤᠨ ᠤ ᠳᠣᠲᠣᠷᠠᠬᠢ ᠵᠠᠮ ᠢ ᠬᠠᠲᠠᠭᠤᠷᠠᠭᠤᠯᠤᠭᠰᠠᠨ ᠥᠬᠡᠶ᠂ 30% ᠠᠴᠠ | ᠳᠡᠭᠡᠭᠰᠢᠬᠢ ᠲᠠᠷᠢᠶᠠᠴᠢᠨ ᠡᠷᠦᠬᠡ ᠳᠤ ᠠᠷᠢᠭᠤᠨ ᠴᠡᠪᠡᠷ ᠵᠣᠷᠯᠣᠩ ᠥᠬᠡᠶ᠂ 70% ᠠᠴᠠ ᠳᠡᠭᠡᠭᠰᠢᠬᠢ ᠬᠥᠳᠡᠭᠡ | ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠪᠦᠲᠦᠮᠵᠢᠲᠡᠶ ᠰᠢᠢᠳᠪᠦᠷᠢᠯᠡᠭᠡᠳᠦᠢ ᠪᠠᠶᠢᠬᠰᠠᠭᠠᠷ᠂ ᠬᠥᠳᠡᠭᠡ | ᠲᠣᠰᠬᠤᠨ ᠤ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠴᠢᠨᠠᠷ ᠴᠢᠨᠰᠠᠭ᠎ᠠ ᠶᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ︽ᠢᠷᠡᠬᠦ 5 ᠵᠢᠯ ᠳᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ | ᠲᠡᠩᠴᠡᠭᠦᠷᠢᠲᠡᠢ ᠪᠣᠯᠭᠠᠬᠤ ᠪᠣᠯ ᠲᠠᠷᠢᠶᠠᠴᠢᠳ ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ᠂ ᠬᠤᠳᠠ | ᠬᠥᠳᠡᠭᠡ ᠶᠢᠨ ᠵᠦᠷᠢᠶ᠎ᠡ ᠶᠢ ᠪᠠᠭᠠᠰᠬᠠᠬᠤ᠂ ᠬᠤᠳᠠ ᠬᠥᠳᠡᠭᠡ ᠶᠢᠨ ᠠᠭᠤᠰᠤᠯᠴᠠᠯ ᠢ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠤᠨ᠎ᠠ︾᠃ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠬᠦ ᠭᠠᠵᠠᠷ ᠤᠨ ᠰᠤᠳᠤᠯᠤᠭᠴᠢ ᠵᠧᠩ | ᠰᠢᠶᠠᠩ ᠴᠢᠶᠦ᠋ᠨ ᠤ ᠦᠵᠡᠬᠦ ᠪᠠᠷ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠦᠨᠳᠦᠰᠦᠨ ᠵᠦᠶ᠋ᠯ ᠢ ᠪᠠᠲᠤᠯᠠᠬᠤ | ᠴᠢᠨᠠᠷᠲᠠᠶ᠂ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢ | ᠴᠢᠬᠤᠯᠠᠴᠢᠯᠠᠬᠤ ᠬᠡᠷᠡᠭᠲᠡᠶ᠃ | ᠲᠠᠬᠢᠪᠠᠯ᠂ ᠲᠥᠯᠥᠪᠵᠢᠭᠦᠯᠭᠡ ᠶᠢᠨ ᠬᠦᠳᠦᠯᠪᠦᠷᠢ ᠳᠤ ᠪᠠᠰᠠ᠂ ᠬᠥᠳᠡᠭᠡ ᠲᠣᠰᠬᠤᠨ ᠤ ᠬᠦᠮᠦᠰ ᠤᠨ | ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠤ ᠬᠦᠮᠦᠰ ᠤᠨ | ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ | ︔ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠤᠬᠠᠢ ᠶᠢᠨ ᠭᠠᠵᠠᠷ ᠲᠤᠨᠢ ᠠᠩᠬᠢᠯᠠᠬᠤ ᠪᠠ ᠡᠬᠢ | ᠪᠠᠶᠠᠯᠢᠭᠵᠢᠭᠤᠯᠤᠨ ᠠᠰᠢᠬᠯᠠᠬᠤ ᠶᠢ ᠠᠬᠢᠭᠤᠯᠤᠨ᠎ᠠ︔ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ | ᠲᠣᠰᠬᠤᠨ ᠤ ᠵᠣᠷᠯᠣᠩ ᠤᠨ ᠬᠤᠪᠢᠰᠬᠠᠯ ᠢ ᠠᠬᠢᠭᠤᠯᠬᠤ ᠶᠢ ᠳᠠᠮᠵᠢᠨ᠎ᠠ︔ ᠬᠥᠳᠡᠭᠡ ᠲᠣᠰᠬᠤᠨ ᠤ ᠤᠰᠤᠨ | ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠤᠨ᠎ᠠ︔ ᠠᠶᠢᠯ ᠲᠣᠰᠬᠤᠨ ᠢ ᠴᠡᠪᠡᠷᠯᠡᠬᠦ ᠪᠠ | ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠠ ᠭᠡᠵᠦ ᠳᠤᠷᠠᠳᠪᠠ᠃ | ᠡᠭᠦᠨ ᠤ ᠲᠤᠬᠠᠶ ᠵᠧᠩ ᠰᠢᠶᠠᠩ ᠴᠢᠶᠦ᠋ᠨ ᠬᠡᠯᠡᠬᠦ ᠳᠡᠭᠡᠨ᠂ ᠡᠨᠡ ᠬᠦ ᠶᠠᠪᠤᠴᠠ ᠳᠤ ᠬᠦᠳᠡᠭᠡ ᠠᠵᠤ ᠠᠬᠤᠢ | ᠬᠥᠳᠡᠭᠡ ᠲᠣᠰᠬᠤᠨ ᠤ ᠣᠷᠴᠢᠨ ᠲᠤᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠨᠠᠩ | ᠴᠢᠬᠤᠯᠠᠴᠢᠯᠠᠬᠤ ᠬᠡᠷᠡᠭᠲᠡᠶ᠂ ᠵᠢᠱᠢᠶᠡᠯᠡᠪᠡᠯ ᠬᠠᠶᠠᠭᠳᠠᠮᠠᠯ ᠪᠣᠳᠠᠰ ᠢ ᠲᠤᠬᠠᠶ ᠶᠢᠨ ᠭᠠᠵᠠᠷ ᠲᠤᠨᠢ ᠠᠰᠢᠬᠯᠠᠬᠤ ᠵᠡᠷᠭᠡ | ᠲᠠᠯ᠎ᠠ ᠪᠠᠷ ᠡᠷᠬᠢᠯᠳᠡᠳᠦ ᠠᠵᠤ ᠠᠬᠤᠶ ᠶᠢᠨ ᠣᠶᠢᠯᠠᠭᠠᠭᠳᠠᠬᠤᠨ ᠳᠤ ᠠᠭᠤᠰᠬᠠᠨ ᠣᠷᠣᠭᠤᠯᠵᠤ᠂ ᠣᠷᠴᠢᠨ | ᠲᠤᠭᠤᠷᠢᠨ ᠢ ᠵᠠᠰᠠᠬᠤ ᠶᠢᠨ ᠵᠡᠷᠭᠡ ᠪᠠᠷ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ | ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠠ᠃ | ᠰᠤᠷᠪᠤᠯᠵᠢᠯᠠᠭᠴᠢ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | 2025 ᠤᠨ ᠪᠣᠯᠬᠤ ᠳᠤ᠂ ᠬᠥᠳᠡᠭᠡ ᠲᠣᠰᠬᠤᠨ ᠤ ᠪᠠᠶᠢᠭᠠᠯᠢ ᠶᠢᠨ ᠠᠮᠢ ᠠᠬᠤᠶ ᠶᠢ ᠪᠥᠬᠦ ᠲᠠᠯ᠎ᠠ ᠪᠠᠷ ᠬᠠᠮᠠᠭᠠᠯᠠᠵᠤ | ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ | ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 32% ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠵᠤ᠂ ᠤᠯᠤᠰ ᠤᠨ 2 ᠲᠦᠮᠡᠨ ᠣᠶ ᠰᠢᠭᠤᠢᠢᠳᠦ ᠬᠥᠳᠡᠭᠡ ᠲᠣᠰᠬᠤᠨ ᠪᠠ ᠣᠷᠣᠨ ᠨᠤᠲᠤᠭ ᠤᠨ | ᠦᠯᠡᠮᠵᠢ ᠣᠯᠠᠨ ᠣᠶ ᠰᠢᠭᠤᠢᠢᠳᠦ ᠬᠥᠳᠡᠭᠡ ᠲᠣᠰᠬᠤᠨ ᠢ ᠪᠠᠶᠢᠭᠤᠯᠤᠨ᠎ᠠ᠃ | ︽ᠢᠷᠡᠬᠦ 5 ᠵᠢᠯ ᠳᠤ ᠮᠠᠨ ᠤ ᠬᠥᠳᠡᠭᠡ ᠲᠣᠰᠬᠤᠨ ᠨᠡᠩ ᠨᠣᠮᠢᠨ ᠨᠣᠭᠤᠭᠠᠨ ᠨᠡᠩ ᠦᠵᠡᠰᠬᠦᠯᠡᠩᠲᠦ | ᠰᠠᠶᠢᠬᠠᠨ ᠪᠤᠯᠵᠦ᠂ ᠨᠡᠩ ᠤᠯᠠᠨ ᠴᠢᠳᠠᠪᠤᠷᠢᠲᠠᠨ᠂ ᠪᠡᠯᠡ ᠮᠥᠩᠭᠦ ᠬᠥᠳᠡᠭᠡ ᠲᠣᠰᠬᠤᠨ ᠳᠤ ᠢᠷᠡᠬᠦ ᠪᠣᠯᠤᠨ᠎ᠠ︾᠃ | ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠳᠡᠭᠴᠢ᠂ ᠳᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠲᠡᠷᠢᠭᠦᠨ ᠲᠤᠰᠬᠠᠢ ᠮᠡᠷᠭᠡᠵᠢᠯᠲᠡᠨ ᠶᠠᠩ ᠵᠦᠩ ᠴᠢ᠂ ᠠᠮᠢ ᠠᠬᠤᠢ ᠰᠠᠶᠢᠨ ᠰᠠᠶᠢᠬᠠᠨ᠂ | ᠠᠮᠢᠳᠤᠷᠠᠯ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠢᠯ ᠢᠶᠠᠷ ᠬᠦᠰᠡᠨ ᠬᠦᠯᠢᠶᠡᠵᠦ | ᠪᠠᠶᠢᠨ᠎ᠠ ᠭᠡᠵᠦ ᠬᠡᠯᠡᠪᠡ᠃ ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 28 ᠤ ᠴᠠᠬᠢᠯᠭᠠᠨ ᠮᠡᠳᠡᠭᠡ︶ |