ᠪᠠᠩᠬᠢ ᠶᠢᠨ ᠺᠠᠷᠲ ᠳᠠᠬᠢ ᠮᠦᠩᠬᠦ ᠪᠠᠨ ᠠᠯᠳᠠᠪᠠᠯ ᠬᠡᠨ ᠬᠠᠷᠢᠭᠤᠴᠠᠬᠤ ᠪᠤᠢ︖
ᠨᠡᠶᠢᠲᠡᠯᠡᠭᠰᠡᠨ ᠴᠠᠭ᠄
2021/5/27
     ᠪᠠᠩᠬᠢ ᠶᠢᠨ ᠺᠠᠷᠲ ᠢᠶᠠᠨ ᠭᠠᠷ ᠲᠠᠭᠠᠨ ᠠᠳᠬᠤᠵᠦ ᠪᠠᠶᠢᠬᠤ ᠳᠤ ᠮᠦᠩᠬᠦ ᠨᠢ ᠬᠠᠷᠢᠨ ᠠᠯᠠᠭ᠎ᠠ ᠪᠤᠯᠴᠢᠬᠠᠳᠠᠭ ᠳᠣᠬᠢᠶᠠᠯᠳᠣᠯ ᠪᠤᠢ ᠁      ᠪᠠᠩᠬᠢ ᠶᠢᠨ ᠺᠠᠷᠲ ᠲᠤ ᠬᠤᠯᠪᠤᠭᠳᠠᠭᠰᠠᠨ ᠢᠷᠭᠡᠨ ᠤ ᠵᠢᠭᠤᠷᠠᠭᠠᠨ ᠤ ᠠᠰᠠᠭᠤᠳᠠᠯ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ ᠢ ᠡᠨᠡ ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠵᠡᠢ᠃ ᠡᠭᠦᠨ ᠳᠤ ᠲᠣᠳᠣᠷᠬᠠᠶ ᠲᠣᠭᠲᠠᠭᠠᠭᠰᠠᠨ ᠢᠶᠠᠷ᠄      ᠬᠠᠭᠤᠷᠮᠠᠭ ᠺᠠᠷᠲ ᠢᠶᠠᠷ ᠬᠤᠯᠠᠭᠠᠶᠢᠯᠠᠨ ᠵᠠᠷᠤᠬᠤ ᠪᠤᠶᠤ ᠰᠦᠯᠵᠢᠶ᠎ᠡ ᠪᠠᠷ ᠬᠤᠯᠠᠭᠠᠶᠢᠯᠠᠨ ᠮᠦᠩᠬᠦ ᠭᠠᠷᠭᠠᠭᠰᠠᠨ ᠪᠠᠶᠢᠪᠠᠯ ᠺᠠᠷᠲ ᠤᠨ ᠡᠵᠡᠨ ᠨᠢ ᠵᠢᠭᠡᠯᠡᠯᠭᠡ ᠶᠢᠨ ᠺᠠᠷᠲ ᠤᠨ ᠭᠡᠷ᠎ᠡ ᠶᠢᠨ ᠬᠠᠤᠯᠢ ᠶᠢᠨ ᠳᠠᠭᠠᠤ ᠺᠠᠷᠲ ᠲᠠᠷᠬᠠᠭᠠᠭᠰᠠᠨ ᠪᠠᠩᠬᠢ ᠳᠤ ᠪᠤᠰᠤᠳ ᠲᠤ ᠬᠤᠯᠠᠭᠠᠶᠢᠯᠠᠭᠳᠠᠭᠰᠠᠨ ᠡᠭᠡ ᠮᠥᠩᠭᠦ ᠶᠢ ᠲᠦᠯᠦᠬᠦᠯᠬᠦ ᠶᠢᠨ ᠬᠠᠮᠲᠤ ᠬᠤᠬᠢᠷᠠᠯ ᠢ ᠲᠦᠯᠦᠬᠦᠯᠬᠦ ᠪᠠᠷ ᠭᠤᠶᠤᠴᠢᠯᠠᠪᠠᠯ᠂ ᠠᠷᠠᠳ ᠤᠨ ᠰᠢᠭᠦᠬᠦ ᠬᠤᠷᠢᠶ᠎ᠠ ᠬᠠᠤᠯᠢ ᠶᠣᠰᠣᠭᠠᠷ ᠲᠡᠮᠵᠢᠨ᠎ᠠ᠃      ᠬᠠᠭᠤᠷᠮᠠᠭ ᠺᠠᠷᠲ ᠬᠤᠯᠠᠭᠠᠶᠢᠯᠠᠨ ᠵᠠᠷᠣᠬᠤ ᠠᠷᠠᠯᠵᠢᠶ᠎ᠠ ᠪᠤᠶᠤ ᠰᠦᠯᠵᠢᠶ᠎ᠡ ᠪᠠᠷ ᠬᠤᠯᠠᠭᠠᠶᠢᠯᠠᠨ ᠵᠠᠷᠣᠬᠤ ᠠᠷᠠᠯᠵᠢᠶ᠎ᠠ ᠡᠭᠦᠰᠴᠦ᠂ ᠺᠠᠷᠲ ᠤᠨ ᠡᠵᠡᠨ ᠢᠲᠡᠭᠡᠮᠵᠢ ᠶᠢᠨ ᠺᠠᠷᠲ ᠤᠨ ᠭᠡᠷ᠎ᠡ ᠶᠢᠨ ᠬᠠᠤᠯᠢ ᠶᠢᠨ ᠳᠠᠭᠠᠤ᠂ ᠺᠠᠷᠲ ᠲᠠᠷᠬᠠᠭᠠᠭᠰᠠᠨ ᠪᠠᠩᠬᠢ ᠠᠴᠠ ᠰᠠᠭᠤᠯᠭᠠᠨ ᠠᠪᠴᠤ ᠰᠢᠯᠵᠢᠭᠦᠯᠦᠨ ᠥᠭᠭᠦᠭᠰᠡᠨ ᠬᠡᠲᠦᠷᠡᠭᠦᠯᠦᠨ ᠵᠠᠷᠤᠭᠰᠠᠨ ᠵᠣᠭᠤᠰ ᠤᠨ ᠡᠬᠡ ᠬᠦᠦ ᠮᠥᠩᠭᠦ᠂ ᠪᠣᠯᠵᠤᠭ᠎ᠠ ᠵᠥᠷᠢᠴᠡᠭᠰᠡᠨ ᠮᠥᠩᠭᠦ ᠶᠢ ᠪᠤᠴᠠᠭᠠᠯᠭᠠᠬᠤ ᠶᠢᠨ ᠬᠠᠮᠲᠤ ᠬᠤᠬᠢᠷᠠᠯ ᠢ ᠲᠦᠯᠦᠬᠦᠯᠬᠦ ᠪᠠᠷ ᠭᠤᠶᠤᠴᠢᠯᠠᠭᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠬᠠᠤᠯᠢ ᠶᠣᠰᠣᠭᠠᠷ ᠳᠡᠮᠵᠢᠨ᠎ᠡ︔ ᠢᠲᠡᠭᠡᠮᠵᠢ ᠶᠢᠨ ᠺᠠᠷᠲ ᠡᠵᠡᠮᠰᠢᠭᠴᠢ ᠪᠠᠷ ᠬᠡᠲᠦᠷᠡᠭᠦᠯᠦᠨ ᠵᠠᠷᠤᠭᠰᠠᠨ ᠵᠣᠭᠤᠰ ᠤᠨ ᠡᠬᠡ ᠬᠦᠦ ᠮᠥᠩᠭᠦ᠂ ᠪᠣᠯᠵᠤᠭ᠎ᠠ ᠵᠥᠷᠢᠴᠡᠭᠰᠡᠨ ᠮᠥᠩᠭᠦ ᠵᠡᠷᠭᠡ ᠶᠢ ᠪᠤᠴᠠᠭᠠᠯᠭᠠᠬᠤ ᠪᠠᠷ ᠺᠠᠷᠲ ᠲᠠᠷᠬᠠᠭᠠᠭᠰᠠᠨ ᠪᠠᠩᠬᠢ ᠠᠴᠠ ᠭᠤᠶᠤᠴᠢᠯᠠᠭᠰᠠᠨ ᠪᠠᠶᠢᠪᠠᠯ ᠂ ᠠᠷᠠᠳ ᠤᠨ ᠰᠢᠭᠦᠬᠦ ᠬᠤᠷᠢᠶ᠎ᠠ ᠳᠡᠮᠵᠢᠬᠦ ᠦᠭᠡᠢ᠃      ᠡᠨᠡ ᠬᠤᠶᠠᠷ ᠵᠦᠢᠯ ᠤᠨ ᠪᠠᠶᠢᠳᠠᠯ ᠳᠤ᠂ ᠺᠠᠷᠲ ᠤᠨ ᠡᠵᠡᠨ ᠪᠠᠩᠬᠢ ᠶᠢᠨ ᠺᠠᠷᠲ᠂ ᠰᠢᠯᠭᠠᠬᠤ ᠳ᠋ᠣᠭᠠᠷ᠂ ᠪᠠᠲᠤᠯᠠᠬᠤ ᠺᠣᠳ᠋ ᠵᠡᠷᠭᠡ ᠴᠢᠮᠡᠭᠡ ᠵᠠᠩᠭᠢ ᠪᠠᠨ ᠰᠠᠶᠢᠳᠣᠷ ᠬᠢᠨᠠᠵᠤ ᠴᠢᠳᠠᠭ᠎ᠠ ᠦᠬᠡᠢ ᠠᠴᠠ ᠪᠤᠯᠵᠦ ᠬᠤᠬᠢᠷᠠᠭᠰᠠᠨ ᠦᠶ᠎ᠡ ᠳᠤ ᠺᠠᠷᠲ ᠲᠠᠷᠬᠠᠭᠠᠭᠰᠠᠨ ᠪᠠᠩᠬᠢ ᠺᠠᠷᠲ ᠤᠨ ᠡᠵᠡᠨ ᠢᠶᠠᠷ ᠵᠤᠬᠢᠬᠤ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠱᠠᠭᠠᠷᠳᠠᠭᠰᠠᠨ ᠪᠠᠶᠢᠪᠠᠯ ᠠᠷᠠᠳ ᠤᠨ ᠰᠢᠭᠦᠬᠦ ᠬᠤᠷᠢᠶ᠎ᠠ ᠳᠡᠮᠵᠢᠬᠦ ᠪᠤᠯᠤᠨ᠎ᠠ᠃      ᠺᠠᠷᠲ ᠤᠨ ᠡᠵᠡᠨ ᠴᠠᠭ ᠲᠤᠬᠠᠶ ᠳᠤᠨᠢ ᠭᠡᠭᠡᠭᠰᠡᠨ ᠢᠶᠠᠨ ᠮᠡᠳᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠬᠤᠬᠢᠷᠠᠯ ᠢ ᠪᠠᠭᠠᠰᠬᠠᠬᠤ ᠠᠷᠭ᠎ᠠ ᠬᠡᠮᠵᠢᠶ᠎ᠠ ᠠᠪᠤᠭᠰᠠᠨ ᠦᠭᠡᠢ ᠪᠠᠶᠢᠳᠠᠯ ᠳᠤ ᠺᠠᠷᠲ ᠲᠠᠷᠬᠠᠭᠠᠭᠰᠠᠨ ᠪᠠᠩᠬᠢ ᠠᠴᠠ ᠺᠠᠷᠲ ᠤᠨ ᠡᠵᠡᠨ ᠤ ᠬᠤᠬᠢᠷᠠᠯ ᠢᠶᠠᠨ ᠥᠪᠡᠰᠦᠪᠡᠨ ᠡᠭᠦᠷᠭᠡᠯᠡᠬᠦ ᠪᠠᠷ ᠱᠠᠭᠠᠷᠳᠠᠭᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠡᠮᠵᠢᠬᠦ ᠪᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1