ᠥᠪᠥᠷ ᠮᠣᠩᠭᠤᠯ ᠳᠤ 10 ᠲᠠᠰ ᠤᠨ ᠰᠢᠷᠦᠬᠦᠨ ᠰᠠᠯᠬᠢ ᠲᠠᠢ
ᠨᠡᠶᠢᠲᠡᠯᠡᠭᠰᠡᠨ ᠴᠠᠭ᠄
2021/5/27
     ᠴᠢᠩᠭ᠎ᠠ ᠬᠦᠢᠲᠡᠨ ᠤᠷᠤᠰᠬᠠᠯ ᠤᠨ ᠨᠥᠯᠥᠭᠡ ᠠᠴᠠ ᠪᠣᠯᠵᠣ᠂ 26 ᠤ ᠡᠳᠦᠷ ᠥᠪᠥᠷ ᠮᠣᠩᠭᠤᠯ ᠤᠨ ᠶᠡᠬᠡᠩᠬᠢ ᠭᠠᠵᠠᠷ ᠲᠤ ᠵᠤᠨ ᠤ ᠬᠠᠯᠠᠭᠤᠨ ᠮᠡᠳᠡᠭᠳᠡᠬᠦ ᠪᠠᠨ ᠪᠠᠶᠢᠵᠤ᠂ ᠠᠭᠠᠷ ᠤᠨ ᠳᠤᠯᠠᠭᠠᠨ ᠬᠠᠮᠤᠭ ᠤᠨ ᠥᠨᠳᠥᠷ ᠲᠡᠭᠡᠨ ᠳᠤᠮᠳᠠᠴᠢ ᠪᠠᠷ 20 ᠭᠷᠠᠳᠦ᠋ᠰ ᠤᠷᠴᠢᠮ ᠳᠤ ᠬᠦᠷᠴᠦ ᠪᠠᠶᠢᠨ᠎ᠠ᠃ ᠲᠤᠮᠳᠠ ᠵᠡᠬᠦᠨ ᠪᠡᠶ᠎ᠡ ᠶᠢᠨ ᠶᠡᠬᠡᠩᠬᠢ ᠭᠠᠵᠠᠷ ᠤᠷᠤᠨ ᠳᠤ ᠪᠤᠷᠤᠭ᠎ᠠ ᠤᠷᠤᠵᠦ᠂ ᠬᠦᠯᠦᠨ ᠪᠤᠶᠢᠷ ᠬᠤᠳᠠ ᠶᠢᠨ ᠬᠡᠰᠡᠭ ᠭᠠᠵᠠᠷ ᠲᠤ ᠪᠤᠷᠤᠭ᠎ᠠ ᠴᠠᠰᠣ ᠬᠤᠯᠢᠵᠦ ᠤᠷᠤᠬᠤ ᠪᠤᠯᠤᠨ᠎ᠠ᠃ ᠬᠠᠷᠢᠨ ᠲᠤᠮᠳᠠ ᠪᠠᠷᠠᠭᠤᠨ ᠪᠡᠶ᠎ᠡ ᠶᠢᠨ ᠣᠷᠣᠨ ᠳᠤ ᠰᠠᠯᠬᠢᠨ ᠤ ᠡᠷᠴᠢ ᠴᠢᠩᠭᠠᠷᠠᠵᠦ᠂ ᠬᠡᠰᠡᠭ ᠭᠠᠵᠠᠷ ᠲᠤ 10 ᠲᠡᠰ ᠲᠤ ᠬᠦᠷᠬᠦ ᠪᠤᠯᠬᠤᠷ ᠭᠠᠳᠠᠭᠰᠢ ᠭᠠᠷᠬᠤ ᠳᠠᠭᠠᠨ ᠣᠨᠴᠠ ᠠᠩᠬᠠᠷᠬᠤ ᠬᠡᠷᠡᠭᠲᠡᠢ᠃      25 ᠤ ᠡᠳᠦᠷ᠂ ᠪᠦᠬᠦ ᠤᠷᠤᠨ ᠤ ᠶᠡᠬᠡᠩᠬᠢ ᠭᠠᠵᠠᠷ ᠲᠤ ᠰᠠᠯᠬᠢᠯᠠᠵᠦ᠂ ᠤᠯᠠᠨ ᠭᠠᠵᠠᠷ ᠤᠷᠤᠨ ᠳᠤ ᠠᠯᠠᠭ ᠲᠠᠢ ᠪᠣᠷᠣᠭᠠᠯᠠᠵᠠᠢ᠃ ᠬᠢᠨᠠᠨ ᠬᠡᠮᠵᠢᠯᠲᠡ ᠶᠢ ᠦᠨᠳᠦᠰᠦᠯᠡᠪᠡᠯ᠂ ᠪᠦᠬᠦ ᠤᠷᠤᠨ ᠤ 11 ᠠᠶᠢᠮᠠᠭ ᠬᠤᠳᠠ ᠶᠢᠨ 57 ᠬᠤᠰᠢᠭᠤ ᠰᠢᠶᠠᠨ ᠤ 562 ᠭᠠᠵᠠᠷ ᠲᠤ ᠪᠠᠭ᠎ᠠ ᠪᠤᠷᠤᠭ᠎ᠠ ᠤᠷᠤᠵᠠᠢ᠃      26 ᠤ ᠡᠳᠦᠷ᠂ ᠪᠠᠶᠠᠨᠨᠠᠭᠤᠷ ᠤᠨ ᠵᠡᠬᠦᠨ ᠪᠡᠶ᠎ᠡ᠂ ᠤᠷᠳᠣᠰ ᠤᠨ ᠵᠡᠬᠦᠨ ᠬᠤᠶᠢᠳᠣ ᠪᠡᠶ᠎ᠡ᠂ ᠪᠤᠭᠤᠳᠣ ᠶᠢᠨ ᠶᠡᠬᠡᠩᠬᠢ ᠭᠠᠵᠠᠷ᠂ ᠬᠦᠬᠡᠬᠤᠳᠠ᠂ ᠤᠯᠠᠭᠠᠨᠴᠠᠪ ᠤᠨ ᠶᠡᠬᠡᠩᠬᠢ ᠭᠠᠵᠠᠷ᠂ ᠰᠢᠯᠢ ᠶᠢᠨ ᠭᠤᠤᠯ ᠤᠨ ᠪᠠᠷᠠᠭᠤᠨ ᠪᠠ ᠡᠮᠦᠨ᠎ᠡ ᠪᠡᠶ᠎ᠡ᠂ ᠤᠯᠠᠭᠠᠨᠬᠠᠳᠠ ᠶᠢᠨ ᠡᠮᠦᠨ᠎ᠡ ᠪᠡᠶ᠎ᠡ᠂ ᠬᠦᠯᠦᠨ ᠪᠤᠶᠢᠷ ᠤᠨ ᠶᠡᠬᠡᠩᠬᠢ ᠭᠠᠵᠠᠷ ᠲᠤ ᠪᠠᠭ᠎ᠠ ᠪᠤᠷᠤᠭ᠎ᠠ ᠪᠤᠶᠤ ᠵᠢᠷᠪᠢᠰᠬᠢᠨ ᠪᠠᠭ᠎ᠠ ᠪᠤᠷᠤᠭ᠎ᠠ ᠤᠷᠤᠵᠦ᠂ ᠬᠦᠯᠦᠨ ᠪᠤᠶᠢᠷ ᠤᠨ ᠬᠡᠰᠡᠭ ᠭᠠᠵᠠᠷ ᠲᠤ ᠪᠤᠷᠤᠭ᠎ᠠ ᠴᠠᠰᠣ ᠬᠤᠯᠢᠵᠦ ᠤᠷᠤᠨ᠎ᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠠᠭ ᠠᠭᠠᠷ ᠤᠨ ᠰᠢᠨᠵᠢᠯᠡᠭᠡᠨ ᠤ ᠲᠤᠪᠴᠢᠶ᠎ᠠ ᠥᠨᠥᠳᠥᠷ ᠤᠨ ᠦᠳᠡ ᠶᠢᠨ ᠡᠮᠦᠨᠡᠬᠢ 9 ᠴᠠᠭ ᠬᠠᠭᠠᠰ ᠲᠤ ᠶᠡᠭᠡ ᠰᠠᠯᠬᠢ ᠰᠠᠯᠬᠢᠯᠠᠬᠤ ᠬᠦᠬᠡ ᠦᠩᠬᠡ ᠶᠢᠨ ᠰᠡᠷᠡᠮᠵᠢ ᠶᠢ ᠦᠷᠬᠦᠯᠵᠢᠯᠡᠨ ᠨᠡᠶᠢᠳᠡᠯᠡᠵᠦ᠂ ᠲᠤᠮᠳᠠ ᠪᠠᠷᠠᠭᠤᠨ ᠪᠡᠶ᠎ᠡ ᠶᠢᠨ ᠣᠯᠠᠩᠬᠢ ᠭᠠᠵᠠᠷ ᠲᠤ ᠲᠦᠷᠪᠡ ᠲᠠᠪᠤᠨ ᠲᠡᠰ ᠤᠨ ᠰᠠᠯᠬᠢ ᠰᠠᠯᠬᠢᠯᠠᠵᠤ᠂ ᠪᠠᠷᠠᠭᠤᠨ ᠪᠡᠶ᠎ᠡ ᠶᠢᠨ ᠤᠷᠤᠨ ᠢᠶᠠᠷ ᠬᠡᠰᠡᠭ ᠲᠡᠭᠡᠨ ᠵᠢᠷᠭᠤᠭ᠎ᠠ ᠲᠤᠯᠤᠭᠠᠨ ᠲᠡᠰ ᠤᠨ ᠰᠠᠯᠬᠢ ᠰᠠᠯᠬᠢᠯᠠᠨ᠂ ᠵᠠᠷᠢᠮ ᠭᠠᠵᠠᠷ ᠲᠤ ᠬᠠᠶᠠ ᠳᠠᠭᠠᠨ 10 ᠳᠡᠰ ᠲᠤ ᠬᠦᠷᠬᠦ ᠶᠢᠨ ᠬᠠᠮᠳᠣ ᠡᠯᠡᠰᠦᠨ ᠰᠢᠭᠤᠷᠭ᠎ᠠ ᠲᠡᠭᠳᠡᠨ᠎ᠠ ᠭᠡᠵᠦ ᠰᠡᠷᠡᠮᠵᠢᠯᠡᠭᠦᠯᠵᠡᠢ᠃      28 ᠤ ᠡᠳᠦᠷ ᠠᠴᠠ ᠡᠬᠢᠯᠡᠵᠦ᠂ ᠪᠦᠬᠦ ᠤᠷᠤᠨ ᠤ ᠣᠯᠠᠩᠬᠢ ᠭᠠᠵᠠᠷ ᠤᠨ ᠠᠭᠠᠷ ᠤᠨ ᠲᠤᠯᠠᠭᠠᠨ ᠲᠤᠮᠳᠠᠴᠢ ᠪᠠᠷ 25 ᠭᠷᠠᠳᠦ᠋ᠰ ᠠᠴᠠ ᠦᠨᠳᠦᠷ ᠪᠤᠯᠵᠦ᠂ ᠬᠠᠮᠤᠭ ᠤᠨ ᠥᠨᠳᠥᠷ ᠲᠡᠭᠡᠨ 30 ᠭᠷᠠᠳᠦ᠋ᠰ ᠢ ᠲᠠᠪᠠᠨ᠎ᠠ᠃ ᠡᠶᠢᠮᠦ ᠪᠣᠯᠬᠤᠷ᠂ ᠬᠤᠪᠢᠷᠠᠯᠳᠠ ᠶᠡᠬᠡᠳᠠᠢ ᠴᠠᠭ ᠠᠭᠠᠷ ᠤᠨ ᠪᠠᠶᠢᠳᠠᠯ ᠢ ᠦᠨᠳᠦᠰᠦᠯᠡᠵᠦ᠂ ᠬᠤᠪᠴᠠᠰᠣ ᠬᠤᠨᠠᠷ ᠢᠶᠠᠨ ᠵᠤᠬᠢᠴᠠᠭᠤᠯᠤᠨ᠂ ᠬᠢᠮᠤᠷᠠᠭ᠎ᠠ ᠲᠠᠭᠰᠢᠭᠤᠷ ᠲᠤ ᠨᠡᠷᠪᠡᠭᠳᠡᠬᠦ ᠠᠴᠠ ᠰᠡᠷᠭᠡᠶᠢᠯᠡᠭᠡᠷᠡᠢ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1