1 ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/1/10
     1 ᠰᠠᠷ᠎ᠠ ᠶᠢᠨ 8 ᠤ ᠡᠳᠦᠷ ᠤᠨ 0--- 24 ᠴᠠᠭ ᠲᠤ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠮᠡᠳᠡᠭᠦᠯᠦᠯᠲᠡ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ 165 ᠨᠡᠮᠡᠭᠳᠡᠵᠡᠶ᠃ ᠡᠭᠦᠨ ᠳᠤ ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠡᠪᠡᠳᠴᠢᠨ ᠤ ᠵᠢᠱᠢᠶ᠎ᠡ 73 ︵ᠱᠠᠩᠬᠠᠶ ᠳᠤ 30᠂ ᠹᠦᠵᠢᠶᠠᠨ ᠳᠤ 9᠂ ᠭᠤᠸᠠᠩᠳᠦ᠋ᠩ ᠳᠤ 8᠂ ᠰᠧᠴᠤᠸᠠᠨ ᠳᠤ 8᠂ ᠵᠧᠵᠢᠶᠠᠩ ᠳᠤ 7᠂ ᠾᠧᠨᠠᠨ ᠳᠤ 3᠂ ᠭᠤᠸᠠᠩᠰᠢ ᠳᠤ 3᠂ ᠪᠡᠭᠡᠵᠢᠩ ᠳᠤ 1᠂ ᠲᠢᠶᠠᠨᠵᠢᠨ ᠳᠤ 1᠂ ᠯᠢᠶᠣᠤᠨᠢᠩ ᠳᠤ 1᠂ ᠱᠠᠨᠳᠦ᠋ᠩ ᠳᠤ 1᠂ ᠶᠦᠨᠨᠠᠨ ᠳᠤ 1︶ ᠪᠠᠶᠢᠵᠤ᠂ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠳᠠᠭᠰᠠᠨ ᠠᠴᠠ ᠣᠨᠣᠰᠢᠯᠠᠭᠰᠠᠨ ᠡᠪᠡᠳᠴᠢᠨ ᠤ ᠵᠢᠱᠢᠶ᠎ᠡ 12 ᠪᠣᠶ ︵ᠵᠧᠵᠢᠶᠠᠩ ᠳᠤ 5᠂ ᠾᠧᠨᠠᠨ ᠳᠤ 3᠂ ᠰᠧᠴᠤᠸᠠᠨ ᠳᠤ 2᠂ ᠯᠢᠶᠣᠤᠨᠢᠩ ᠳᠤ 1᠂ ᠭᠤᠸᠠᠩᠳᠦ᠋ᠩ ᠳᠤ 1︶︔ ᠲᠣᠰ ᠭᠠᠵᠠᠷ ᠤᠨ ᠡᠪᠡᠳᠴᠢᠨ ᠤ ᠵᠢᠱᠢᠶ᠎ᠡ 92 ︵ᠾᠧᠨᠠᠨ ᠳᠤ 56 ᠪᠣᠶ᠂ ᠡᠭᠦᠨ ᠳᠤ ᠰᠢᠤᠢ ᠴᠠᠩ ᠬᠤᠲᠠ ᠳᠤ 39 ᠪᠣᠶ᠂ ᠵᠧᠩᠵᠧᠤ ᠬᠤᠲᠠ ᠳᠤ 11 ᠪᠣᠶ᠂ ᠯᠦᠤᠤᠶᠠᠩ ᠬᠤᠲᠠ ᠳᠤ 2 ᠪᠣᠶ᠂ ᠠᠨᠶᠠᠩ ᠬᠤᠲᠠ ᠳᠤ 2 ᠪᠣᠶ᠂ ᠱᠠᠩᠴᠢᠦ ᠬᠤᠲᠠ ᠳᠤ 1 ᠪᠣᠶ᠂ ᠬᠤᠸᠠ ᠰᠢᠶᠠᠨ ᠳᠤ 1 ᠪᠣᠶ︔ ᠱᠠᠨᠰᠢ ᠳᠤ 30 ᠪᠣᠶ᠂ ᠴᠥᠮ ᠰᠢ ᠠᠨ ᠬᠤᠲᠠ ᠳᠤ ᠪᠣᠶ︔ ᠲᠢᠶᠠᠨᠵᠢᠨ ᠳᠤ 3 ᠪᠣᠶ᠂ ᠡᠭᠦᠨ ᠳᠤ ᠵᠢᠨᠨᠠᠨ ᠲᠣᠭᠤᠷᠢᠭ ᠲᠤ 2 ᠪᠣᠶ᠂ ᠨᠠᠨᠺᠠᠢ ᠲᠣᠭᠤᠷᠢᠭ ᠲᠤ 1 ᠪᠣᠶ︔ ᠵᠧᠵᠢᠶᠠᠩ ᠳᠤ 2 ᠪᠣᠶ᠂ ᠴᠥᠮ ᠨᠢᠩᠪᠦ᠋ᠸᠧ ᠬᠤᠲᠠ ᠳᠤ ᠪᠣᠶ︔ ᠭᠤᠸᠠᠩᠳᠦ᠋ᠩ ᠳᠤ 1 ᠪᠣᠶ᠂ ᠱᠧᠨᠵᠧᠨ ᠬᠤᠲᠠ ᠳᠤ ᠪᠣᠶ︶᠂ ᠡᠪᠡᠳᠴᠢᠨ ᠤ ᠢᠯᠡᠷᠡᠯ ᠥᠬᠡᠶ ᠪᠠᠷ ᠣᠨᠣᠰᠢᠯᠠᠭᠰᠠᠨ ᠡᠪᠡᠳᠴᠢᠨ ᠤ ᠵᠢᠱᠢᠶ᠎ᠡ 3 ᠪᠣᠶ ︵ᠴᠥᠮ ᠾᠧᠨᠠᠨ ᠳᠤ ᠪᠣᠶ︶᠃ ᠰᠢᠨ᠎ᠡ ᠪᠠᠷ ᠨᠡᠮᠡᠭᠳᠡᠭᠰᠡᠨ ᠥᠭᠦᠭᠰᠡᠨ ᠡᠪᠡᠳᠴᠢᠨ ᠤ ᠵᠢᠱᠢᠶ᠎ᠡ ᠪᠠᠶᠢᠬᠤ ᠥᠬᠡᠶ᠃ ᠰᠢᠨ᠎ᠡ ᠪᠠᠷ ᠨᠡᠮᠡᠭᠳᠡᠭᠰᠡᠨ ᠰᠡᠵᠢᠭᠯᠡᠯᠲᠡᠶ ᠡᠪᠡᠳᠴᠢᠨ ᠤ ᠵᠢᠱᠢᠶ᠎ᠡ 2 ᠪᠠᠶᠢᠵᠤ᠂ ᠴᠥᠮ ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠡᠪᠡᠳᠴᠢᠨ ᠤ ᠵᠢᠱᠢᠶ᠎ᠡ ︵ᠴᠥᠮ ᠱᠠᠩᠬᠠᠶ ᠳᠤ ᠪᠣᠶ︶ ᠪᠣᠯᠤᠨ᠎ᠠ᠃      ᠲᠤᠬᠠᠶ ᠶᠢᠨ ᠡᠳᠦᠷ ᠲᠤ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠶᠢ 140 ᠰᠢᠨ᠎ᠡ ᠪᠠᠷ ᠨᠡᠮᠡᠵᠦ᠂ ᠠᠨᠠᠭᠠᠬᠤ ᠤᠬᠠᠭᠠᠨ ᠤ ᠠᠵᠢᠭᠯᠠᠯᠲᠠ ᠶᠢ ᠬᠦᠴᠦᠨ ᠥᠬᠡᠶ ᠪᠣᠯᠭᠠᠭᠰᠠᠨ ᠬᠥᠮᠦᠨ 2214 ᠪᠠᠶᠢᠵᠤ᠂ ᠬᠦᠨᠳᠦ ᠡᠪᠡᠳᠴᠢᠨ ᠤ ᠵᠢᠱᠢᠶ᠎ᠡ ᠨᠢ ᠲᠦᠷᠦᠭᠦᠤ ᠡᠳᠦᠷ ᠤᠨ ᠬᠢ ᠠᠴᠠ 1 ᠬᠠᠰᠤᠭᠳᠠᠵᠠᠶ᠃      ᠬᠢᠯᠢ ᠶᠢᠨ ᠭᠠᠳᠠᠨ᠎ᠠ ᠣᠲᠣ 1048 ᠣᠨᠣᠰᠢᠯᠠᠭᠰᠠᠨ ᠡᠪᠡᠳᠴᠢᠨ ᠤ ᠵᠢᠱᠢᠶ᠎ᠡ ︵ᠡᠭᠦᠨ ᠳᠤ 3 ᠬᠦᠨᠳᠦ ᠡᠪᠡᠳᠴᠢᠨ ᠤ ᠵᠢᠱᠢᠶ᠎ᠡ ᠪᠣᠶ︶ ᠣᠷᠣᠭᠤᠯᠵᠤ᠂ ᠣᠲᠣ 2 ᠰᠡᠵᠢᠭᠯᠡᠯᠲᠡᠶ ᠡᠪᠡᠳᠴᠢᠨ ᠤ ᠵᠢᠱᠢᠶ᠎ᠡ ᠪᠣᠶ᠃ ᠨᠡᠶᠢᠲᠡ 11628 ᠡᠪᠡᠳᠴᠢᠨ ᠤ ᠵᠢᠱᠢᠶ᠎ᠡ ᠶᠢ ᠣᠨᠣᠰᠢᠯᠠᠵᠤ᠂ ᠨᠡᠶᠢᠲᠡ 10580 ᠡᠪᠡᠳᠴᠢᠨ ᠤ ᠵᠢᠱᠢᠶ᠎ᠡ ᠶᠢ ᠵᠠᠰᠠᠵᠤ ᠡᠳᠡᠭᠡᠷᠡᠭᠦᠯᠦᠭᠡᠳ ᠡᠮᠨᠡᠯᠭᠡ ᠠᠴᠠ ᠭᠠᠷᠴᠤ᠂ ᠥᠭᠦᠭᠰᠡᠨ ᠡᠪᠡᠳᠴᠢᠨ ᠤ ᠵᠢᠱᠢᠶ᠎ᠡ ᠪᠠᠶᠢᠬᠤ ᠥᠬᠡᠶ᠃      1 ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ ᠦᠶ᠋ᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠮᠡᠳᠡᠭᠦᠯᠦᠯᠲᠡ ᠶᠢ ᠦᠨᠳᠦᠰᠦᠯᠡᠪᠡᠯ᠂ ᠣᠲᠣ ᠣᠨᠣᠰᠢᠯᠠᠭᠰᠠᠨ ᠡᠪᠡᠳᠴᠢᠨ ᠤ ᠵᠢᠱᠢᠶ᠎ᠡ 3392 ︵ᠡᠭᠦᠨ ᠳᠤ ᠬᠦᠨᠳᠦ ᠡᠪᠡᠳᠴᠢᠨ ᠤ ᠵᠢᠱᠢᠶ᠎ᠡ 26 ᠪᠣᠶ︶ ᠪᠠᠶᠢᠵᠤ᠂ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠨᠡᠶᠢᠲᠡ 95591 ᠪᠠᠶᠢᠵᠤ᠂ ᠥᠭᠦᠭᠰᠡᠨ ᠡᠪᠡᠳᠴᠢᠨ ᠤ ᠵᠢᠱᠢᠶ᠎ᠡ ᠨᠡᠶᠢᠲᠡ 4636 ᠪᠠᠶᠢᠵᠤ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠨᠡᠶᠢᠲᠡ 103619 ᠪᠠᠶᠢᠵᠤ᠂ ᠰᠡᠵᠢᠭᠲᠡᠶ ᠡᠪᠡᠳᠴᠢᠨ ᠤ ᠵᠢᠱᠢᠶ᠎ᠡ 2 ᠪᠠᠶᠢᠨ᠎ᠠ᠃ ᠨᠢᠭᠲᠠ ᠣᠶᠢᠷᠠᠲᠤᠭᠰᠠᠳ ᠨᠡᠶᠢᠲᠡ 1450893 ᠬᠥᠮᠦᠨ᠂ ᠠᠨᠠᠭᠠᠬᠤ ᠤᠬᠠᠭᠠᠨ ᠤ ᠠᠵᠢᠭᠯᠠᠯᠲᠠ ᠳᠤ ᠨᠢᠭᠲᠠ ᠣᠶᠢᠷᠠᠲᠤᠭᠰᠠᠳ 41016 ᠬᠥᠮᠦᠨ ᠪᠠᠶᠢᠨ᠎ᠠ᠃      31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ ᠦᠶ᠋ᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠮᠡᠳᠡᠭᠦᠯᠦᠯᠲᠡ ᠳᠤ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠢ 46 ᠰᠢᠨ᠎ᠡ ᠪᠠᠷ ᠨᠡᠮᠡᠪᠡ ︵ᠴᠥᠮ ᠬᠢᠯᠢ ᠶᠢᠨ ᠭᠠᠳᠠᠨ᠎ᠠ ᠠᠴᠠ ᠣᠷᠣᠭᠤᠯᠵᠤ ᠪᠣᠶ︶︔ ᠲᠤᠬᠠᠶ ᠶᠢᠨ ᠡᠳᠦᠷ ᠲᠤ ᠣᠨᠣᠰᠢᠯᠠᠭᠰᠠᠨ ᠡᠪᠡᠳᠴᠢᠨ ᠤ ᠵᠢᠱᠢᠶ᠎ᠡ 15 ︵ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠡᠪᠡᠳᠴᠢᠨ ᠤ ᠵᠢᠱᠢᠶ᠎ᠡ 12︶ ᠪᠣᠯᠵᠣ ᠬᠤᠪᠢᠷᠠᠪᠠ︔ ᠲᠤᠬᠠᠶ ᠶᠢᠨ ᠡᠳᠦᠷ ᠲᠤ ᠠᠨᠠᠭᠠᠬᠤ ᠤᠬᠠᠭᠠᠨ ᠤ ᠠᠵᠢᠭᠯᠠᠯᠲᠠ ᠶᠢ ᠬᠦᠴᠦᠨ ᠥᠬᠡᠶ ᠪᠣᠯᠭᠠᠭᠰᠠᠨ 17 ᠵᠢᠱᠢᠶ᠎ᠡ ︵ᠴᠥᠮ ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ︶︔ ᠡᠮᠨᠡᠯᠭᠡ ᠶᠢᠨ ᠤᠬᠠᠭᠠᠨ ᠤ ᠠᠵᠢᠭᠯᠠᠯᠲᠠ ᠳᠤ ᠪᠠᠶᠢᠭ᠎ᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 675 ︵ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠨᠢ 645︶ ᠪᠠᠶᠢᠨ᠎ᠠ᠃      ᠰᠢᠶᠠᠩᠭᠠᠩ ᠣᠣᠮᠧᠨ ᠲᠠᠶᠢᠸᠠᠨ ᠣᠷᠣᠨ ᠤ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 30151 ᠬᠦᠯᠢᠶᠡᠨ ᠠᠪᠴᠠᠶ᠃ ᠡᠭᠦᠨ ᠤ ᠳᠣᠲᠣᠷ᠎ᠠ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ 12770 ᠵᠢᠱᠢᠶ᠎ᠡ ︵ᠡᠮᠨᠡᠯᠭᠡ ᠠᠴᠠ ᠭᠠᠷᠤᠭᠰᠠᠨ ᠨᠢ 12243 ᠵᠢᠱᠢᠶ᠎ᠡ ᠪᠠᠶᠢᠵᠤ᠂ 213 ᠵᠢᠱᠢᠶ᠎ᠡ ᠦᠭᠦᠪᠡ︶᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ 79 ᠵᠢᠱᠢᠶ᠎ᠡ ︵ᠡᠮᠨᠡᠯᠭᠡ ᠠᠴᠠ ᠭᠠᠷᠤᠭᠰᠠᠨ ᠨᠢ 77 ᠵᠢᠱᠢᠶ᠎ᠡ ᠪᠤᠢ︶᠂ ᠲᠠᠶᠢᠸᠠᠨ ᠣᠷᠣᠨ ᠤ 17302 ᠵᠢᠱᠢᠶ᠎ᠡ ︵ᠡᠮᠨᠡᠯᠭᠡ ᠠᠴᠠ ᠭᠠᠷᠤᠭᠰᠠᠨ ᠨᠢ 13742 ᠵᠢᠱᠢᠶ᠎ᠡ ᠪᠠᠶᠢᠵᠤ᠂ 850 ᠵᠢᠱᠢᠶ᠎ᠡ ᠦᠭᠦᠪᠡ︶᠃        
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠦᠯᠵᠢᠶᠡᠨ ᠤ ᠥᠷᠲᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1