ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠠᠰᠠᠭᠤᠳᠠᠯ ᠢ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠴᠢᠩᠭ᠎ᠠ ᠰᠢᠳᠬᠡᠨ᠎ᠡ | ᠬᠥᠯᠥᠰᠥᠨ ᠠᠵᠢᠯᠴᠢᠨ ᠤ ᠴᠠᠭ ᠲᠤᠬᠠᠶ ᠳᠤᠨᠢ ᠲᠤᠭ᠎ᠠ ᠶᠣᠰᠣᠭᠠᠷ ᠴᠠᠯᠢᠩ ᠤᠯᠬᠤ ᠶᠢ ᠪᠠᠲᠤᠯᠠᠬᠤ ᠬᠡᠷᠡᠭᠲᠡᠶ | ᠴᠠᠭᠠᠨ ᠰᠠᠷ᠎ᠠ ᠣᠶᠢᠷᠠᠳᠬᠤ ᠳᠤ ᠬᠥᠯᠥᠰᠥᠨ ᠠᠵᠢᠯᠴᠢᠳ ᠤᠨ ᠴᠠᠯᠢᠩ ᠢ ᠴᠠᠭ ᠲᠤᠬᠠᠶ ᠳᠤᠨᠢ ᠲᠤᠭ᠎ᠠ | ᠶᠣᠰᠣᠭᠠᠷ ᠣᠯᠵᠤ ᠠᠪᠬᠤ ᠶᠢ ᠪᠠᠲᠤᠯᠠᠬᠤ ᠨᠢ ᠨᠡᠶᠢᠭᠡᠮ ᠤᠨ ᠠᠩᠬᠠᠷᠤᠯ ᠢ ᠲᠠᠲᠠᠵᠤ ᠪᠠᠶᠢᠨ᠎ᠠ᠃ ᠣᠶᠢᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︽ᠴᠠᠯᠢᠩ ᠥᠷᠢᠲᠦᠬᠦ ᠶᠢ ᠦᠨᠳᠦᠰᠦᠨ ᠠᠴᠠ ᠨᠢ | ᠵᠠᠰᠠᠬᠤ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ 2021 ᠣᠨ ᠤ 11 ᠰᠠᠷ᠎ᠠ ᠶᠢᠨ 1 ᠤ ᠡᠳᠦᠷ ᠠᠴᠠ 2022 ᠣᠨ ᠤ ᠴᠠᠭᠠᠨ ᠰᠠᠷ᠎ᠠ ᠪᠣᠯᠲᠠᠯ᠎ᠠ᠂ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠪᠠ ᠪᠤᠰᠤᠳ ᠴᠠᠯᠢᠩ ᠥᠷᠢᠲᠦᠬᠦ ᠠᠮᠠᠷᠬᠠᠨ ᠡᠭᠦᠰᠬᠦ | ᠣᠯᠠᠨ ᠡᠭᠦᠰᠬᠦ ᠠᠵᠢᠯ ᠲᠥᠷᠥᠯ ᠤᠨ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠨ᠂ ᠪᠥᠬᠦ ᠤᠯᠤᠰ ᠤᠨ | ᠬᠡᠪᠴᠢᠶᠡᠨ ᠳᠤ ᠴᠠᠯᠢᠩ ᠥᠷᠢᠲᠦᠬᠦ ᠠᠰᠠᠭᠤᠳᠠᠯ ᠳᠤ ᠲᠥᠪᠯᠡᠷᠡᠩᠭᠦᠶ ᠲᠤᠰᠬᠠᠶ ᠵᠠᠰᠠᠯᠲᠠ ᠬᠢᠬᠦ ᠪᠠᠷ ᠲᠣᠭᠲᠠᠪᠠ᠃ | ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠡᠷᠬᠢᠨ ᠦᠨᠡᠨ ᠬᠦ ᠬᠤᠯᠪᠣᠭᠳᠠᠯ ᠪᠥᠬᠦᠶ | ᠪᠠᠲᠤᠯᠠᠭ᠎ᠠ ᠶᠢᠨ ᠲᠦᠷᠢᠮ ᠢ ᠬᠡᠷᠬᠢᠨ ᠨᠠᠶᠢᠳᠠᠪᠤᠷᠢᠵᠢᠭᠤᠯᠬᠤ ᠪᠣᠶ︖ ᠴᠠᠯᠢᠩ ᠥᠷᠢᠲᠦᠬᠦ ᠶᠢ ᠦᠨᠳᠦᠰᠦᠨ ᠠᠴᠠ ᠨᠢ | ᠵᠠᠰᠠᠬᠤ ᠲᠠᠯ᠎ᠠ ᠪᠠᠷ ᠶᠠᠮᠠᠷ ᠰᠢᠨ᠎ᠡ ᠶᠢ ᠡᠭᠦᠳᠬᠦ ᠰᠦᠪᠡᠭᠴᠢᠯᠡᠯ ᠪᠠᠶᠢᠬᠤ ᠪᠤᠢ︖ ᠠᠷᠠᠳ ᠤᠨ ᠡᠳᠦᠷ ᠤᠨ ᠰᠣᠨᠢᠨ ᠤ | ᠰᠤᠷᠪᠤᠯᠵᠢᠯᠠᠭᠴᠢ ᠣᠯᠠᠨ ᠭᠠᠵᠠᠷ ᠲᠤ ᠰᠤᠷᠪᠤᠯᠵᠢᠯᠠᠭ᠎ᠠ ᠬᠢᠵᠡᠶ᠃ | ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠤᠩᠰᠢᠭᠴᠢᠳ᠂ ᠰᠦᠯᠵᠢᠶᠡᠨ ᠤ ᠨᠠᠶᠢᠵᠠ ᠨᠠᠷ ᠲᠤᠰᠬᠠᠭᠰᠠᠨ | ᠪᠣᠯᠬᠤᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠶ ᠪᠠᠷ ᠬᠠᠷᠢᠭᠤᠯᠲᠠ ᠥᠭᠴᠦ ᠰᠢᠶ᠋ᠳᠪᠦᠷᠢᠯᠡᠵᠦ | ᠪᠠᠶᠢᠨ᠎ᠠ | ᠲᠦᠷᠦᠭᠦᠬᠡᠨ᠂ ᠤᠩᠰᠢᠭᠴᠢᠳ ᠤᠨ ᠢᠷᠡᠭᠦᠯᠦᠭᠰᠡᠨ ᠵᠠᠬᠢᠳᠠᠯ ᠤᠨ ᠬᠡᠪᠯᠡᠯ ᠪᠠ ᠠᠷᠠᠳ ᠤᠨ ᠰᠦᠯᠵᠢᠶ᠎ᠡ ᠶᠢᠨ ︽ | ᠤᠳᠤᠷᠢᠳᠤᠯᠭ᠎ᠠ ᠶᠢᠨ ᠦᠭᠡ ᠦᠯᠡᠳᠡᠭᠡᠬᠦ ᠰᠠᠮᠪᠠᠷ᠎ᠠ︾ ᠬᠠᠮᠲᠤᠷᠠᠨ ︽ᠬᠥᠯᠥᠰᠥᠨ ᠠᠵᠢᠯᠴᠢᠨ ᠳᠤ ︿ᠴᠠᠯᠢᠩ﹀ | ᠣᠯᠭᠤᠬᠤ︾ ᠰᠦᠪᠡᠭᠴᠢ ᠶᠢ ᠡᠯᠰᠡᠬᠦ ᠠᠵᠢᠯᠯᠠᠭ᠎ᠠ ᠥᠷᠨᠢᠭᠦᠯᠵᠦ᠂ ᠨᠡᠶᠢᠭᠡᠮ ᠨᠡᠶᠢᠲᠡ ᠶᠢᠨ ᠬᠠᠯᠠᠭᠤᠨ ᠬᠦᠷᠢᠶᠡᠯᠡᠯ ᠢ | ᠣᠯᠤᠭᠰᠠᠨ ᠪᠠᠶᠢᠨ᠎ᠠ᠃ | ︽ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠪᠢᠳᠡ ᠨᠢᠭᠡᠨᠲᠡ | 25 ᠲᠦᠮᠡᠨ ᠲᠥᠭᠦᠷᠢᠭ ᠤᠨ ᠬᠡᠰᠡᠭ ᠴᠠᠯᠢᠩ ᠬᠤᠷᠢᠶᠠᠨ ᠣᠯᠵᠠᠶ︾ ︽ᠦᠭᠡ ᠦᠯᠡᠳᠡᠭᠡᠭᠡᠳ 5 ᠡᠳᠦᠷ ᠪᠣᠯᠤᠭ᠎ᠠ | ᠥᠬᠡᠶ᠂ 5 ᠲᠦᠮᠡ ᠭᠠᠷᠤᠶ ᠲᠥᠭᠦᠷᠢᠭ ᠤᠨ ᠴᠠᠯᠢᠩ ᠥᠭᠭᠦᠯ᠎ᠡ︾ ᠁ ᠁ ᠣᠶᠢᠷ᠎ᠠ ᠶᠢᠨ ᠡᠳᠦᠷ ᠤᠳ ᠲᠤ᠂ | ᠤᠩᠰᠢᠭᠴᠢᠳ ᠪᠠ ᠰᠦᠯᠵᠢᠶᠡᠨ ᠤ ᠠᠨᠳᠠ ᠨᠠᠷ ᠰᠦᠪᠡᠭᠴᠢ ᠴᠤᠭᠯᠠᠭᠤᠯᠬᠤ ᠠᠵᠢᠯᠯᠠᠭ᠎ᠠ ᠳᠤ ᠢᠳᠡᠪᠬᠢᠲᠡᠶ | ᠣᠷᠣᠯᠴᠠᠵᠤ᠂ ᠴᠠᠯᠢᠩ ᠥᠷᠢᠲᠦᠭᠰᠡᠨ ᠪᠠᠶᠢᠳᠠᠯ ᠢ ᠲᠤᠰᠬᠠᠵᠤ᠂ ᠬᠤᠯᠪᠣᠭᠳᠠᠯ ᠪᠥᠬᠦᠶ ᠣᠷᠣᠨ ᠨᠤᠲᠤᠭ ᠤᠨ ᠰᠠᠯᠠᠭ᠎ᠠ | ᠮᠥᠴᠢᠷ ᠪᠠ ᠨᠢᠭᠡᠴᠡ ᠶᠢᠨ ᠬᠢᠨ ᠢᠳᠡᠪᠬᠢᠲᠡᠶ ᠪᠠᠷ ᠬᠠᠷᠢᠭᠤ ᠥᠭᠴᠦ ᠰᠢᠶ᠋ᠳᠪᠦᠷᠢᠯᠡᠭᠰᠡᠨ ᠪᠥᠭᠡᠳ ᠡᠭᠦᠨ ᠤ | ᠳᠣᠲᠣᠷᠠᠬᠢ ᠵᠠᠷᠢᠮ ᠠᠰᠠᠭᠤᠳᠠᠯ ᠢ ᠨᠢ ᠨᠢᠭᠡᠨᠲᠡ ᠲᠣᠬᠢᠲᠠᠶ ᠰᠢᠶ᠋ᠳᠪᠦᠷᠢᠯᠡᠭᠰᠡᠨ ᠪᠠᠶᠢᠨ᠎ᠠ᠃ | ︽ᠬᠤᠶᠠᠷ ᠵᠢᠯ ᠭᠠᠷᠤᠢ ᠶᠢᠨ ᠡᠮᠦᠨ᠎ᠡ᠂ ᠮᠢᠨᠦ ᠠᠪᠤ ᠡᠵᠢ ᠹᠦᠵᠢᠶᠠᠨ ᠮᠤᠵᠢ ᠶᠢᠨ ᠰᠢᠶᠠᠮᠧᠨ ᠬᠤᠳᠠ ᠶᠢᠨ | ᠬᠠᠢᠼᠠᠩ ᠲᠣᠭᠤᠷᠢᠭ ᠤᠨ ᠰᠦᠩ ᠢᠦᠢ ᠭᠠᠷᠠᠮ ᠤᠨ ᠨᠢᠭᠡᠨ ᠪᠠᠭᠤᠳᠠᠯ ᠳᠤ ᠵᠠᠰᠠᠯ ᠴᠢᠮᠡᠭᠯᠡᠯ ᠤᠨ ᠠᠵᠢᠯ ᠬᠢᠵᠦ | ᠪᠠᠶᠢᠭᠰᠠᠨ ᠠᠴᠠ 5 ᠲᠦᠮᠡ ᠭᠠᠷᠤᠢ ᠲᠥᠭᠦᠷᠢᠭ ᠤᠨ ᠴᠠᠯᠢᠩ ᠥᠷᠢᠲᠦᠵᠦ ᠪᠠᠶᠢᠪᠠ︾᠃ ᠰᠧᠴᠤᠸᠠᠨ ᠮᠤᠵᠢ ᠠᠴᠠ | ᠢᠷᠡᠭᠰᠡᠨ ᠯᠢᠦ ᠣᠪᠣᠭᠲᠤ ᠰᠤᠷᠤᠭᠴᠢ ᠡᠯᠰᠡᠬᠦ ᠠᠵᠢᠯᠯᠠᠭ᠎ᠠ ᠪᠠᠷ ᠳᠠᠮᠵᠢᠭᠤᠯᠤᠨ᠄ ︽ᠣᠳᠣᠬᠠᠨ ᠳᠤ ᠠᠪᠤ ᠨᠢ | ᠡᠪᠡᠳᠴᠢᠯᠡᠪᠡᠯ ᠵᠣᠭᠤᠰ ᠪᠠᠴᠢᠮ ᠬᠡᠷᠡᠭᠰᠡᠬᠦ ᠴᠢᠬᠤᠯᠠᠲᠠᠶ ᠪᠠᠶᠢᠨ᠎ᠠ᠂ ᠭᠡᠪᠡᠴᠦ ᠪᠠᠭᠤᠳᠠᠯ ᠤᠨ ᠡᠵᠡᠨ ᠪᠠᠰᠠ ᠡᠯᠳᠡᠪ | ᠵᠦᠢᠯ ᠤᠨ ᠰᠢᠯᠲᠠᠭ ᠢᠶᠠᠷ ᠵᠣᠭᠤᠰ ᠳᠥᠯᠥᠬᠦ ᠶᠢ ᠲᠡᠪᠴᠢᠵᠦ ᠪᠠᠶᠢᠨ᠎ᠠ︾ ᠭᠡᠵᠦ ᠲᠤᠰᠬᠠᠵᠠᠶ᠃ | ᠬᠠᠶ ᠼᠠᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠡᠨᠡ ᠬᠦ ᠪᠠᠶᠢᠳᠠᠯ ᠢ ᠮᠡᠳᠡᠭᠰᠡᠨ ᠤ | ᠳᠠᠷᠠᠭ᠎ᠠ᠂ ᠲᠡᠷᠡ ᠳᠠᠷᠤᠶ ᠳᠤᠨᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠵᠢᠴᠢ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ᠂ ᠰᠥᠩ | ᠢᠦᠶ ᠵᠡᠭᠡᠯᠢ ᠭᠤᠳᠤᠮᠵᠢ ᠵᠢᠴᠢ ᠬᠠᠷᠢᠶ᠎ᠠ ᠲᠣᠭᠤᠷᠢᠭ ᠤᠨ ᠲᠣᠮᠢᠯᠠᠭᠰᠠᠨ ᠰᠠᠯᠪᠤᠷᠢ ᠲᠠᠢ ᠰᠢᠶ᠋ᠳᠪᠦᠷᠢᠯᠡᠬᠦ ᠲᠥᠰᠦᠯ ᠢ | ᠵᠥᠪᠳᠡᠯᠴᠡᠪᠡ᠃ ᠲᠣᠰ ᠲᠣᠭᠤᠷᠢᠭ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ ᠶᠢᠨ | ᠠᠵᠢᠯᠲᠠᠨ ᠮᠧᠶ ᠵᠧᠩ ᠯᠢᠨ ᠤ ᠲᠠᠨᠢᠯᠴᠠᠭᠤᠯᠤᠭᠰᠠᠨ ᠢᠶᠠᠷ᠂ 2019 ᠣᠨ ᠳᠤ ᠲᠣᠰ ᠪᠠᠭᠤᠳᠠᠯ ᠢ ᠵᠠᠰᠠᠵᠤ | ᠴᠢᠮᠡᠭᠯᠡᠵᠦ᠂ ᠯᠢᠦ ᠣᠪᠣᠭᠲᠤ ᠶᠢᠨ ᠡᠴᠢᠭᠡ ᠡᠬᠡ ᠨᠢ ᠵᠥᠭᠡᠭᠡᠪᠦᠷᠢ ᠶᠢᠨ ᠠᠵᠢᠯ ᠬᠢᠵᠦ᠂ ᠨᠡᠶᠢᠲᠡ 5.8 ᠲᠦᠮᠡ | ᠭᠠᠷᠤᠶ ᠲᠥᠭᠦᠷᠢᠭ ᠤᠨ ᠴᠠᠯᠢᠩ ᠲᠠᠢ᠂ ᠭᠡᠪᠡᠴᠦ ᠪᠠᠭᠤᠳᠠᠯ ᠤᠨ ᠡᠵᠡᠨ ᠨᠢ ᠵᠥᠪᠬᠡᠨ 3000 ᠲᠥᠭᠦᠷᠢᠭ | ᠥᠭᠭᠦᠭᠰᠡᠨ ᠪᠠᠶᠢᠨ᠎ᠠ᠃ ᠯᠢᠦ ᠣᠪᠣᠭᠲᠤ ᠶᠢᠨ ᠡᠵᠢ ᠨᠢ ᠰᠧᠴᠤᠸᠠᠨ ᠠᠴᠠ ᠹᠦᠵᠢᠶᠠᠨ ᠳᠤ ᠣᠯᠠᠨᠲᠠ ᠬᠦᠷᠴᠦ | ᠴᠠᠯᠢᠩ ᠢᠶᠠᠨ ᠠᠪᠬᠤ ᠭᠡᠰᠡᠨ ᠳᠤ ᠵᠠᠩᠭᠤᠶᠢᠳᠠ ᠨᠢ ᠴᠠᠯᠢᠩ ᠥᠭᠬᠦ ᠪᠠᠨ ᠬᠤᠶᠢᠰᠢᠯᠠᠭᠤᠯᠤᠭᠰᠠᠭᠠᠷ ᠪᠠᠶᠢᠪᠠ᠃ | ᠮᠧᠶ ᠵᠧᠩ ᠯᠢᠨ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠵᠡᠷᠭᠡ | ᠠᠵᠢᠯᠲᠠᠳ ᠲᠠᠢ ᠬᠠᠮᠲᠤ ᠪᠠᠷ ᠲᠤᠬᠠᠶ ᠶᠢᠨ ᠬᠤᠶᠠᠷ ᠲᠠᠯ᠎ᠠ ᠶᠢ ᠰᠥᠩ ᠢᠦᠶ ᠲᠣᠮᠢᠯᠠᠭᠰᠠᠨ ᠰᠠᠯᠪᠤᠷᠢ ᠳᠤ | ᠡᠶᠡᠳᠡᠭᠦᠯᠬᠦ ᠪᠠᠷ ᠪᠣᠯᠵᠣᠪᠠ᠃ ︽ᠬᠡᠳᠦᠨ ᠴᠠᠭ ᠶᠠᠷᠢᠭᠠᠳ᠂ ᠵᠠᠩᠭᠤᠶᠢᠳᠠ ᠳᠠᠭᠠᠨ ᠳᠠᠬᠢᠨ ᠳᠠᠪᠲᠠᠨ ᠠᠵᠢᠯ | ᠬᠢᠵᠦ᠂ ᠨᠠᠶᠢᠷ ᠲᠠᠯ᠎ᠠ ᠬᠠᠷᠠᠵᠤ᠂ ᠶᠣᠰᠣ ᠮᠣᠷᠠᠯ᠂ ᠬᠠᠤᠯᠢ ᠴᠠᠭᠠᠵᠠ ᠶᠢ ᠡᠷᠬᠢᠮᠯᠡᠭᠰᠡᠨ ᠳᠤ ᠵᠠᠩᠭᠤᠶᠢᠳᠠ ᠨᠢ ᠵᠣᠭᠤᠰ | ᠪᠤᠴᠠᠭᠠᠬᠤ ᠶᠢ ᠵᠥᠪᠰᠢᠶᠡᠷᠡᠵᠦ᠂ ᠲᠤᠬᠠᠶ ᠶᠢᠨ ᠲᠠᠯᠠᠪᠤᠷ ᠲᠤ 3 ᠲᠦᠮᠡᠨ ᠲᠥᠭᠦᠷᠢᠭ ᠥᠭᠭᠦᠭᠰᠡᠨ ᠪᠥᠭᠡᠳ | ᠦᠯᠡᠳᠡᠭᠰᠡᠨ 2 ᠲᠦᠮᠡ ᠭᠠᠷᠤᠶ ᠲᠥᠭᠦᠷᠢᠭ ᠢ ᠠᠯᠢ ᠲᠦᠷᠭᠡᠨ ᠢᠶᠠᠷ ᠳᠥᠯᠥᠵᠦ ᠳᠠᠭᠤᠰᠬᠠᠨ᠎ᠠ ᠭᠡᠵᠦ ᠠᠮᠠᠯᠠᠭᠰᠠᠨ | ᠪᠠᠶᠢᠨ᠎ᠠ︾᠃ ᠮᠧᠶ ᠵᠧᠩ ᠯᠢᠨ ᠬᠡᠯᠡᠬᠦ ᠳᠡᠭᠡᠨ᠂ ᠣᠶᠢᠷ᠎ᠠ ᠳᠤ ᠯᠢᠦ ᠣᠪᠣᠭᠲᠤ ᠶᠢᠨ ᠡᠵᠢ ᠨᠢ ᠣᠬᠤᠷ ᠮᠡᠳᠡᠭᠡ | ᠢᠷᠡᠭᠦᠯᠵᠦ᠂ ᠦᠯᠡᠳᠡᠭᠰᠡᠨ ᠴᠠᠯᠢᠩ ᠢᠶᠠᠨ ᠣᠯᠤᠭᠰᠠᠨ ᠭᠡᠵᠦ ᠢᠯᠡᠷᠬᠡᠶᠢᠯᠡᠵᠡᠶ᠃ | ᠴᠢᠬᠤᠯᠠ ᠶᠡᠭᠡ ᠪᠠᠶᠠᠷ ᠤᠨ ᠡᠳᠦᠷ᠂ ᠵᠠᠩᠭᠢᠯᠠᠭ᠎ᠠ ᠶᠢᠨ ᠴᠠᠭ ᠲᠤ 24 ᠴᠠᠭ ᠢᠶᠠᠷ ᠵᠢᠵᠢᠭᠦᠷᠯᠡᠬᠦ ᠲᠦᠷᠢᠮ ᠢ | ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠲᠠᠪᠴᠠᠩ ᠭᠠᠷᠭᠠᠪᠠ ᠁ | 2021 ᠣᠨ ᠠᠴᠠ ᠨᠠᠰᠢ᠂ ᠬᠠᠶᠢᠼᠠᠩ ᠲᠣᠭᠤᠷᠢᠭ ᠤᠨ ᠬᠥᠳᠡᠯᠮᠦᠷᠢ ᠶᠢᠨ ᠪᠠᠲᠤᠯᠠᠪᠤᠷᠢ ᠶᠢᠨ ᠬᠢᠨᠠᠨ ᠪᠠᠶᠢᠴᠠᠭᠠᠬᠤ | ᠶᠡᠭᠡ ᠠᠩᠬᠢ ᠶᠢᠨ ᠬᠢᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠥᠷᠭᠡᠳᠬᠡᠭᠰᠡᠨ | ᠪᠥᠭᠡᠳ ᠹᠦᠵᠢᠶᠠᠨ ᠮᠤᠵᠢ ᠶᠢᠨ ᠬᠥᠳᠡᠯᠮᠦᠷᠢ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ | ᠣᠶᠤᠨᠴᠢ ᠠᠵᠢᠯ ᠣᠯᠭᠤᠯᠲᠠ ᠶᠢᠨ ᠲᠤᠮᠤ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠪᠦᠬᠦ ᠣᠷᠣᠨ ᠳᠤ ︽ᠲᠤᠮᠤ | ᠳ᠋ᠠᠶᠢᠲ᠋ᠠ + ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠡᠢ᠃ | 2021 ᠣᠨ ᠤ 12 ᠰᠠᠷ᠎ᠠ ᠶᠢᠨ 24 ᠤ ᠡᠳᠦᠷ ᠪᠣᠯᠲᠠᠯ᠎ᠠ᠂ ᠵᠠᠰᠠᠭ ᠵᠠᠬᠢᠷᠭᠠᠨ ᠤ ᠡᠶᠡᠳᠡᠭᠦᠯᠭᠡ ᠶᠢᠨ ᠡᠩ ᠤᠨ | ᠬᠥᠳᠡᠯᠮᠦᠷᠢ ᠴᠠᠯᠢᠩ ᠤᠨ ᠵᠢᠭᠤᠷᠠᠯᠳᠤᠭᠠᠨ ᠢ ᠨᠡᠶᠢᠲᠡ 2893 ᠰᠢᠶ᠋ᠳᠪᠦᠷᠢᠯᠡᠵᠦ ᠳᠠᠭᠤᠰᠬᠠᠭᠠᠳ᠂ 6151 | ᠬᠥᠳᠡᠯᠮᠦᠷᠢᠴᠢᠨ ᠳᠤ 6802.83 ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ ᠠᠪᠴᠤ ᠥᠭᠴᠡᠶ᠃ | ᠵᠠᠷᠢᠮ ᠰᠦᠯᠵᠢᠶᠡᠨ ᠠᠨᠳᠠ ᠨᠠᠷ ᠠᠷᠠᠳ ᠤᠨ ᠰᠦᠯᠵᠢᠶ᠎ᠡ ᠶᠢᠨ ︽ᠤᠳᠤᠷᠢᠳᠤᠯᠭ᠎ᠠ ᠶᠢᠨ ᠦᠭᠡ ᠦᠯᠡᠳᠡᠭᠡᠬᠦ | ᠰᠠᠮᠪᠠᠷ᠎ᠠ︾ ᠳᠡᠭᠡᠷ᠎ᠡ ᠦᠭᠡ ᠦᠯᠡᠳᠡᠭᠡᠵᠦ ᠬᠡᠯᠡᠬᠦ ᠳᠡᠭᠡᠨ᠂ 2021 ᠣᠨ ᠳᠤ ᠬᠤᠪᠸᠢ ᠮᠤᠵᠢ ᠶᠢᠨ ᠢᠳᠦ᠋ | ᠬᠤᠲᠠ ᠶᠢᠨ ᠴᠢᠤᠸᠠᠨ ᠹᠦ᠋ ᠾᠧ ᠨᠡᠶᠢᠭᠡᠮ ᠲᠣᠭᠤᠷᠢᠭ ᠤᠨ ᠳ᠋ᠠ ᠭᠸᠦ ᠲᠣᠰᠬᠤᠨ ᠤ ᠬᠥᠬᠡᠬᠤᠲᠠ ᠶᠢᠨ ᠬᠤᠶᠢᠲᠤ | ᠬᠡᠰᠡᠭ ᠤᠨ ᠲᠦᠷᠭᠡᠨ ᠳᠠᠪᠬᠢᠬᠤ ᠵᠠᠰᠠᠮᠠᠯ ᠵᠠᠮ ᠤᠨ ᠨᠢᠭᠡᠳᠦᠭᠡᠷ ᠪᠠᠷᠢᠮᠵᠢᠶᠠᠲᠤ ᠬᠡᠰᠡᠭ ᠲᠤ ᠲᠦᠷᠭᠡᠨ ᠳᠠᠪᠬᠢᠬᠤ | ᠵᠠᠰᠠᠮᠠᠯ ᠵᠠᠮ ᠤᠨ ᠬᠥᠲᠥᠯ ᠢ ᠬᠠᠮᠠᠭᠠᠯᠠᠬᠤ ᠠᠵᠢᠯ ᠬᠢᠵᠦ᠂ ᠰᠠᠷ᠎ᠠ ᠪᠦᠷᠢ 80% ᠶᠢᠨ ᠴᠠᠯᠢᠩ ᠥᠭᠴᠦ᠂ 9 | ᠰᠠᠷ᠎ᠠ ᠶᠢᠨ 15 ᠤ ᠡᠳᠦᠷ ᠠᠴᠠ ᠡᠮᠦᠨ᠎ᠡ ᠪᠣᠶ ᠪᠥᠬᠦᠶ ᠴᠠᠯᠢᠩ ᠢᠶᠠᠨ ᠥᠭᠴᠦ ᠳᠠᠭᠤᠰᠬᠠᠨ᠎ᠠ᠂ ︽ᠭᠡᠪᠡᠴᠦ ᠨᠢᠭᠡᠨᠲᠡ | ᠬᠡᠳᠦᠨ ᠰᠠᠷ᠎ᠠ ᠴᠠᠯᠢᠩ ᠢᠶᠠᠨ ᠣᠯᠤᠭ᠎ᠠ ᠥᠬᠡᠶ︾ ᠭᠡᠵᠡᠶ᠃ ᠢᠳᠦ᠋ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ | ᠬᠠᠷᠢᠭᠤ ᠥᠭᠬᠦ ᠳᠡᠭᠡᠨ᠂ ᠬᠥᠬᠡᠬᠤᠲᠠ ᠶᠢᠨ ᠬᠤᠶᠢᠲᠤ ᠬᠡᠰᠡᠭ ᠤᠨ ᠲᠦᠷᠭᠡᠨ ᠳᠠᠪᠬᠢᠬᠤ ᠵᠠᠰᠠᠮᠠᠯ ᠵᠠᠮ ᠤᠨ | ᠢᠳᠤ ᠠᠴᠠ ᠬᠤᠪᠸᠢ ᠬᠤᠨᠠᠨ ᠤ ᠵᠠᠭᠠᠭ ᠬᠥᠷᠬᠦ ᠬᠡᠰᠡᠭ ᠤᠨ ᠪᠥᠲᠥᠭᠡᠨ ᠪᠠᠶᠢᠭᠤᠯᠤᠯᠲᠠ ᠶᠢ ᠵᠣᠬᠢᠴᠠᠭᠤᠯᠤᠨ | ᠵᠢᠯᠣᠭᠤᠳᠬᠤ ᠭᠠᠵᠠᠷ ᠠᠴᠠ ᠨᠢᠭᠡᠨᠲᠡ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠶᠡᠭᠡ | ᠬᠥᠭᠦᠷᠭᠡ ᠶᠢᠨ ᠲᠣᠪᠴᠢᠶ᠎ᠠ ᠶᠢᠨ ᠲᠥᠷᠥᠯ ᠵᠦᠶ᠋ᠯ ᠤᠨ ᠡᠵᠡᠩᠨᠡᠯᠲᠡ ᠶᠢᠨ ᠬᠡᠯᠲᠡᠰ ᠲᠠᠢ ᠵᠣᠬᠢᠴᠠᠭᠤᠯᠵᠤ ᠲᠣᠰ | ᠰᠦᠯᠵᠢᠶᠡᠨ ᠤ ᠨᠠᠶᠢᠵᠠ ᠨᠠᠷ ᠲᠤ 2 ᠲᠦᠮᠡᠨ ᠲᠥᠭᠦᠷᠢᠭ ᠤᠨ ᠴᠠᠯᠢᠩ ᠥᠭᠭᠦᠭᠰᠡᠨ ᠪᠠᠶᠢᠨ᠎ᠠ ᠭᠡᠵᠡᠶ᠃ | ᠡᠯ᠎ᠡ ᠭᠠᠵᠠᠷ ᠤᠨ ᠬᠢᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ | ᠥᠷᠨᠢᠭᠦᠯᠪᠡ | ︽ᠯᠢᠶᠠᠩ ᠷᠧᠨ ᠵᠢᠤᠢ 2.3 ᠲᠦᠮᠡᠨ ᠲᠥᠭᠦᠷᠢᠭ᠂ ᠬᠠᠷᠭᠤᠭᠤᠯᠤᠨ ᠳᠣᠲᠣᠯᠠᠭᠰᠠᠨ ᠤ ᠳᠠᠷᠠᠭ᠎ᠠ ᠭᠠᠷ ᠤᠨ | ᠥᠰᠥᠭ ᠵᠢᠷᠤᠭᠠᠷᠠᠶ︾ ︽ᠴᠧᠨ ᠴᠢ ᠯᠢᠶᠤ 1.32 ᠲᠦᠮᠡᠨ ᠲᠥᠭᠦᠷᠢᠭ᠂ ᠵᠣᠭᠤᠰ ᠢ ᠲᠣᠳᠣᠷᠬᠠᠶ ᠲᠣᠭᠠᠯᠠᠭᠰᠠᠨ᠂ | ᠠᠳᠡ ᠭᠠᠷ ᠤᠨ ᠥᠰᠥᠭ ᠵᠢᠷᠤᠵᠤ ᠨᠤᠲᠠᠯᠠᠭᠠᠷᠠᠶ︾ ᠁ ᠣᠶᠢᠷ᠎ᠠ ᠳᠤ 72 ᠬᠥᠯᠥᠰᠥᠨ ᠠᠵᠢᠯᠴᠢᠨ ᠴᠦᠩᠴᠢᠩ | ᠬᠤᠲᠠ ᠶᠢᠨ ᠷᠦᠩ ᠴᠠᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠭᠥᠯᠢᠶᠡᠨ ᠠᠪᠬᠤ | ᠲᠢᠩᠬᠢᠮ ᠳᠤ ᠬᠦᠷᠴᠦ᠂ ᠬᠠᠤᠯᠢ ᠬᠡᠷᠡᠭᠵᠢᠭᠦᠯᠵᠦ ᠬᠡᠷᠡᠭ ᠰᠢᠶ᠋ᠳᠪᠦᠷᠢᠯᠡᠬᠦ ᠠᠵᠢᠯᠲᠠᠨ ᠤ ᠳᠠᠭᠠᠭᠤᠯᠭ᠎ᠠ ᠳᠣᠤᠷ᠎ᠠ᠂ ᠲᠠᠰ | ᠳᠠᠷᠠᠭᠠᠯᠠᠨ ᠬᠥᠳᠡᠯᠮᠦᠷᠢ ᠶᠢᠨ ᠬᠥᠯᠥᠰᠥ ᠣᠯᠭᠤᠮᠵᠢ ᠠᠪᠴᠤ ᠪᠠᠶᠢᠨ᠎ᠠ᠃ | ︽ᠪᠢᠳᠡ ᠨᠢᠭᠡᠨ ᠲᠥᠪᠬᠢᠨᠡᠭᠦᠯᠬᠦ ᠣᠷᠣᠨ ᠰᠠᠭᠤᠴᠠ ᠶᠢᠨ ᠪᠠᠷᠢᠯᠭ᠎ᠠ ᠶᠢᠨ ᠭᠠᠵᠠᠷ ᠲᠤ ᠠᠵᠢᠯᠯᠠᠵᠤ᠂ | ᠠᠵᠢᠯ ᠢᠶᠠᠨ ᠳᠠᠭᠤᠰᠬᠠᠭᠠᠳ ᠵᠣᠭᠤᠰ ᠣᠯᠵᠤ ᠳᠡᠶᠢᠯᠬᠦ ᠦᠭᠡᠢ ᠪᠠᠶᠢᠪᠠ᠂ ᠳᠠᠭᠠᠭᠠᠴᠢᠯᠠᠭᠴᠢ ᠢᠦᠢ ᠣᠪᠣᠭᠲᠤ ᠶᠡᠷᠦᠨᠢ | ᠥᠪᠡᠷ ᠢ ᠪᠠᠨ ᠵᠣᠭᠤᠰ ᠦᠭᠡᠢ ᠭᠡᠵᠦ ᠬᠡᠯᠡᠭᠡᠳ᠂ ᠡᠯᠳᠡᠪ ᠵᠦᠢᠯ ᠤᠨ ᠰᠢᠯᠲᠠᠭ ᠢᠶᠠᠷ ᠪᠢᠳᠡᠨ ᠳᠤ ᠴᠠᠯᠢᠩ ᠤᠨ | ᠮᠥᠩᠭᠦ ᠶᠢ ᠲᠣᠭᠠᠴᠠᠭ᠎ᠠ ᠬᠢᠵᠦ ᠥᠭᠬᠦ ᠦᠭᠡᠢ ᠪᠠᠶᠢᠵᠠᠶ᠃︾ ᠯᠢᠶᠠᠩ ᠷᠧᠨ ᠵᠢᠤᠢ ᠬᠡᠯᠡᠬᠦ ᠳᠡᠭᠡᠨ᠂ ᠤᠳᠠᠯ ᠥᠬᠡᠶ | ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠠᠵᠢᠯᠴᠢᠳ ᠣᠯᠠᠨ ᠤᠳᠠᠭ᠎ᠠ ᠪᠠᠷᠢᠯᠭ᠎ᠠ ᠶᠢᠨ ᠭᠠᠵᠠᠷ᠂ ᠺᠣᠮᠫᠠᠨᠢ ᠵᠡᠷᠭᠡ ᠶᠢ | ᠡᠷᠢᠵᠦ ᠪᠠᠶᠢᠳᠠᠯ ᠢ ᠲᠤᠰᠬᠠᠭᠰᠠᠨ ᠪᠣᠯᠪᠠᠴᠤ ᠴᠥᠮ ᠦᠷ᠎ᠡ ᠳ᠋ᠦᠩ ᠭᠠᠷᠤᠭᠰᠠᠨ ᠥᠬᠡᠶ᠂ ᠲᠡᠭᠡᠭᠡᠳ ᠬᠠᠮᠲᠤ ᠪᠠᠷ ᠢᠶᠠᠨ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠳᠤ ᠬᠦᠷᠴᠦ ᠢᠯᠡᠴᠢᠯᠡᠨ ᠵᠠᠭᠠᠯᠳᠤᠪᠠ᠃ | ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠠᠭᠠᠯᠳᠤᠯᠭ᠎ᠠ ᠶᠢ ᠣᠯᠤᠭᠰᠠᠨ ᠤ ᠳᠠᠷᠠᠭ᠎ᠠ ᠲᠡᠷᠡ ᠳᠠᠷᠤᠶ ᠳᠤᠨᠢ | ᠬᠡᠷᠡᠭ ᠪᠣᠯᠭᠠᠨ ᠳᠠᠩᠰᠠᠯᠠᠵᠤ᠂ ᠬᠥᠯᠥᠰᠥᠨ ᠠᠵᠢᠯᠴᠢᠨ ᠪᠠ ᠵᠦᠢᠯᠡᠰ ᠤᠨ ᠺᠣᠮᠫᠠᠨᠢ ᠶᠢ ᠲᠤᠰ ᠲᠤᠰ ᠡᠷᠢᠵᠦ | ᠪᠠᠶᠢᠳᠠᠯ ᠢ ᠬᠢᠨᠠᠨ ᠬᠠᠷᠭᠤᠭᠤᠯᠵᠤ᠂ ᠳᠠᠭᠠᠭᠠᠴᠢᠯᠠᠭᠴᠢ ᠢᠦᠢ ᠣᠪᠣᠭᠲᠤ ᠵᠦᠢᠯᠡᠰ ᠤᠨ ᠺᠣᠮᠫᠠᠨᠢ ᠲᠠᠢ | ᠳᠠᠭᠠᠭᠠᠴᠢᠯᠠᠯᠲᠠ ᠶᠢᠨ ᠬᠡᠯᠡᠯᠴᠡᠭᠡᠷ ᠲᠣᠭᠲᠠᠭᠠᠭᠰᠠᠨ᠂ ᠵᠦᠢᠯᠡᠰ ᠤᠨ ᠺᠣᠮᠫᠠᠨᠢ ᠠᠴᠠ ᠦᠨᠡᠬᠡᠷ ᠢᠦᠢ ᠣᠪᠣᠭᠲᠤ ᠳᠤ | ᠳᠠᠭᠠᠭᠠᠴᠢᠯᠠᠭᠤᠯᠤᠭᠰᠠᠨ ᠪᠠᠷᠢᠯᠭ᠎ᠠ ᠶᠢᠨ ᠵᠣᠭᠤᠰ ᠢ ᠰᠢᠯᠵᠢᠭᠦᠯᠦᠨ ᠥᠭᠭᠦᠭᠰᠡᠨ ᠵᠡᠷᠭᠡ ᠪᠠᠶᠢᠳᠠᠯ ᠢ ᠪᠠᠶᠢᠴᠠᠭᠠᠨ | ᠲᠤᠳᠤᠯᠠᠭᠰᠠᠨ ᠤ ᠳᠠᠷᠠᠭ᠎ᠠ ᠲᠡᠷᠡ ᠳᠠᠷᠤᠶ ᠳᠤᠨᠢ ᠢᠦᠢ ᠣᠪᠣᠭᠲᠤ ᠳᠤ ᠮᠡᠳᠡᠭᠳᠡᠯ ᠤᠨ ᠪᠢᠴᠢᠭ ᠪᠠᠭᠤᠯᠭᠠᠪᠠ᠃ | ᠭᠡᠲᠡᠯ᠎ᠡ ᠢᠦᠶ ᠣᠪᠣᠭᠲᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠥᠯᠥᠬᠦ ᠡᠭᠦᠷᠭᠡ ᠪᠠᠨ ᠮᠥᠨ ᠯᠡ | ᠭᠦᠢᠴᠡᠳᠬᠡᠭᠰᠡᠨ ᠦᠭᠡᠶ᠂ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠬᠥᠳᠡᠯᠮᠦᠷᠢ ᠶᠢᠨ ᠬᠥᠯᠥᠰᠥ ᠣᠯᠭᠤᠮᠵᠢ | ᠥᠭᠬᠦ ᠶᠢ ᠲᠡᠪᠴᠢᠭᠰᠡᠨ ᠶᠠᠯ᠎ᠠ ᠪᠠᠷ ᠲᠡᠭᠦᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ | ᠬᠦᠷᠭᠡᠭᠰᠡᠨ ᠪᠠᠶᠢᠨ᠎ᠠ᠃ ᠵᠦᠢᠯᠡᠰ ᠤᠨ ᠺᠣᠮᠫᠠᠨᠢ ᠢᠦᠢ ᠣᠪᠣᠭᠲᠤ ᠶᠢᠨ ᠡᠯᠰᠡᠨ ᠬᠡᠷᠡᠭᠯᠡᠭᠰᠡᠨ ᠬᠥᠯᠥᠰᠥᠨ | ᠠᠵᠢᠯᠴᠢᠨ ᠤ ᠴᠠᠯᠢᠩ ᠢ ᠥᠭᠭᠦᠭᠰᠡᠨ ᠪᠠᠶᠢᠳᠠᠯ ᠢ ᠴᠢᠩᠭ᠎ᠠ ᠬᠢᠨᠠᠨ ᠬᠠᠮᠢᠶᠠᠷᠤᠭᠰᠠᠨ ᠦᠭᠡᠢ ᠠᠴᠠ ᠪᠤᠯᠵᠤ᠂ | ᠤᠷᠢᠳ ᠢᠶᠠᠷ ᠬᠥᠯᠥᠰᠥᠨ ᠠᠵᠢᠯᠴᠢᠨ ᠤ ᠴᠠᠯᠢᠩ ᠢ ᠣᠷᠣᠯᠠᠨ ᠥᠭᠭᠦᠭᠦᠯᠬᠦ ᠪᠠᠷ ᠵᠠᠷᠯᠢᠭᠳᠠᠵᠤ᠂ ᠤᠳᠤ ᠨᠢᠭᠡᠨᠲᠡ | 37247 ᠲᠦᠮᠡᠨ ᠲᠥᠭᠦᠷᠢᠭ ᠣᠷᠣᠯᠠᠨ ᠥᠭᠴᠡᠶ᠃ | ︽ᠴᠠᠯᠢᠩ ᠤᠯᠬᠤ ᠳᠤ ᠪᠠᠰᠠ ᠵᠢᠩᠬᠢᠨᠢ ᠠᠷᠭ᠎ᠠ ᠵᠠᠮ ᠢᠶᠠᠷ ᠶᠠᠪᠤᠬᠤ ᠬᠡᠷᠡᠭᠲᠡᠶ ᠣᠯᠠᠨ ᠢᠶᠠᠷ ᠢᠶᠠᠨ ᠡᠳᠦᠶ | ᠤᠳᠠᠲᠠᠯ᠎ᠠ ᠲᠤᠰᠠᠯᠠᠮᠵᠢ ᠭᠤᠶᠤᠭᠰᠠᠨ ᠳᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠬᠠᠭᠠᠰ ᠰᠠᠷ᠎ᠠ ᠶᠢᠨ | ᠳᠣᠲᠣᠷ᠎ᠠ ᠪᠢᠳᠡᠨ ᠤ ᠬᠦᠴᠢᠷ ᠠᠰᠠᠭᠤᠳᠠᠯ ᠢ ᠰᠢᠶ᠋ᠳᠪᠦᠷᠢᠯᠡᠵᠦ ᠥᠭᠭᠦᠭᠰᠡᠨ ᠪᠠᠶᠢᠨ᠎ᠠ︾᠃ ᠭᠡᠵᠦ ᠯᠢᠶᠠᠩ ᠷᠧᠨ ᠵᠢᠤᠢ | ᠬᠡᠯᠡᠪᠡ᠃ | 2021 ᠣᠨ ᠤ 11 ᠰᠠᠷ᠎ᠠ ᠠᠴᠠ ᠡᠬᠢᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ | ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠳᠣᠤᠷ᠎ᠠ᠂ ᠡᠯ᠎ᠡ ᠭᠠᠵᠠᠷ ᠤᠨ ᠬᠢᠨ ᠴᠠᠯᠢᠩ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ | ᠯᠢᠶᠣᠤᠨᠢᠩ ᠮᠤᠵᠢ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠬᠥᠯᠥᠰᠥᠨ ᠠᠵᠢᠯᠴᠢᠨ ᠢ | ᠨᠡᠯᠢᠶᠡᠳ ᠣᠯᠠᠨ ᠡᠯᠰᠡᠵᠦ ᠬᠡᠷᠡᠭᠯᠡᠭᠰᠡᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ᠂ ᠬᠥᠳᠡᠯᠮᠦᠷᠢ | ᠬᠤᠷᠠᠭᠰᠠᠨ ᠬᠡᠯᠪᠡᠷᠢ ᠶᠢᠨ ᠪᠣᠯᠪᠠᠰᠤᠷᠠᠭᠤᠯᠤᠨ ᠦᠢᠯᠡᠳᠬᠦ ᠠᠵᠢᠯ ᠲᠥᠷᠥᠯ᠂ ᠬᠢᠵᠢᠭ ᠤᠨ ᠨᠥᠯᠥᠭᠡ ᠠᠴᠠ ᠪᠣᠯᠵᠤ | ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠳᠠᠯᠳᠠ ᠬᠡᠮ ᠣᠷᠣᠰᠢᠵᠤ ᠪᠠᠶᠢᠭ᠎ᠠ ᠪᠤᠰᠤᠳ | ᠠᠵᠤ ᠠᠬᠤᠶᠢᠯᠠᠯ ᠢ ᠭᠤᠣᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠨ᠎ᠠ ᠬᠤᠨᠠᠨ ᠮᠤᠵᠢ ᠶᠢᠨ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠢᠶ᠎ᠠ ᠬᠥᠯᠥᠰᠥᠨ ᠠᠵᠢᠯᠴᠢᠨ ᠤ ᠴᠠᠯᠢᠩ ᠨᠡᠬᠡᠬᠦ᠂ ᠬᠤᠬᠢᠷᠠᠯ ᠤᠨ ᠲᠥᠯᠥᠪᠦᠷᠢ ᠶᠢᠨ | ᠵᠢᠭᠤᠷᠠᠯᠳᠤᠭᠠᠨ ᠵᠡᠷᠭᠡ ᠳᠤ ᠬᠤᠯᠪᠣᠭᠳᠠᠭᠰᠠᠨ ᠬᠡᠷᠡᠭ ᠢ ᠤᠷᠢᠳ ᠢᠶᠠᠷ ᠬᠡᠷᠡᠭ ᠪᠣᠯᠭᠠᠨ ᠳᠠᠩᠰᠠᠯᠠᠵᠤ᠂ ᠬᠥᠯᠥᠰᠥᠨ | ᠠᠵᠢᠯᠴᠢᠨ ᠤ ᠲᠤᠬᠠᠶ ᠶᠢᠨ ᠬᠥᠮᠦᠨ ᠳᠤ ᠨᠢᠭᠡ ᠯᠡ ᠥᠷᠲᠡᠭᠡᠨ ᠤ ᠮᠠᠶ᠋ᠢᠭ ᠤᠨ ᠵᠠᠷᠭᠤ ᠶᠢᠨ ᠦᠢᠯᠡᠴᠢᠯᠡᠭᠡ ᠬᠠᠩᠭᠠᠪᠠ︔ | ᠰᠧᠴᠤᠸᠠᠨ ᠴᠦᠩᠴᠢᠩ ᠬᠤᠶᠠᠷ ᠭᠠᠵᠠᠷ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ | ᠪᠠᠶᠢᠭᠤᠯᠤᠮᠵᠢ ᠲᠤᠰᠬᠠᠶ ᠠᠵᠢᠯᠯᠠᠭ᠎ᠠ ᠶᠢ ᠵᠡᠷᠭᠡ ᠪᠠᠷ ᠡᠬᠢᠯᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠡᠷᠬᠡ ᠶᠢ ᠬᠠᠮᠠᠭᠠᠯᠠᠬᠤ ᠶᠢ ᠬᠤᠯᠪᠣᠯᠳᠤᠭᠤᠯᠬᠤ᠂ ᠬᠡᠷᠡᠭ ᠢ ᠬᠠᠮᠵᠢᠯᠴᠠᠨ ᠪᠠᠶᠢᠴᠠᠭᠠᠬᠤ ᠵᠡᠷᠭᠡ ᠲᠠᠯ᠎ᠠ ᠪᠠᠷ ᠣᠷᠣᠨ | ᠪᠦᠰᠡ ᠶᠢᠨ ᠬᠠᠮᠵᠢᠯᠴᠠᠭᠠᠨ ᠤ ᠠᠯᠬᠤᠴᠠ ᠶᠢ ᠲᠦᠷᠭᠡᠳᠬᠡᠪᠡ᠃ | ︽2020 ᠣᠨ ᠤ 9 ᠰᠠᠷ᠎ᠠ ᠳᠤ᠂ ᠮᠠᠨ ᠤ ᠬᠡᠳᠦᠨ ᠬᠥᠮᠦᠨ ᠤ ᠬᠥᠯᠥᠰᠥᠨ ᠠᠵᠢᠯ ᠬᠢᠵᠦ ᠪᠠᠶᠢᠭᠰᠠᠨ | ᠵᠣᠴᠢᠳ ᠤᠨ ᠪᠠᠭᠤᠳᠠᠯ ᠡᠭᠦᠳᠡ ᠪᠠᠨ ᠬᠠᠭᠠᠵᠠᠶ᠂ ᠴᠠᠯᠢᠩ ᠢᠶᠠᠨ ᠣᠲᠣ ᠪᠣᠯᠲᠠᠯ᠎ᠠ ᠪᠤᠴᠠᠭᠠᠵᠤ ᠠᠪᠴᠢᠷᠠᠭ᠎ᠠ ᠥᠬᠡᠶ︾ | ᠃ 2021 ᠣᠨ ᠤ 5 ᠰᠠᠷ᠎ᠠ ᠶᠢᠨ ᠰᠡᠭᠦᠯᠴᠢ ᠪᠠᠷ ᠶᠦᠨᠨᠠᠨ ᠮᠤᠵᠢ ᠶᠢᠨ ᠴᠢᠦᠶ ᠵᠢᠩ ᠬᠤᠲᠠ ᠶᠢᠨ ᠴᠢ ᠯᠢᠨ | ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ | ᠬᠦᠷᠢᠶᠡᠯᠡᠩ ᠳᠤ ᠬᠡᠳᠦᠨ ᠬᠥᠮᠦᠨ ᠢᠷᠡᠵᠦ ᠠᠰᠠᠭᠤᠨ ᠯᠠᠪᠯᠠᠵᠠᠶ᠂ 19 ᠨᠠᠰᠤᠲᠠᠶ ᠰᠢᠤᠢ ᠲᠠᠢ ᠢ᠄ ︽ᠠᠶᠠᠭ᠎ᠠ | ᠠᠶᠠᠭ᠎ᠠ᠂ ᠨᠣᠭᠤᠭ᠎ᠠ ᠠᠶᠠᠭ᠎ᠠ᠂ ᠠᠵᠢᠯᠴᠢ ᠬᠢᠴᠢᠶᠡᠩᠭᠦᠶ ᠪᠠᠷ ᠬᠤᠶᠠᠷ ᠰᠠᠷ᠎ᠠ ᠠᠵᠢᠯᠯᠠᠭᠠᠳ ᠠᠵᠢᠯ ᠤᠨ | ᠬᠥᠯᠥᠰᠥ ᠪᠠᠨ ᠴᠦ ᠣᠯᠤᠭᠰᠠᠨ ᠦᠭᠡᠶ︾ ᠭᠡᠵᠡᠶ᠃ | ᠬᠥᠨᠳᠡᠯᠡᠨ ᠠᠴᠠ ᠲᠠᠰᠤᠯᠬᠤ ᠬᠤᠷᠢᠶᠠᠨ ᠤ ᠠᠵᠢᠯᠲᠠᠨ ᠤ ᠣᠶᠢᠯᠠᠭᠠᠭᠰᠠᠨ ᠢᠶᠠᠷ᠂ ᠲᠣᠰ ᠵᠣᠴᠢᠳ ᠤᠨ | ᠪᠠᠭᠤᠳᠠᠯ ᠬᠤᠶᠠᠷᠬᠠᠨ ᠰᠠᠷ᠎ᠠ ᠡᠵᠡᠩᠨᠡᠵᠦ᠂ ᠬᠤᠶᠠᠷ ᠲᠠᠯ᠎ᠠ ᠪᠠᠷ ᠢᠶᠠᠨ ᠬᠥᠳᠡᠯᠮᠦᠷᠢ ᠶᠢᠨ ᠭᠡᠷ᠎ᠡ ᠲᠣᠭᠲᠠᠭᠰᠠᠨ ᠥᠬᠡᠶ᠂ | ᠪᠣᠳᠠᠲᠠᠶ ᠠᠵᠢᠯᠯᠠᠵᠤ ᠥᠩᠭᠡᠷᠡᠭᠰᠡᠨ ᠭᠡᠷᠡᠴᠢ ᠮᠠᠲ᠋ᠧᠷᠢᠶᠠᠯ ᠴᠤ ᠪᠠᠶᠢᠬᠤ ᠥᠬᠡᠶ ᠮᠥᠷᠲᠡᠭᠡᠨ ᠺᠣᠮᠫᠠᠨᠢ ᠶᠢᠨ ᠬᠠᠤᠯᠢ ᠶᠢᠨ | ᠬᠥᠮᠦᠨ ᠤ ᠲᠥᠯᠥᠭᠡᠯᠡᠭᠴᠢ ᠣᠲᠣ ᠨᠢᠭᠡᠨᠲᠡ ᠭᠠᠳᠠᠷ ᠣᠷᠣᠨ ᠳᠤ ᠬᠦᠷᠴᠦ᠂ ᠬᠥᠳᠡᠯᠮᠦᠷᠢᠴᠢᠨ ᠤ ᠡᠷᠬᠡ ᠪᠠᠨ | ᠬᠠᠮᠠᠭᠠᠯᠠᠬᠤ ᠳᠤ ᠨᠡᠯᠢᠶᠡᠳ ᠬᠦᠴᠢᠷᠲᠡᠶ ᠪᠠᠶᠢᠨ᠎ᠠ᠃ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ ᠲᠠᠢ ᠵᠣᠯᠭᠠᠭᠤᠯᠬᠤ ᠪᠠᠷ ᠳᠠᠮᠵᠢᠭᠤᠯᠤᠨ | ᠂ ᠭᠡᠷᠡᠴᠢ ᠪᠠᠷᠢᠮᠲᠠ ᠶᠢ ᠰᠢᠯᠵᠢᠭᠦᠯᠦᠨ ᠠᠪᠴᠤ᠂ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠬᠤ ᠪᠢᠴᠢᠭ ᠤᠨ | ᠭᠤᠶᠤᠴᠢᠯᠠᠯ᠂ ᠬᠤᠯᠪᠣᠭᠳᠠᠯ ᠪᠦᠬᠦᠢ ᠭᠡᠷᠡᠴᠢ ᠵᠡᠷᠭᠡ ᠲᠠᠢ ᠤᠶᠠᠯᠳᠤᠭᠤᠯᠤᠨ᠂ ᠬᠥᠨᠳᠡᠯᠡᠨ ᠠᠴᠠ ᠲᠠᠰᠤᠯᠬᠤ ᠬᠤᠷᠢᠶ᠎ᠠ | ᠲᠦᠷᠭᠡᠨ ᠲᠠᠰᠤᠯᠬᠤ ᠵᠢᠷᠤᠮ ᠳᠤ ᠰᠢᠯᠵᠢᠨ ᠣᠷᠣᠪᠠ᠃ ᠬᠥᠨᠳᠡᠯᠡᠨ ᠠᠴᠠ ᠲᠠᠰᠤᠯᠤᠭᠴᠢ ᠣᠯᠠᠨ ᠤᠳᠠᠭ᠎ᠠ | ᠵᠣᠴᠢᠳ ᠤᠨ ᠪᠠᠭᠤᠳᠠᠯ ᠤᠨ ᠡᠵᠡᠨ ᠤ ᠭᠠᠷ ᠤᠲᠠᠰᠤᠨ ᠳᠤ ᠤᠲᠠᠰᠤᠳᠠᠵᠤ᠂ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠨ ᠶᠠᠷᠢᠵᠤ᠂ ᠰᠠᠨᠠᠯ ᠢᠶᠠᠨ ᠰᠣᠯᠢᠯᠴᠠᠬᠤ ᠪᠠᠷ ᠴᠢᠷᠮᠠᠶᠢᠭᠰᠠᠨ ᠠᠴᠠ ᠡᠴᠦᠰ ᠲᠡᠭᠡᠨ ᠴᠠᠯᠢᠩ ᠥᠭᠬᠦ ᠶᠢ | ᠵᠥᠪᠰᠢᠶᠡᠷᠡᠵᠦ᠂ 6 ᠰᠠᠷ᠎ᠠ ᠶᠢᠨ ᠳᠤᠮᠳᠠᠴᠢ ᠪᠠᠷ ᠭᠤᠶᠤᠴᠢᠯᠠᠭᠴᠢ ᠶᠢᠨ ᠴᠠᠯᠢᠩ ᠢ 3 ᠲᠦᠮᠡ ᠭᠠᠷᠤᠶ ᠲᠥᠭᠦᠷᠢᠭ | ᠥᠭᠭᠦᠭᠰᠡᠨ ᠪᠠᠶᠢᠨ᠎ᠠ᠃ | ᠵᠢᠯ ᠤᠨ ᠡᠴᠦᠰ ᠲᠤ ︽ᠲᠡᠭ ᠪᠣᠯᠭᠠᠬᠤ︾ ᠶᠢ ᠴᠢᠬᠤᠯᠠᠴᠢᠯᠠᠬᠤ ᠪᠠᠷ ᠪᠠᠷᠠᠬᠤ ᠥᠬᠡᠶ ᠪᠠᠶᠢᠩᠭᠤ ᠶᠢᠨ | ᠬᠢᠨᠠᠯᠲᠠ ᠬᠠᠮᠢᠶᠠᠷᠤᠯᠲᠠ ᠶᠢᠨ ᠵᠠᠰᠠᠯᠲᠠ ᠶᠢ ᠴᠤ ᠴᠢᠬᠤᠯᠠᠴᠢᠯᠠᠵᠤ᠂ ᠡᠬᠢ ᠡᠭᠦᠰᠦᠯ ᠠᠴᠠ ᠨᠢ ᠰᠢᠨ᠎ᠡ ᠶᠢ ᠡᠭᠦᠳᠦᠨ | ᠵᠠᠰᠠᠬᠤ ᠶᠢ ᠴᠢᠩᠭ᠎ᠠ ᠠᠩᠬᠠᠷᠴᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠨ᠎ᠠ | ᠬᠥᠯᠥᠰᠥᠨ ᠠᠵᠢᠯᠴᠢᠨ ᠤ ᠴᠠᠯᠢᠩ ᠥᠷᠢᠲᠦᠬᠦ ᠠᠰᠠᠭᠤᠳᠠᠯ ᠢ ᠰᠢᠶ᠋ᠳᠪᠦᠷᠢᠯᠡᠬᠦ ᠳᠤ ᠵᠢᠯ ᠤᠨ ᠡᠴᠦᠰ ᠲᠤ ︽ | ᠲᠡᠭ ᠪᠣᠯᠭᠠᠬᠤ︾ ᠶᠢ ᠴᠢᠬᠤᠯᠠᠴᠢᠯᠠᠬᠤ ᠪᠠᠷ ᠪᠠᠷᠠᠬᠤ ᠦᠭᠡᠶ ᠪᠠᠰᠠ ᠡᠩ ᠤᠨ ᠦᠶ᠎ᠡ ᠶᠢᠨ ᠪᠠᠶᠢᠩᠭᠤ ᠶᠢᠨ ᠴᠢᠨᠠᠷᠲᠠᠶ | ᠬᠢᠨᠠᠨ ᠬᠠᠮᠢᠶᠠᠷᠴᠤ ᠵᠠᠰᠠᠬᠤ ᠶᠢ ᠴᠢᠬᠤᠯᠠᠴᠢᠯᠠᠬᠤ ᠬᠡᠷᠡᠭᠲᠡᠶ᠂ ᠪᠠᠰᠠ ᠬᠤᠯᠪᠣᠭᠳᠠᠯ ᠪᠦᠬᠦᠢ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠦᠷᠢᠮ ᠤᠨ ᠬᠠᠰᠢᠶ᠎ᠠ ᠶᠢ ᠲᠠᠰᠤᠷᠠᠯᠲᠠ ᠦᠭᠡᠶ ᠪᠠᠬᠢᠵᠢᠭᠦᠯᠵᠦ᠂ ᠵᠠᠰᠠᠬᠤ | ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠰᠠᠭᠤᠷᠢ ᠶᠢ ᠪᠠᠲᠤᠳᠬᠠᠬᠤ ᠬᠡᠷᠡᠭᠲᠡᠶ᠃ | ᠶᠦᠨᠨᠠᠨ ᠮᠤᠵᠢ ᠶᠢᠨ ᠴᠢᠦᠶ ᠵᠢᠩ ᠬᠤᠲᠠ ᠶᠢᠨ ᠴᠢ ᠯᠢᠨ ᠲᠣᠭᠤᠷᠢᠭ ᠲᠤ ᠬᠥᠯᠥᠰᠥᠨ ᠠᠵᠢᠯᠴᠢᠨ ᠤ | ᠴᠠᠯᠢᠩ ᠤᠨ ᠲᠤᠰᠬᠠᠶ ᠳᠠᠩᠰᠠᠨ ᠡᠷᠦᠬᠡ ᠵᠢᠴᠢ ᠳᠠᠩᠰᠠ ᠬᠤᠪᠢᠶᠠᠬᠤ ᠳᠦᠷᠢᠮ ᠢ ᠶᠡᠭᠡ ᠪᠠᠷ ᠬᠡᠷᠡᠭᠵᠢᠭᠦᠯᠵᠡᠶ᠃ | ᠭᠤᠷᠪᠠ ᠶᠢ ᠴᠡᠪᠡᠷᠯᠡᠬᠦ ᠲᠦᠷᠭᠡᠨ ᠳᠠᠪᠬᠢᠬᠤ ᠵᠠᠰᠠᠮᠠᠯ ᠵᠠᠮ ᠤᠨ ᠴᠢᠦᠶ ᠵᠢᠩ ᠤᠨ ᠬᠡᠰᠡᠭ ᠤᠨ ᠢᠨᠵᠧᠨᠧᠷᠢᠩ ᠳᠤ᠂ | ᠵᠦᠶ᠋ᠯᠡᠰ ᠤᠨ ᠺᠣᠮᠫᠠᠨᠢ ᠠᠴᠠ ᠬᠥᠯᠥᠰᠥᠨ ᠠᠵᠢᠯᠴᠢᠨ ᠤ ᠠᠵᠢᠯ ᠳᠤ ᠭᠠᠷᠬᠤ ᠳᠠᠭᠠᠨ ᠺᠠᠷᠲ ᠢᠶᠠᠷ ᠴᠠᠯᠢᠩ ᠥᠭᠬᠦ | ᠲᠦᠷᠢᠮ ᠢ ᠬᠡᠷᠡᠭᠵᠢᠭᠦᠯᠵᠦ᠂ ᠴᠠᠯᠢᠩ ᠢ ᠨᠠᠷᠢᠯᠢᠭ ᠣᠨᠣᠴᠠᠲᠠᠶ ᠪᠠᠷ ᠥᠭᠬᠦ ᠶᠢ ᠪᠠᠲᠤᠯᠠᠪᠠ᠃ ︽ᠪᠢᠳᠡ ᠴᠠᠯᠢᠩ | ᠥᠷᠢᠲᠦᠵᠦ ᠪᠠᠶᠢᠭ᠎ᠠ ᠢᠯᠡᠴᠢᠯᠡᠨ ᠮᠡᠳᠡᠭᠦᠯᠦᠯᠲᠡ ᠳᠤ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠵᠦ ᠪᠠᠶᠢᠭ᠎ᠠ ᠪᠣᠯᠬᠤᠷ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠰᠠᠯᠠᠭ᠎ᠠ ᠮᠥᠴᠢᠷ ᠡᠷᠬᠡᠪᠰᠢ | ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ︾᠃ ᠴᠢ ᠯᠢᠨ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠾᠧ ᠵᠢᠶ | ᠴᠦᠨ ᠬᠡᠯᠡᠬᠦ ᠳᠡᠭᠡᠨ᠂ ︽ᠲᠣᠰ ᠰᠠᠯᠠᠭ᠎ᠠ ᠮᠥᠴᠢᠷ ᠤᠨ ᠭᠥᠯᠢᠶᠡᠨ ᠠᠪᠴᠤ ᠰᠢᠶ᠋ᠳᠪᠦᠷᠢᠯᠡᠬᠦ ᠳᠤ ᠬᠠᠷᠢᠶᠠᠯᠠᠭᠳᠠᠬᠤ | ᠥᠬᠡᠶ ᠪᠣᠯ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠬᠡᠷᠡᠭ ᠢ ᠴᠠᠭ | ᠲᠤᠬᠠᠶ ᠳᠤᠨᠢ ᠲᠣᠬᠢᠲᠠᠶ ᠰᠢᠶ᠋ᠳᠪᠦᠷᠢᠯᠡᠬᠦ ᠶᠢ ᠪᠠᠲᠤᠯᠠᠬᠤ ᠬᠡᠷᠡᠭᠲᠡᠶ︾ ᠭᠡᠵᠡᠶ᠃ | ᠴᠦᠩᠴᠢᠩ ᠬᠤᠲᠠ ᠶᠢᠨ ᠷᠦᠩ ᠴᠠᠩ ᠲᠣᠭᠤᠷᠢᠭ ᠤᠨ ᠬᠢᠨ ︽ᠬᠤᠶᠠᠷ ᠮᠥᠩᠭᠦ ᠭᠤᠷᠪᠠᠨ ᠲᠦᠷᠢᠮ︾ ᠢ | ᠰᠢᠨ᠎ᠡ ᠪᠠᠷ ᠡᠭᠦᠳᠦᠨ ᠰᠦᠪᠡᠭᠴᠢᠯᠡᠵᠦ᠂ ᠴᠠᠯᠢᠩ ᠥᠷᠢᠲᠦᠬᠦ ᠠᠷᠬᠠᠭ ᠭᠡᠮ ᠢ ᠵᠠᠰᠠᠵᠤ᠂ ᠪᠠᠷᠢᠯᠭ᠎ᠠ ᠶᠢᠨ | ᠲᠠᠯ᠎ᠠ ᠶᠢᠨ ᠬᠢᠨ ᠢ ᠴᠠᠯᠢᠩ ᠤᠨ ᠪᠠᠲᠤᠯᠠᠭ᠎ᠠ ᠶᠢᠨ ᠮᠥᠩᠭᠦ᠂ ᠴᠠᠯᠢᠩ ᠥᠷᠢᠲᠦᠬᠦ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠥᠩᠭᠦ ᠲᠤᠰᠢᠶᠠᠯᠭᠠᠬᠤ ᠶᠢᠨ ᠬᠠᠮᠲᠤ ᠲᠡᠭᠦᠨ ᠢ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠲᠠᠢ | ᠬᠤᠯᠪᠣᠭᠳᠠᠭᠤᠯᠬᠤ ᠶᠢᠨ ᠬᠠᠮᠲᠤ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠬᠦᠷᠢᠶᠡᠨ ᠳᠠᠬᠢ ᠪᠠᠶᠢᠭᠤᠯᠵᠤ | ᠪᠠᠶᠢᠭ᠎ᠠ ᠢᠨᠵᠧᠨᠧᠷᠢᠩ ᠤᠨ ᠲᠥᠷᠥᠯ ᠵᠦᠶ᠋ᠯ ᠳᠤ ᠬᠥᠯᠥᠰᠥᠨ ᠠᠵᠢᠯᠴᠢᠨ ᠤ ᠴᠠᠯᠢᠩ ᠥᠭᠬᠦ ᠶᠢ ᠬᠢᠨᠠᠨ ᠡᠵᠡᠮᠳᠡᠵᠦ | ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ ᠭᠡᠵᠦ ᠱᠠᠭᠠᠷᠳᠠᠪᠠ᠃ ︽ | ᠪᠠᠲᠤᠯᠠᠭ᠎ᠠ ᠶᠢᠨ ᠮᠥᠩᠭᠦ ᠶᠢᠨ ᠳᠦᠷᠢᠮ ᠢ ᠪᠣᠳᠠᠲᠠᠶ ᠨᠠᠶᠢᠳᠠᠪᠤᠷᠢᠵᠢᠭᠤᠯᠬᠤ ᠶᠢᠨ ᠲᠤᠰᠠᠳᠠ ᠪᠢᠳᠡ ᠴᠠᠯᠢᠩ ᠤᠨ | ᠪᠠᠲᠤᠯᠠᠭ᠎ᠠ ᠶᠢᠨ ᠮᠥᠩᠭᠦ ᠶᠢᠨ ᠵᠦᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠨ᠎ᠠ︾᠃ ᠷᠦᠩᠴᠠᠩ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠥᠷᠢᠲᠦᠬᠦ ᠦᠶ᠋ᠯᠡ ᠠᠵᠢᠯᠯᠠᠭ᠎ᠠ ᠥᠬᠡᠶ ᠠᠵᠤ | ᠠᠬᠤᠶᠢᠯᠠᠯ ᠳᠤ ᠳᠤᠲᠠᠭᠤ ᠲᠤᠰᠢᠶᠠᠵᠤ ᠪᠣᠯᠤᠨ᠎ᠠ᠂ ᠮᠠᠭᠤ ᠰᠠᠨᠠᠭ᠎ᠠ ᠲᠠᠢ ᠪᠠᠷ ᠥᠷᠢᠲᠦᠪᠡᠯ ᠢᠯᠡᠭᠦᠤ ᠰᠢᠭ ᠲᠤᠰᠢᠶᠠᠬᠤ | ᠬᠡᠷᠡᠭᠲᠡᠶ᠃ ᠨᠢᠭᠡᠨᠲᠡ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠪᠥᠭᠡᠳ ᠬᠥᠯᠥᠰᠥᠨ ᠠᠵᠢᠯᠴᠢᠨ ᠤ ᠴᠠᠯᠢᠩ ᠢ | ᠭᠦᠢᠴᠡᠳ ᠲᠤᠭ᠎ᠠ ᠪᠠᠷ ᠥᠭᠭᠦᠭᠰᠡᠨ ᠢᠨᠵᠧᠨᠧᠷᠢᠩ ᠤᠨ ᠲᠥᠷᠥᠯ ᠵᠦᠢᠯ ᠢ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠵᠤ ᠨᠤᠲᠠᠯᠠᠭᠰᠠᠨ ᠤ ᠳᠠᠷᠠᠭ᠎ᠠ᠂ 2 | ᠠᠵᠢᠯᠯᠠᠬᠤ ᠡᠳᠦᠷ ᠤᠨ ᠳᠣᠲᠣᠷ᠎ᠠ ᠵᠢᠷᠤᠮ ᠶᠣᠰᠣᠭᠠᠷ ᠪᠠᠲᠤᠯᠠᠭ᠎ᠠ ᠶᠢᠨ ᠮᠥᠩᠭᠦ ᠶᠢ ᠪᠤᠴᠠᠭᠠᠵᠤ ᠥᠭᠭᠦᠨ᠎ᠡ᠃ | ᠹᠦᠵᠢᠶᠠᠨ ᠮᠤᠵᠢ ᠶᠢᠨ ᠱᠢ ᠱᠢ ᠱᠢ ᠬᠤᠲᠠ ᠶᠢᠨ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠬᠦ | ᠬᠠᠮᠲᠤᠯᠢᠭ ᠮᠤᠨᠳᠠᠭ ᠶᠡᠭᠡ ᠪᠠᠶᠢᠵᠤ᠂ ᠲᠤᠬᠠᠶ ᠶᠢᠨ ᠭᠠᠵᠠᠷ ᠤᠨ ᠬᠢᠨ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠥᠳᠡᠯᠮᠦᠷᠢ ᠶᠢᠨ ᠬᠠᠷᠢᠴᠠᠭᠠᠨ ᠤ ᠲᠠᠰᠤᠭ᠂ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ᠂ ᠬᠥᠳᠡᠯᠮᠦᠷᠢ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠵᠡᠷᠭᠡ 3 ᠨᠢᠭᠡᠴᠡ ᠶᠢ ᠨᠢᠭᠡᠳᠬᠡᠨ ᠲᠥᠪᠯᠡᠷᠡᠭᠦᠯᠦᠨ | ᠠᠵᠢᠯᠯᠠᠭᠤᠯᠵᠤ᠂ ︽ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠦᠢᠯᠡᠴᠢᠯᠡᠭᠡᠨ ᠤ ᠲᠥᠪ︾ ᠢ | ᠪᠠᠶᠢᠭᠤᠯᠤᠨ᠂ ᠬᠡᠷᠡᠭ ᠢ ᠰᠢᠶ᠋ᠳᠪᠦᠷᠢᠯᠡᠬᠦ ᠶᠠᠪᠤᠴᠠ ᠶᠢ ᠵᠢᠷᠤᠮᠵᠢᠭᠤᠯᠵᠤ᠂ ︽ᠨᠢᠭᠡ ᠴᠣᠩᠬᠤᠨ ᠳᠤ ᠬᠦᠯᠢᠶᠡᠨ ᠠᠪᠴᠤ | ᠰᠢᠶ᠋ᠳᠪᠦᠷᠢᠯᠡᠬᠦ᠂ ᠨᠢᠭᠡ ᠮᠠᠲ᠋ᠧᠷᠢᠶᠠᠯ ᠭᠤᠶᠤᠴᠢᠯᠠᠬᠤ᠂ ᠭᠤᠷᠪᠠᠨ ᠰᠠᠯᠠᠭ᠎ᠠ ᠮᠥᠴᠢᠷ ᠬᠠᠮᠲᠤ ᠪᠠᠷ ᠡᠳ᠋ᠯᠡᠬᠦ︾ ᠬᠡᠷᠡᠭ ᠢ | ᠬᠦᠯᠢᠶᠡᠨ ᠠᠪᠴᠤ ᠰᠢᠶ᠋ᠳᠪᠦᠷᠢᠯᠡᠬᠦ ᠵᠠᠭᠪᠤᠷ ᠢ ᠬᠡᠷᠡᠭᠵᠢᠭᠦᠯᠵᠦ ᠪᠠᠶᠢᠨ᠎ᠠ᠃ 2021 ᠣᠨ ᠠᠴᠠ ᠨᠠᠰᠢ᠂ ᠲᠣᠰ | ᠲᠥᠪ ᠤᠨ ᠬᠢᠨ ᠨᠢᠭᠡᠨᠲᠡ 1000 ᠬᠤᠪᠢ ᠬᠥᠳᠡᠯᠮᠦᠷᠢ ᠴᠠᠯᠢᠩ ᠤᠨ ᠵᠢᠭᠤᠷᠠᠯᠳᠤᠭᠠᠨ ᠢ ᠵᠣᠬᠢᠴᠠᠭᠤᠯᠤᠨ | ᠰᠢᠶ᠋ᠳᠪᠦᠷᠢᠯᠡᠵᠦ᠂ ᠰᠢᠯᠵᠢᠭᠦᠯᠦᠨ ᠪᠤᠴᠠᠭᠠᠭᠰᠠᠨ ᠨᠣᠷᠮ᠎ᠠ ᠨᠢ 60% ᠶᠢ ᠳᠠᠪᠠᠵᠠᠶ᠃ | ᠬᠥᠯᠥᠰᠥᠨ ᠠᠵᠢᠯᠴᠢᠨ ᠤ ᠴᠠᠯᠢᠩ ᠥᠷᠢᠲᠦᠬᠦ ᠠᠵᠢᠯᠯᠠᠭ᠎ᠠ ᠶᠢ ᠦᠨᠳᠦᠰᠦᠨ ᠠᠴᠠ ᠨᠢ ᠵᠠᠰᠠᠬᠤ ᠳᠤ | ᠡᠷᠬᠡ ᠪᠠᠨ ᠬᠠᠮᠠᠭᠠᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠬᠤ ᠴᠢᠬᠤᠯᠠᠲᠠᠶ ᠶᠤᠮ᠃ | ᠣᠳᠣᠬᠠᠨ ᠳᠤ᠂ ︽ᠪᠥᠬᠦ ᠤᠯᠤᠰ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠰᠦᠪᠡᠭᠴᠢ ᠶᠢ | ᠲᠤᠰᠬᠠᠬᠤ ᠲᠠᠪᠴᠠᠩ︾ ᠨᠢ ᠨᠢᠭᠡᠨᠲᠡ ᠴᠠᠭ ᠢᠮᠠᠭᠲᠠ ᠭᠠᠵᠠᠷ ᠣᠷᠣᠨ ᠠᠯᠤᠰᠯᠠᠨ ᠵᠠᠭᠠᠯᠳᠤᠯᠭ᠎ᠠ ᠶᠢ ᠭᠥᠯᠢᠶᠡᠨ | ᠠᠪᠴᠤ ᠪᠣᠯᠬᠤ ᠪᠣᠯᠵᠠᠶ᠂ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ | ᠰᠢᠶ᠋ᠳᠪᠦᠷᠢᠯᠡᠨ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠥᠪᠡᠷ ᠤᠨ ᠥᠷᠲᠡᠭ ᠢ ᠢᠳᠡᠪᠬᠢᠲᠡᠶ ᠪᠠᠷ | ᠪᠠᠭᠤᠷᠠᠭᠤᠯᠤᠨ᠎ᠠ︔ ᠵᠠᠷᠢᠮ ᠭᠠᠵᠠᠷ ᠤᠨ ᠬᠢᠨ ᠪᠠᠰᠠ ᠮᠤᠵᠢ ᠬᠤᠲᠠ ᠰᠢᠶᠠᠨ ᠭᠤᠷᠪᠠᠨ ᠱᠠᠲᠤᠨ ᠤ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠬᠠᠶ᠋ᠢᠭ ᠵᠢᠴᠢ ᠤᠲᠠᠰᠤ ᠶᠢ | ᠨᠡᠶᠢᠲᠡᠯᠡᠵᠦ᠂ ᠴᠠᠭᠠᠨ ᠰᠠᠷ᠎ᠠ ᠠᠴᠠ ᠡᠮᠦᠨ᠎ᠡ ᠢᠯᠡᠴᠢᠯᠡᠨ ᠮᠡᠳᠡᠭᠦᠯᠬᠦ ᠤᠲᠠᠰᠤ ᠪᠠᠷ 24 ᠴᠠᠭ ᠢᠶᠠᠷ ᠵᠢᠵᠢᠭᠦᠷᠯᠡᠬᠦ | ᠳᠦᠷᠢᠮ ᠢ ᠬᠡᠷᠡᠭᠵᠢᠭᠦᠯᠦᠨ᠎ᠡ ᠱᠠᠨᠳᠦ᠋ᠩ ᠮᠤᠵᠢ ᠶᠢᠨ ᠵᠢᠨᠠᠨ ᠬᠤᠲᠠ ᠶᠢᠨ ᠬᠢᠨ ᠰᠦᠯᠵᠢᠶᠡᠨ ᠥᠷᠲᠡᠭᠡ᠂ | ᠸᠢᠴᠠᠲ᠂ ᠪᠢᠴᠢᠯ ᠪᠯᠤᠭ ᠢ ᠨᠢᠭᠡ ᠴᠤᠭᠴᠠᠵᠢᠭᠤᠯᠤᠭᠰᠠᠨ ᠬᠥᠯᠥᠰᠥᠨ ᠠᠵᠢᠯᠴᠢᠨ ᠤ ᠰᠦᠯᠵᠢᠶᠡᠨ ᠳᠡᠭᠡᠷᠡᠬᠢ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠵᠦᠢᠯ ᠪᠣᠯᠭᠠᠨ ᠳᠤ ᠬᠠᠷᠢᠭᠤᠯᠲᠠ ᠥᠭᠴᠦ᠂ ᠶᠠᠪᠤᠳᠠᠯ ᠪᠣᠯᠭᠠᠨ ᠳᠤ | ᠬᠠᠷᠢᠭᠤᠯᠲᠠ ᠥᠭᠬᠦ ᠶᠢ ᠪᠡᠶᠡᠯᠡᠭᠦᠯᠵᠡᠶ᠃ ᠣᠳᠣᠬᠠᠨ ᠳᠤ᠂ ᠵᠢᠨᠠᠨ ᠤ ᠪᠣᠶ ᠪᠥᠬᠦᠶ ᠰᠢᠶᠠᠨ ᠲᠣᠭᠤᠷᠢᠭ᠂ ᠵᠡᠭᠡᠯᠢ | ᠭᠤᠳᠤᠮᠵᠢ ᠵᠡᠷᠭᠡ ᠳᠤ ᠴᠥᠮ ᠬᠥᠯᠥᠰᠥᠨ ᠠᠵᠢᠯᠴᠢᠨ ᠤ ᠦᠶ᠋ᠯᠡᠴᠢᠯᠡᠭᠡᠨ ᠤ ᠪᠠᠶᠢᠭᠤᠯᠤᠮᠵᠢ ᠪᠠᠶᠢᠭᠤᠯᠵᠤ᠂ ᠪᠥᠬᠦ | ᠬᠤᠲᠠ ᠶᠢ ᠬᠠᠮᠤᠷᠤᠭᠰᠠᠨ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠲᠠᠪᠤᠨ ᠱᠠᠲᠤᠨ ᠤ | ᠦᠶ᠋ᠯᠡᠴᠢᠯᠡᠭᠡᠨ ᠤ ᠲᠣᠤᠷ ᠰᠦᠯᠵᠢᠶ᠎ᠡ ᠶᠢ ᠪᠣᠶ ᠪᠣᠯᠭᠠᠪᠠ᠃ | ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ | ᠳᠡᠳ᠋ ᠫᠷᠤᠹᠤᠰᠰᠤᠷ ᠶᠠᠩ ᠮᠤᠤ ᠰᠠᠨᠠᠭᠤᠯᠬᠤ ᠳᠠᠭᠠᠨ᠂ ᠴᠠᠯᠢᠩ ᠥᠭᠬᠦ ᠶᠢ ᠬᠢᠨᠠᠨ ᠡᠵᠡᠮᠳᠡᠬᠦ ᠪᠠ ᠢᠲᠡᠭᠡᠮᠵᠢ ᠣᠯᠭᠤᠬᠤ | ᠵᠡᠷᠭᠡ ᠢᠵᠢ ᠪᠥᠷᠢᠳᠦᠭᠦᠯᠬᠦ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ ᠭᠡᠵᠡᠶ᠃ ᠲᠡᠷᠡ ᠢᠯᠡᠷᠬᠡᠶᠢᠯᠡᠬᠦ ᠳᠡᠭᠡᠨ᠂ ᠵᠠᠷᠢᠮ | ᠭᠠᠵᠠᠷ ᠤᠨ ᠬᠢᠨ ᠴᠠᠯᠢᠩ ᠥᠭᠬᠦ ᠳᠡᠭᠡᠨ ᠬᠠᠤᠯᠢ ᠶᠢ ᠰᠠᠬᠢᠬᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ | ᠪᠠᠶᠢᠭᠤᠯᠵᠤ᠂ ᠢᠲᠡᠭᠡᠯ ᠠᠯᠳᠠᠭᠰᠠᠨ ᠨᠢᠭᠡᠴᠡ ᠶᠢ ᠵᠠᠯᠬᠠᠭᠠᠨ ᠴᠡᠭᠡᠷᠯᠡᠭᠦᠯᠬᠦ ᠶᠢᠨ ᠬᠠᠮᠲᠤ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠴᠢᠩᠭᠠᠳᠬᠠᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ ᠭᠡᠵᠡᠶ᠃ ᠡᠨᠡ ᠨᠢ | ᠪᠢᠳᠡᠨ ᠤ ᠢᠵᠢ ᠪᠦᠷᠢᠳᠦᠭᠦᠯᠬᠦ ᠲᠦᠷᠢᠮ ᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠲᠤᠪᠤᠶᠢᠯᠭᠠᠨ | ᠂ ︽ᠬᠡᠷᠡᠭ ᠤᠨ ᠲᠠᠷᠠᠭ᠎ᠠ ᠡᠷᠬᠡ ᠪᠠᠨ ᠬᠠᠮᠠᠭᠠᠯᠠᠬᠤ︾ ᠶᠢ ︽ᠬᠡᠷᠡᠭ ᠤᠨ ᠡᠮᠦᠨ᠎ᠡ ᠰᠡᠷᠭᠡᠶᠢᠯᠡᠬᠦ︾ ᠪᠣᠯᠭᠠᠨ | ᠬᠤᠪᠢᠷᠠᠭᠤᠯᠬᠤ ᠶᠢ ᠪᠡᠶᠡᠯᠡᠭᠦᠯᠬᠦ ᠶᠢ ᠰᠡᠩᠬᠡᠷᠡᠭᠦᠯᠦᠭᠰᠡᠨ ᠪᠠᠶᠢᠨ᠎ᠠ᠃ ᠵᠢᠱᠢᠶᠡᠯᠡᠪᠡᠯ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢᠲᠡᠶ ᠪᠠᠷ ᠲᠣᠭᠠᠴᠠᠭ᠎ᠠ ᠬᠢᠬᠦ ᠶᠢ ᠱᠠᠩᠨᠠᠨ ᠬᠥᠬᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠵᠡᠷᠭᠡ ᠳᠡᠰ ᠤᠨ | ᠦᠨᠡᠯᠡᠯᠲᠡ ᠪᠠᠷ ᠰᠠᠶᠢᠨ ᠠᠵᠤ ᠠᠬᠤᠶᠢᠯᠠᠯ ᠤᠨ ᠲᠣᠭᠠᠴᠠᠭ᠎ᠠ ᠬᠢᠬᠦ ᠶᠢ ᠪᠠᠲᠤᠯᠠᠬᠤ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢᠨ ᠳᠤᠮᠳᠠ ᠡᠳ᠋ ᠤᠨ ᠵᠠᠰᠠᠭ ᠤᠨ ᠤᠷᠮᠠᠰᠢᠭᠤᠯᠤᠯ ᠣᠯᠭᠤᠵᠤ᠂ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠦᠶ᠋ᠯᠡᠳᠪᠦᠷᠢᠯᠡᠯ ᠤᠨ ᠵᠥᠪᠰᠢᠶᠡᠷᠡᠯ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠵᠡᠷᠭᠡ ᠲᠠᠯ᠎ᠠ ᠪᠠᠷ ᠡᠩ | ᠲᠡᠷᠢᠭᠦᠨ ᠳᠤ ᠪᠣᠳᠣᠯᠬᠢᠯᠠᠵᠤ ᠪᠣᠯᠤᠨ᠎ᠠ᠃ | ︵ᠰᠤᠷᠪᠤᠯᠵᠢᠯᠠᠭᠴᠢ ᠬᠤᠸᠠᠩ ᠴᠤᠤ ᠱᠤᠨ ᠵᠢᠩ ᠷᠠᠨ ᠯᠢᠦ ᠰᠢᠨ ᠦ᠋ ᠠᠷᠠᠳ ᠤᠨ ᠰᠦᠯᠵᠢᠶ᠎ᠡ ᠶᠢᠨ ᠵᠥᠩ | ᠴᠢᠶᠣᠤ ᠬᠤᠸᠠ᠂ ᠯᠢᠦ ᠪᠦᠦ ᠴᠢᠨ ᠰᠤᠷᠪᠤᠯᠵᠢᠯᠠᠨ ᠪᠢᠴᠢᠬᠦ ᠳᠤ ᠣᠷᠣᠯᠴᠠᠪᠠ︶ | | | | | | | | | |