ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠄ ᠲᠠᠪᠤᠨ ᠲᠠᠯ᠎ᠠ ᠶᠢᠨ ᠲᠥᠷᠥ ᠶᠢᠨ ᠪᠣᠳᠣᠯᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠥᠭᠵᠢᠯᠲᠡ ᠶᠢ ᠳᠡᠮᠵᠢᠨ᠎ᠡ
ᠨᠡᠶᠢᠲᠡᠯᠡᠭᠰᠡᠨ ᠴᠠᠭ᠄
2022/1/11
     ᠰᠢᠨᠬᠤᠸᠠ ᠬᠤᠷᠢᠶᠠᠨ ᠤ ᠴᠠᠬᠢᠯᠭᠠᠨ ᠮᠡᠳᠡᠭᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ 7 ᠤ ᠡᠳᠦᠷ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠨᠡᠶᠢᠲᠡᠯᠡᠵᠦ᠂ ᠲᠠᠪᠤᠨ ᠲᠠᠯ᠎ᠠ ᠶᠢᠨ 21 ᠵᠤᠷᠪᠤᠰ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ ᠪᠠᠬᠢᠵᠢᠭᠦᠯᠦᠨ ᠦᠷᠭᠡᠳᠭᠡᠬᠦ ᠶᠢ ᠲᠡᠮᠵᠢᠬᠦ ᠲᠡᠶᠢᠰᠢ ᠬᠡᠯᠪᠠᠶᠢᠯᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠠᠷ ᠪᠠᠶᠢᠨ᠎ᠠ᠃ ᠲᠠᠪᠤᠨ ᠲᠠᠯ᠎ᠠ ᠪᠠᠷ ᠬᠡᠯᠪᠠᠶᠢᠯᠭᠡᠬᠦ ᠲᠥᠷᠥ ᠶᠢᠨ ᠪᠣᠳᠣᠯᠭ᠎ᠠ ᠳᠤ᠄ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ︔ ᠮᠡᠷᠭᠡᠵᠢᠯ ᠴᠢᠳᠠᠪᠤᠷᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠡᠶᠡᠯᠡᠬᠦᠯᠬᠦ︔ ᠨᠡᠶᠢᠭᠡᠮ ᠤᠨ ᠪᠠᠲᠤᠯᠠᠭ᠎ᠠ ᠪᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ︔ ᠴᠢᠳᠠᠪᠤᠷᠢᠲᠠᠨ ᠠᠵᠢᠯᠲᠠᠨ ᠤ ᠶᠠᠪᠤᠳᠠᠯ ᠤᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠳᠣᠲᠣᠭᠠᠳᠤ ᠬᠥᠭᠵᠢᠯᠲᠡ ᠶᠢᠨ ᠴᠢᠳᠠᠪᠤᠷᠢ ᠶᠢ ᠨᠡᠮᠡᠭᠲᠡᠬᠦᠯᠬᠦ︔ ᠵᠡᠭᠦᠨ ᠪᠠᠷᠠᠭᠤᠨ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠤ ᠤᠷ᠎ᠠ ᠴᠢᠳᠠᠪᠤᠷᠢ ᠶᠢᠨ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠬᠤ ᠶᠢ ᠪᠠᠭᠲᠠᠭᠠᠵᠠᠢ᠃ ᠰᠠᠨᠠᠯ ᠳᠤ ᠲᠤᠲᠤᠷᠬᠠᠶᠢᠯᠠᠬᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠂ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠵᠢᠯ ᠪᠦᠷᠢ ᠶᠢᠨ ᠠᠵᠢᠯ ᠣᠯᠭᠤᠯᠲᠠ ᠶᠢᠨ ᠬᠡᠪᠴᠢᠶ᠎ᠡ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠵᠢᠯ ᠤᠯᠬᠤ ᠬᠦᠰᠡᠯ ᠡᠷᠡᠮᠡᠯᠵᠡᠯ ᠲᠠᠢ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠵᠢᠯ ᠣᠯᠵᠤ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠬᠠᠪᠰᠤᠷᠤᠨ᠎ᠠ︔ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠤᠨ ᠬᠡᠷ ᠪᠦᠯᠢ ᠶᠢᠨ ᠪᠣᠯᠪᠠᠰᠤᠷᠠᠭᠤᠯᠤᠯ ᠤᠨ ᠱᠠᠭᠠᠷᠳᠠᠯᠭ᠎ᠠ ᠲᠠᠢ ᠬᠥᠳᠡᠯᠮᠦᠷᠢ ᠶᠢᠨ ᠬᠦᠴᠦᠨ ᠳᠤ ᠴᠥᠮ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠣᠷᠣᠯᠴᠠᠬᠤ ᠲᠣᠬᠢᠶᠠᠯ ᠲᠠᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠳᠤ ᠰᠤᠷᠤᠯᠴᠠᠬᠤ ᠬᠦᠰᠡᠯ ᠡᠷᠡᠮᠡᠯᠵᠡᠯ ᠲᠠᠢ ︽ᠬᠤᠶᠠᠷ ᠰᠡᠭᠦᠯᠴᠢ ᠶᠢᠨ ᠰᠣᠷᠣᠭᠴᠢ︾ ᠳᠤ ᠴᠥᠮ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠭᠥᠷᠳᠡᠬᠦ ᠲᠣᠬᠢᠶᠠᠯ ᠲᠠᠢ ᠪᠠᠶᠢᠬᠤ ᠶᠢ ᠪᠡᠶᠡᠯᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠯᠦᠪᠦᠷᠢ ᠲᠤᠰᠢᠶᠠᠬᠤ ᠳᠤ ᠬᠦᠴᠢᠷᠳᠡᠯᠲᠡᠶ ᠬᠥᠮᠦᠰ ᠤᠨ ᠳᠠᠭᠠᠳᠬᠠᠯ ᠤᠨ ᠲᠦᠯᠦᠪᠦᠷᠢ ᠶᠢ ᠣᠷᠣᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠠᠨᠠᠯ ᠳᠤ ᠵᠢᠭᠠᠬᠰᠠᠨ ᠨᠢ᠂ ᠮᠡᠷᠭᠡᠵᠢᠯ ᠤᠨ ᠴᠣᠯᠠ ᠶᠢᠨ ᠦᠨᠡᠯᠡᠨ ᠤᠷᠢᠬᠤ ᠲᠥᠷᠥ ᠶᠢᠨ ᠪᠣᠳᠣᠯᠭ᠎ᠠ ᠶᠢ ᠬᠡᠯᠪᠠᠶᠢᠯᠭᠡᠵᠦ᠂ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ︽ᠬᠠᠨᠳᠤᠯᠭ᠎ᠠ ᠲᠠᠢ ᠪᠠᠷ ᠦᠨᠡᠯᠡᠬᠦ᠂ ᠬᠠᠨᠳᠤᠯᠭ᠎ᠠ ᠲᠠᠢ ᠪᠠᠷ ᠬᠡᠷᠡᠭᠯᠡᠬᠦ︾ ᠦᠨᠳᠦᠰᠦᠨ ᠱᠠᠲᠤᠨ ᠤ ᠮᠡᠷᠭᠡᠵᠢᠯ ᠤᠨ ᠴᠣᠯᠠ ᠶᠢᠨ ᠦᠨᠡᠯᠡᠨ ᠤᠷᠢᠬᠤ ᠲᠦᠷᠢᠮ ᠢ ᠨᠠᠶᠢᠳᠠᠪᠤᠷᠢᠵᠢᠭᠤᠯᠬᠤ ᠶᠢ ᠵᠢᠯᠣᠭᠤᠳᠤᠨ᠎ᠠ᠃ ᠨᠡᠩ ᠢᠯᠡᠭᠦᠦ ᠬᠡᠯᠪᠠᠶᠢᠯᠭᠡᠬᠦ ᠴᠠᠯᠢᠩ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠵᠢᠯᠣᠭᠤᠳᠤᠨ ᠠᠵᠢᠯ ᠦᠢᠯᠡᠰ ᠤᠨ ᠨᠢᠭᠡᠴᠢ ᠶᠢᠨ ᠰᠢᠶᠠᠩ ᠪᠠᠯᠭᠠᠰᠤᠨ ᠤ ᠠᠵᠢᠯ ᠤᠨ ᠨᠥᠬᠦᠪᠥᠷᠢ ᠶᠢ ᠬᠡᠷᠡᠭᠵᠢᠭᠦᠯᠬᠦ ᠠᠷᠭ᠎ᠠ ᠶᠢ ᠲᠡᠭᠦᠯᠳᠡᠷᠵᠢᠭᠦᠯᠵᠦ᠂ ᠬᠡᠯᠪᠠᠶᠢᠯᠭᠡᠬᠦ ᠡᠷᠴᠢᠮ ᠢ ᠴᠢᠩᠭᠠᠷᠠᠭᠤᠯᠤᠨ᠎ᠠ︔ ᠶᠡᠷᠦᠩᠬᠡᠢ ᠰᠠᠯᠠᠭᠠᠨ ᠤ ᠡᠮᠴᠢ ᠶᠢᠨ ᠴᠠᠯᠢᠩ ᠤᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ︔ ᠬᠤᠯᠪᠣᠭᠳᠠᠯ ᠪᠦᠬᠦᠢ ᠭᠠᠵᠠᠷ ᠣᠷᠣᠨ ᠤ ᠰᠢᠶᠠᠨ ᠠᠴᠠ ᠳᠣᠷᠣᠭᠰᠢᠬᠢ ᠠᠵᠢᠯ ᠦᠢᠯᠡᠰ ᠤᠨ ᠨᠢᠭᠡᠴᠡ ᠳᠤ ᠣᠴᠢᠵᠤ ᠠᠵᠢᠯᠯᠠᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠴᠠᠯᠢᠩ ᠢ ᠥᠨᠳᠥᠷ ᠲᠣᠭᠲᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤ ᠲᠡᠰᠢ ᠰᠢᠯᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ ᠳᠡᠭᠡᠷ᠎ᠡ ᠳᠤᠷᠠᠳᠤᠭᠰᠠᠨ ᠰᠠᠨᠠᠯ ᠢ ᠳᠠᠷᠤᠮᠠᠯᠯᠠᠨ ᠲᠠᠷᠬᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1