ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠤᠭᠤᠲᠤ ᠬᠤᠲᠠ ᠶᠢᠨ ᠬᠥᠮᠦᠰ ᠲᠤ ᠺᠣᠳ᠋ ᠰᠢᠷᠪᠢᠵᠦ ᠮᠡᠳᠡᠭᠦᠯᠦᠨ ᠳᠠᠩᠰᠠᠯᠠᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/1/13
ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ    ᠠᠵᠢᠯ ᠤᠨ ᠵᠢᠯᠣᠭᠤᠳᠬᠤ ᠭᠠᠵᠠᠷ ᠤᠨ ᠪᠤᠭᠤᠲᠤ ᠬᠤᠲᠠ ᠳᠤ ᠣᠷᠣᠬᠤ ︵ᠪᠤᠴᠠᠬᠤ︶ ᠬᠥᠮᠦᠰ ᠤᠨ ᠲᠤᠬᠠᠶ    ᠲᠡᠮᠳᠡᠭ ᠢ ᠰᠢᠷᠪᠢᠵᠦ ᠳᠠᠩᠰᠠᠯᠠᠭᠤᠯᠬᠤ ᠪᠠᠷ ᠮᠡᠳᠡᠭᠦᠯᠬᠦ ᠵᠠᠷᠯᠠᠯ    ︵2022 ᠣᠨ ᠤ 3 ᠳ᠋ᠤᠭᠠᠷ ᠲᠣᠭᠠᠲᠤ︶      ᠣᠳᠣᠬᠠᠨ ᠳᠤ᠂ ᠣᠯᠠᠨ ᠮᠤᠵᠢ ᠬᠤᠲᠠ ᠳᠤ ᠠᠭᠤᠰᠬᠢᠨ ᠤ ᠰᠢᠨ᠎ᠡ ᠲᠢᠲᠢᠮ ᠤᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠢᠯᠡᠷᠡᠵᠦ᠂ ᠤᠯᠤᠰ ᠤᠨ ᠳᠣᠲᠣᠭᠠᠳᠤ ᠶᠢᠨ ᠠᠭᠤᠰᠬᠢᠨ ᠤ ᠰᠢᠨ᠎ᠡ ᠲᠢᠲᠢᠮ ᠤᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠵᠤ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠥᠬᠦᠶ ᠵᠦᠶ᠋ᠯᠡᠰ ᠢ ᠣᠲᠣ ᠳᠣᠤᠷᠠᠬᠢ ᠮᠡᠲᠦ ᠵᠠᠷᠯᠠᠶ᠎ᠠ᠄      ᠲᠣᠰ ᠡᠳᠦᠷ ᠠᠴᠠ ᠡᠬᠢᠯᠡᠨ᠂ ᠪᠤᠭᠤᠲᠤ ᠬᠤᠲᠠ ᠠᠴᠠ ᠭᠠᠳᠠᠨᠠᠬᠢ ᠭᠠᠵᠠᠷ ᠣᠷᠣᠨ ᠤ ᠨᠤᠲᠤᠭ ᠲᠠᠭᠠᠨ ᠪᠤᠴᠠᠭᠰᠠᠳ ᠡᠷᠬᠡᠪᠰᠢ 3 ᠡᠳᠦᠷ ᠤᠨ ᠡᠮᠦᠨ᠎ᠡ ︽ᠣᠷᠣᠬᠤ ︵ᠪᠤᠴᠠᠬᠤ︶ ᠪᠤᠭᠤᠲᠤ ᠬᠤᠲᠠ ᠶᠢᠨ ᠬᠥᠮᠦᠰ ᠤᠨ ᠳᠠᠩᠰᠠᠯᠠᠬᠤ ᠬᠤᠶᠠᠷ ᠬᠡᠮᠵᠢᠯᠳᠦ ᠺᠣᠳ᠋︾ ᠢ ᠰᠢᠷᠪᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠪᠤᠭᠤᠲᠤ ᠶᠢᠨ ᠬᠢᠯᠢ ᠳᠤ ᠤᠷᠤᠭᠰᠠᠨ ᠤ ᠳᠠᠷᠠᠭ᠎ᠠ᠂ ᠨᠤᠲᠤᠭ ᠲᠠᠭᠠᠨ ᠪᠤᠴᠠᠵᠤ ᠳᠠᠭᠠᠭᠠᠴᠢᠯᠠᠬᠤ ᠪᠠᠷ ᠢᠷᠡᠭᠰᠡᠨ ᠬᠥᠮᠦᠰ ᠡᠷᠬᠡᠪᠰᠢ ᠬᠠᠷᠢᠶ᠎ᠠ ᠭᠠᠵᠠᠷ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ ᠳᠠᠷᠦ᠋ᠢᠬᠠᠨ ᠮᠡᠳᠡᠭᠦᠯᠬᠦ ᠬᠡᠷᠡᠭᠲᠡᠶ᠃ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃    ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ ᠠᠭᠤᠰᠬᠢᠨ ᠦᠷᠪᠢᠰᠦᠯ    ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ    2022 ᠣᠨ ᠤ 1 ᠰᠠᠷ᠎ᠠ ᠶᠢᠨ 12 ᠤᠨ ᠡᠳᠦᠷ    
 
ᠢᠷᠡᠯᠲᠡ᠄ ᠥᠨᠥᠳᠦᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1