| ᠡᠷᠡᠭᠦᠯ ᠡᠩᠬᠡ ᠶᠢᠨ ᠳ᠋ᠦᠩ ᠾᠧ ᠶᠢᠨ ᠠᠵᠢᠯᠯᠠᠭ᠎ᠠ ᠪᠠ ᠲᠠᠪᠤᠳᠠᠬᠢ ᠡᠷᠡᠭᠦᠯ ᠡᠩᠬᠡ ᠶᠢ ᠠᠬᠢᠭᠤᠯᠬᠤ | ᠰᠠᠷ᠎ᠠ ᠶᠢᠨ ᠠᠵᠢᠯᠯᠠᠭ᠎ᠠ ᠶᠢᠨ ᠵᠢᠯᠣᠭᠤᠳᠣᠯᠭ᠎ᠠ ᠵᠢᠴᠢ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠳ᠋ᠦᠩ | ᠾᠧ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠢ ᠴᠢᠩᠭᠠᠳᠬᠠᠬᠤ ᠶᠢᠨ | ᠲᠣᠭᠤᠷᠢᠨ ᠳᠤ᠂ ᠶᠡᠭᠡ ᠬᠡᠪᠴᠢᠶᠡᠨ ᠤ ᠪᠥᠬᠦ ᠬᠥᠮᠦᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠵᠤ ᠰᠢᠭᠰᠢᠨ | ᠪᠠᠶᠢᠴᠠᠭᠠᠬᠤ ᠴᠢᠳᠠᠪᠤᠷᠢ ᠪᠠ ᠲᠦᠷᠭᠡᠨ ᠲᠤᠰᠬᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠰᠢᠶᠠᠨ ᠤ | ᠬᠡᠪᠴᠢᠶᠡᠨ ᠳᠠᠬᠢ ᠶᠡᠭᠡ ᠬᠡᠪᠴᠢᠶᠡᠨ ᠤ ᠪᠥᠭᠡᠮ ᠬᠦᠴᠢᠯ ᠢ ᠰᠢᠭᠰᠢᠨ ᠪᠠᠶᠢᠴᠠᠭᠠᠬᠤ ᠳᠤ ᠬᠦᠴᠦᠲᠡᠶ ᠮᠡᠳᠡᠭᠡ | ᠵᠠᠩᠭᠢᠵᠢᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ 1 ᠳ᠋ᠦᠭᠡᠷ ᠰᠠᠷ᠎ᠠ ᠶᠢᠨ 11 ᠤ | ᠡᠳᠦᠷ ᠤᠨ ᠦᠳᠡ ᠶᠢᠨ ᠬᠤᠶᠢᠨ᠎ᠠ᠂ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠳᠤ ᠪᠥᠬᠦ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠰᠢᠰᠲ᠋ᠧᠮ ᠤᠨ ᠪᠦᠷᠢᠨ | ᠪᠦᠷᠬᠦᠭᠦᠯᠬᠦ ᠪᠣᠯᠪᠠᠰᠤᠷᠠᠭᠤᠯᠤᠯ ᠢ ᠥᠷᠨᠢᠭᠦᠯᠪᠡ᠃ ᠳ᠋ᠦᠩ ᠾᠧ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠪᠠᠢ ᠵᠢᠩ ᠢᠦᠢ ᠬᠤᠷᠠᠯ ᠢ ᠡᠷᠬᠢᠯᠡᠭᠰᠡᠨ ᠪᠥᠭᠡᠳ ᠪᠣᠳᠠᠲᠠᠢ ᠠᠵᠢᠯ ᠤᠨ | ᠱᠠᠭᠠᠷᠳᠠᠯᠭ᠎ᠠ ᠳᠤᠷᠠᠳᠴᠠᠢ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ | ᠠᠵᠢᠯᠲᠠᠳ ᠨᠠᠷᠢᠨ ᠨᠢᠭᠲᠠ ᠪᠣᠳᠠᠲᠠᠢ ᠲᠠᠶᠢᠯᠤᠮᠵᠢ ᠬᠢᠵᠡᠢ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠯ᠎ᠡ ᠬᠠᠮᠢᠶ᠎ᠠ ᠪᠥᠬᠦᠶ ᠲᠠᠰᠤᠭ ᠤᠨ ᠲᠠᠰᠤᠭ᠂ ᠡᠯ᠎ᠡ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠰᠬᠤᠨ ︵ᠰᠠᠭᠤᠭᠠᠯᠢ ᠠᠷᠠᠳ︶ ᠤ ᠬᠠᠮᠢᠶ᠎ᠠ ᠪᠥᠬᠦᠶ ᠪᠣᠳᠠᠲᠤ ᠪᠡᠶ᠎ᠡ ᠶᠢᠨ ᠲᠠᠮᠢᠷ ᠤᠨ ᠲᠡᠮᠳᠡᠭᠯᠡᠭᠴᠢ᠂ ᠮᠡᠳᠡᠭᠡ | ᠵᠠᠩᠭᠢᠴᠢ ᠪᠠᠷᠤᠭ 200 ᠭᠠᠷᠤᠶ ᠬᠥᠮᠦᠨ ᠤᠳᠠᠭ᠎ᠠ ᠪᠣᠯᠪᠠᠰᠤᠷᠠᠯ ᠳᠤ ᠣᠷᠣᠯᠴᠠᠵᠠᠶ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠢ ᠵᠠᠳᠠᠯᠵᠤ᠂ ᠬᠤᠲᠠ ᠶᠢᠨ ᠲᠣᠭᠤᠷᠢᠭ ᠤᠨ ᠬᠤᠶᠠᠷ ᠱᠠᠲᠤᠨ ᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ᠂ | ᠳ᠋ᠦᠩ ᠾᠧ ᠲᠣᠭᠤᠷᠢᠭ ᠤᠨ ᠰᠦᠯᠵᠢᠶᠡᠨ ᠭᠠᠳᠠᠨᠠᠬᠢ ᠲᠠᠰ ᠬᠤᠪᠢᠶᠠᠭᠰᠠᠨ ᠪᠣᠯᠪᠠᠰᠤᠷᠠᠭᠤᠯᠤᠯ ᠪᠠ ᠲᠤᠬᠠᠶ ᠶᠢᠨ | ᠲᠠᠯᠠᠪᠤᠷ ᠲᠤ ᠶᠡᠭᠡ ᠬᠡᠪᠴᠢᠶᠡᠨ ᠤ ᠪᠥᠭᠡᠮ ᠬᠦᠴᠢᠯ ᠤᠨ ᠰᠣᠷᠢᠯᠲᠠ ᠪᠠ ᠬᠡᠷᠡᠭᠯᠡᠯᠲᠡ ᠶᠢᠨ ᠰᠢᠰᠲ᠋ᠧᠮ ᠤᠨ ᠠᠵᠢᠯ ᠢ | ᠵᠢᠯᠣᠭᠤᠳᠤᠭᠰᠠᠨ ᠲᠤᠷᠰᠢᠯᠭ᠎ᠠ ᠶᠢ ᠳ᠋ᠦᠩᠨᠡᠵᠦ᠂ ᠬᠤᠷᠠᠯ ᠳᠤ ᠣᠷᠣᠯᠴᠠᠭᠰᠠᠳ ᠲᠠᠢ ᠬᠠᠮᠲᠤ ᠪᠠᠷ ᠣᠷᠣᠰᠢᠵᠤ ᠪᠠᠶᠢᠭ᠎ᠠ | ᠠᠰᠠᠭᠤᠳᠠᠯ ᠢ ᠵᠠᠳᠠᠯᠵᠤ᠂ ᠠᠵᠢᠯ ᠤᠨ ᠴᠡᠭᠴᠡᠯᠡᠨ ᠰᠠᠶᠢᠵᠢᠷᠠᠭᠤᠯᠬᠤ ᠴᠢᠭᠯᠡᠯ ᠪᠠ ᠰᠠᠨᠠᠭᠤᠯᠭ᠎ᠠ ᠶᠢ ᠳᠤᠷᠠᠳᠪᠠ᠃ | ᠣᠳᠣᠬᠠᠨ ᠳᠤ ᠬᠡᠷᠡᠭᠯᠡᠵᠦ ᠪᠠᠶᠢᠭ᠎ᠠ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠬᠤ | ᠬᠠᠮᠢᠶᠠᠷᠤᠯᠲᠠ ᠶᠢᠨ ᠰᠢᠰᠲ᠋ᠧᠮ ᠤᠨ 3.4 ᠬᠡᠪᠯᠡᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠤᠨ ᠪᠣᠳᠠᠲᠠᠶ | ᠪᠣᠯᠪᠠᠰᠤᠷᠠᠯ ᠤᠨ ᠪᠣᠯᠪᠠᠰᠤᠷᠠᠯ ᠬᠢᠵᠡᠶ᠃ ᠬᠡᠷᠡᠭᠯᠡᠭᠰᠡᠨ ᠲᠤᠷᠰᠢᠯᠭ᠎ᠠ ᠪᠠᠨ ᠬᠤᠷᠢᠶᠠᠩᠭᠤᠶᠢᠯᠠᠨ ᠳ᠋ᠦᠩᠨᠡᠵᠦ᠂ ︽ᠬᠤᠶᠠᠷ | ᠤᠳᠠᠭ᠎ᠠ ᠨᠢᠭᠡ ᠤᠳᠠᠭ᠎ᠠ ᠨᠢᠭᠡ ᠤᠳᠠᠭ᠎ᠠ ᠨᠢᠭᠡ ᠤᠳᠠᠭ᠎ᠠ ᠨᠢᠭᠡ ᠤᠳᠠᠭ᠎ᠠ ᠺᠣᠳ᠋ ᠰᠢᠷᠪᠢᠬᠦ︾ ᠠᠵᠢᠯ ᠤᠨ ᠠᠯᠬᠤᠮ | ᠳᠠᠷᠠᠭ᠎ᠠ ︵ᠳᠠᠷᠤᠶ ︽ᠬᠤᠶᠠᠷ ᠤᠳᠠᠭ᠎ᠠ︾ ᠪᠠᠷ ᠭᠦᠶᠦᠯᠭᠡᠨ ᠦᠵᠡᠭᠦᠯᠦᠭᠦᠷ ᠪᠠᠭᠤᠯᠭᠠᠬᠤ᠂ ᠭᠠᠷ ᠤᠲᠠᠰᠤᠨ ᠤ | APP ᠶᠢ ᠪᠠᠭᠤᠯᠭᠠᠬᠤ᠂ ︽ᠨᠢᠭᠡ ᠤᠳᠠᠭ᠎ᠠ︾ ᠪᠠᠷ ᠰᠢᠰᠲ᠋ᠧᠮ ᠤᠨ ᠡᠭᠦᠳᠦᠨ ᠪᠠᠶᠢᠭᠤᠯᠤᠭᠰᠠᠨ ᠥᠯᠢᠭᠡᠷ ᠠᠪᠬᠤ | ᠴᠡᠭ ᠤᠨ ᠡᠭᠦᠷᠭᠡ ᠶᠢᠨ ᠬᠤᠪᠢᠶᠠᠷᠢᠯᠠᠯᠲᠠ ᠶᠢᠨ ᠲᠠᠩᠰᠠᠨ ᠨᠣᠮᠧᠷ᠂ ︽ᠨᠢᠭᠡ ᠤᠳᠠᠭ᠎ᠠ ᠺᠣᠳ᠋ ᠰᠢᠷᠪᠢᠬᠦ︾ ᠪᠠᠷ | ᠡᠷᠡᠭᠦᠯ ᠮᠡᠨᠳᠦ ᠶᠢᠨ ᠺᠣᠳ᠋ ᠪᠤᠶᠤ ᠪᠡᠶ᠎ᠡ ᠶᠢᠨ ᠦᠨᠡᠮᠯᠡᠯ ᠢ ᠰᠢᠷᠪᠢᠬᠦ︶ ᠪᠠᠷ ᠳᠠᠮᠵᠢᠭᠤᠯᠤᠨ᠂ ᠡᠯ᠎ᠡ ᠪᠠᠯᠭᠠᠰᠤᠨ ᠤ | ᠠᠵᠢᠯᠯᠠᠬᠤ ᠪᠠ ᠬᠡᠷᠡᠭᠯᠡᠬᠦ ᠳᠤ ᠨᠠᠩ ᠲᠥᠬᠦᠮ ᠪᠣᠯᠭᠠᠨ᠎ᠠ᠃ ᠪᠣᠯᠪᠠᠰᠤᠷᠠᠭᠤᠯᠤᠯ ᠳᠤ ᠭᠤᠤᠯᠳᠠᠭᠤ ᠡᠯ᠎ᠡ ᠪᠠᠯᠭᠠᠰᠤᠨ ᠤ | ᠠᠯᠪᠠᠨ ᠬᠡᠷ ᠤᠨ ᠰᠢᠰᠲ᠋ᠧᠮ ᠤᠨ ᠬᠡᠷᠡᠭᠯᠡᠯᠲᠡ ᠶᠢᠨ ᠠᠷᠭ᠎ᠠ ᠪᠠ ᠪᠠᠶᠢᠷᠢᠯᠠᠭᠤᠯᠤᠯᠲᠠ ᠶᠢᠨ ᠠᠭᠤᠯᠭ᠎ᠠ ᠶᠢ | ᠲᠣᠳᠣᠷᠬᠠᠶᠢᠯᠠᠵᠤ᠂ ᠪᠠᠯᠭᠠᠰᠤᠨ ᠤ ᠠᠯᠪᠠᠨ ᠬᠡᠷ ᠤᠨ ᠬᠠᠷᠢᠶ᠎ᠠ ᠣᠷᠣᠨ ᠤ ᠪᠠᠶᠢᠴᠠᠭᠠᠨ ᠰᠢᠯᠭᠠᠬᠤ ᠴᠡᠭ ᠢ ︽ᠪᠦᠷᠢᠨ | ᠪᠥᠭᠡᠳ ᠲᠣᠳᠣᠷᠬᠠᠶ︾ ᠪᠠᠶᠢᠯᠭᠠᠬᠤ᠂ ᠰᠢᠰᠲ᠋ᠧᠮ ᠤᠨ ᠬᠡᠷᠡᠭᠯᠡᠯᠲᠡ ᠶᠢᠨ ᠠᠵᠢᠯᠲᠠᠨ ᠤ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠢ ︽ᠨᠠᠷᠢᠯᠢᠭ ᠪᠥᠭᠡᠳ ᠣᠨᠣᠪᠴᠢᠲᠠᠶ ᠪᠠᠶᠢᠯᠭᠠᠬᠤ︾᠂ ᠮᠡᠳᠡᠭᠡ ᠵᠠᠩᠭᠢ ᠶᠢᠨ | ᠳᠡᠩᠰᠡᠯᠡᠯᠲᠡ ᠶᠢᠨ ᠠᠵᠢᠯᠲᠠᠨ ᠤ ᠠᠵᠢᠯᠯᠠᠭ᠎ᠠ ᠶᠢ ︽ᠪᠣᠯᠪᠠᠰᠤᠷᠠᠩᠭᠤᠶ ᠪᠥᠭᠡᠳ ᠲᠦᠷᠭᠡᠨ︾ ᠪᠠᠶᠢᠯᠭᠠᠬᠤ᠂ ᠪᠠᠯᠠᠶ | ᠴᠡᠭ ᠪᠠ ᠪᠠᠶᠢᠴᠠᠭᠠᠬᠤ ᠶᠣᠰᠣᠲᠠᠶ ᠬᠥᠮᠦᠰ ᠤᠨ ᠰᠠᠭᠤᠷᠢ ᠲᠤᠭ᠎ᠠ ᠶᠢ ︽ᠲᠣᠳᠣᠷᠬᠠᠶ ᠪᠥᠭᠡᠳ ᠪᠦᠷᠢᠨ︾ ᠪᠠᠶᠢᠯᠭᠠᠬᠤ | ᠬᠡᠷᠡᠭᠲᠡᠶ ᠭᠡᠵᠦ ᠱᠠᠭᠠᠷᠳᠠᠪᠠ᠃ ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠪᠠᠰᠠ ᠤᠯᠤᠰ ᠤᠨ ᠳᠣᠲᠣᠭᠠᠳᠤ ᠶᠢᠨ | ᠪᠤᠰᠤᠳ ᠭᠠᠵᠠᠷ ᠣᠷᠣᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠵᠤ ᠳ᠋ᠦᠩᠨᠡᠭᠰᠡᠨ ᠲᠤᠷᠰᠢᠯᠭ᠎ᠠ ᠪᠠ ᠠᠩᠬᠠᠷᠬᠤ | ᠵᠦᠶ᠋ᠯ ᠤᠨ ᠬᠠᠷᠠᠭᠠᠨ ᠳᠠᠪᠲᠠᠮᠵᠢ ᠶᠢ ᠰᠤᠷᠤᠯᠴᠠᠵᠤ᠂ ᠡᠯ᠎ᠡ ᠪᠠᠶᠢᠴᠠᠭᠠᠨ ᠰᠢᠯᠭᠠᠬᠤ ᠴᠡᠭ ︵ᠲᠣᠰᠬᠤᠨ ᠤ ᠰᠠᠭᠤᠭᠠᠯᠢ | ᠠᠷᠠᠳ︶ ᠢ ᠭᠤᠷᠪᠠᠨ ᠲᠠᠯ᠎ᠠ ᠪᠠᠷ ᠬᠦᠴᠦ ᠣᠷᠣᠭᠤᠯᠬᠤ ᠬᠡᠷᠡᠭᠲᠡᠶ ᠭᠡᠵᠦ ᠱᠠᠭᠠᠷᠳᠠᠪᠠ᠂ ᠨᠢᠭᠡ ᠳᠤ᠂ ᠠᠵᠢᠯᠲᠠᠨ ᠤ | ᠲᠤᠬᠠᠶ ᠶᠢᠨ ᠲᠠᠯᠠᠪᠤᠷ ᠤᠨ ᠪᠣᠳᠠᠲᠠᠶ ᠪᠣᠯᠪᠠᠰᠤᠷᠠᠭᠤᠯᠤᠯ ᠤᠨ ᠲᠠᠯ᠎ᠠ ᠪᠠᠷ ᠬᠦᠴᠦ ᠣᠷᠣᠭᠤᠯᠵᠤ᠂ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠭᠠᠷ ᠤᠲᠠᠰᠤᠨ ᠤ ᠦᠵᠦᠭᠦᠷ ᠤᠨ ᠬᠡᠷᠡᠭᠯᠡᠭᠡᠨ ᠤ ᠵᠥᠭᠡᠯᠡᠨ | ᠲᠣᠨᠤᠭ ᠢ ᠤᠷᠢᠳᠴᠢᠯᠠᠨ ᠪᠠᠭᠤᠯᠭᠠᠨ ᠠᠪᠴᠤ᠂ ᠠᠵᠢᠯᠯᠠᠬᠤ ᠶᠠᠪᠤᠴᠠ ᠪᠠ ᠠᠯᠬᠤᠮ ᠳᠠᠷᠠᠭ᠎ᠠ ᠶᠢ ᠣᠶᠢᠯᠠᠭᠠᠬᠤ | ᠬᠡᠷᠡᠭᠲᠡᠶ᠃ ᠬᠤᠶᠠᠷ ᠲᠤ᠂ ᠡᠯ᠎ᠡ ᠥᠯᠢᠭᠡᠷ ᠠᠪᠬᠤ ᠴᠡᠭ ᠤᠨ ᠳᠠᠩᠰᠠᠯᠠᠭᠴᠢ᠂ ᠮᠡᠳᠡᠭᠡ ᠵᠠᠩᠭᠢᠴᠢ ᠶᠢᠨ ᠠᠵᠢᠯ ᠤᠨ | ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ ᠬᠦᠴᠦ ᠲᠠᠯᠪᠢᠬᠤ ᠶᠢ ᠲᠣᠳᠣᠷᠬᠠᠶᠢᠯᠠᠵᠤ᠂ ᠠᠵᠢᠯᠲᠠᠨ ᠤ ᠥᠯᠢᠭᠡᠷ ᠠᠪᠬᠤ | ᠴᠡᠭ ᠤᠨ ᠳᠠᠩᠰᠠᠯᠠᠭᠴᠢ ᠳᠤ ᠥᠯᠢᠭᠡᠷ ᠠᠪᠬᠤ ᠬᠥᠮᠦᠨ ᠢ ᠬᠡᠷᠬᠢᠨ ᠨᠡᠮᠡᠬᠦ᠂ ᠰᠢᠨ᠎ᠡ ᠬᠤᠷᠤᠭᠤ ᠰᠢᠯ ᠢ ᠡᠬᠢᠯᠡᠨ | ᠬᠡᠷᠡᠭᠯᠡᠬᠦ᠂ ᠨᠢᠭᠡᠨᠲᠡ ᠥᠯᠢᠭᠡᠷ ᠠᠪᠬᠤ ᠬᠤᠷᠤᠭᠤ ᠰᠢᠯ ᠤᠨ ᠮᠡᠳᠡᠭᠡ ᠵᠠᠩᠭᠢ ᠶᠢ ᠪᠠᠶᠢᠴᠠᠭᠠᠨ ᠦᠵᠡᠬᠦ ᠵᠡᠷᠭᠡ | ᠴᠤᠪᠤᠷᠠᠯ ᠢ ᠡᠵᠡᠮᠰᠢᠬᠦ ᠶᠢ ᠴᠢᠩᠭᠠᠳᠬᠠᠬᠤ ᠶᠢᠨ ᠬᠠᠮᠲᠤ᠂ ᠥᠯᠢᠭᠡᠷ ᠠᠪᠬᠤ ᠴᠡᠭ ᠤᠨ ᠮᠡᠳᠡᠭᠡ ᠵᠠᠩᠭᠢᠴᠢ ᠶᠢᠨ | ᠬᠠᠷᠢᠭᠤᠴᠠᠵᠤ ᠪᠠᠶᠢᠭ᠎ᠠ ᠬᠠᠶᠢᠷᠴᠠᠭ ᠨᠡᠭᠡᠭᠡᠬᠦ᠂ ᠬᠠᠶᠢᠷᠴᠠᠭ ᠪᠢᠲᠡᠭᠦᠮᠵᠢᠯᠡᠬᠦ᠂ ᠡᠭᠦᠷᠭᠡ ᠴᠢᠳᠠᠪᠤᠷᠢ ᠪᠠᠨ ᠰᠣᠯᠢᠬᠤ | ᠵᠡᠷᠭᠡ ᠴᠤᠪᠤᠷᠠᠯ ᠢ ᠵᠢᠷᠤᠮᠵᠢᠭᠤᠯᠤᠨ ᠬᠡᠷᠡᠭᠯᠡᠨ᠎ᠡ᠃ ᠭᠤᠷᠪᠠ ᠳᠤ᠂ ᠰᠠᠭᠤᠭᠠᠯᠢ ᠠᠷᠠᠳ ᠢ ᠳᠠᠶᠢᠴᠢᠯᠠᠬᠤ ᠪᠠ ᠵᠣᠬᠢᠶᠠᠨ | ᠪᠠᠶᠢᠭᠤᠯᠬᠤ ᠲᠠᠯ᠎ᠠ ᠪᠠᠷ ᠬᠦᠴᠦ ᠲᠠᠯᠪᠢᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ︵ᠭᠤᠤᠯ ᠬᠠᠮᠢᠶᠠᠷᠤᠭᠴᠢ | ᠥᠬᠡᠶ ᠬᠥᠮᠦᠰ ᠪᠠᠭᠲᠠᠨ᠎ᠠ︶ ᠤᠨ ᠰᠠᠭᠤᠷᠢ ᠲᠤᠭ᠎ᠠ ᠶᠢ ︽ᠲᠣᠳᠣᠷᠬᠠᠶᠢᠯᠠᠬᠤ︾᠂ ᠬᠦᠴᠢᠷᠳᠡᠯᠲᠡᠶ ᠬᠥᠮᠦᠰ ᠤᠨ | ᠪᠠᠶᠢᠳᠠᠯ ᠢ ︽ᠲᠣᠳᠣᠷᠬᠠᠶᠢᠯᠠᠬᠤ︾᠂ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠶᠢᠨ ᠡᠮᠬᠢ ᠳᠢᠭᠯᠢᠮ ᠢ ︽ | ᠴᠢᠩᠭᠠᠳᠬᠠᠬᠤ︾ ᠶᠢ ᠪᠡᠶᠡᠯᠡᠭᠦᠯᠦᠨ᠎ᠡ᠃ ᠪᠣᠯᠪᠠᠰᠤᠷᠠᠯ ᠤᠨ ᠬᠤᠷᠠᠯ ᠤᠨ ᠲᠤᠬᠠᠶ ᠶᠢᠨ ᠲᠠᠯᠠᠪᠤᠷ ᠲᠤ ᠪᠠᠰᠠ | ᠠᠵᠢᠯᠯᠠᠭᠠᠨ ᠤ ᠶᠠᠪᠤᠴᠠ ᠳᠤ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠬᠠᠷᠢᠭᠤᠯᠲᠠ ᠥᠭᠴᠦ᠂ ᠬᠤᠷᠠᠯ ᠳᠤ | ᠣᠷᠣᠯᠴᠠᠭᠰᠠᠳ ᠲᠤ ᠠᠵᠢᠯᠯᠠᠭᠠᠨ ᠤ ᠨᠠᠷᠢᠨ ᠵᠦᠶ᠋ᠯᠡᠰ ᠢ ᠨᠠᠩ ᠰᠢᠭᠤᠳ ᠣᠶᠢᠯᠠᠭᠠᠭᠤᠯᠵᠤ᠂ ᠮᠡᠳᠡᠭᠡ ᠵᠠᠩᠭᠢ | ᠴᠤᠭᠯᠠᠭᠤᠯᠬᠤ ᠠᠯᠬᠤᠮ ᠳᠠᠷᠠᠭ᠎ᠠ ᠶᠢ ᠦᠨᠡᠨ ᠬᠦ ᠡᠵᠡᠮᠰᠢᠭᠦᠯᠵᠡᠶ᠃ | ᠪᠣᠯᠪᠠᠰᠤᠷᠠᠭᠤᠯᠤᠯ ᠤᠨ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠮᠡᠳᠡᠭᠡ ᠵᠠᠩᠭᠢᠵᠢᠯᠲᠠ ᠵᠡᠷᠭᠡ ᠬᠤᠯᠪᠣᠭᠳᠠᠯ ᠪᠥᠬᠦᠶ ᠲᠤᠭ᠎ᠠ ᠪᠠᠷᠢᠮᠲᠠ ᠶᠢᠨ ᠲᠠᠯ᠎ᠠ ᠪᠠᠷ ᠬᠢ ᠡᠯ᠎ᠡ ᠨᠢᠭᠡᠴᠡ | ᠂ ᠰᠠᠯᠠᠭ᠎ᠠ ᠮᠥᠴᠢᠷ ᠪᠣᠯᠤᠨ ᠪᠣᠳᠠᠲᠠᠶ ᠠᠵᠢᠯᠲᠠᠳ ᠨᠢᠭᠤᠴᠠ ᠶᠢ ᠬᠠᠮᠠᠭᠠᠯᠠᠬᠤ᠂ ᠠᠮᠤᠷ ᠲᠦᠪᠰᠢᠨ ᠤ ᠤᠬᠠᠮᠰᠠᠷ ᠢᠶᠠᠨ | ᠴᠢᠩᠭᠠᠳᠬᠠᠵᠤ᠂ ᠰᠠᠭᠤᠭᠠᠯᠢ ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠶᠢ ᠴᠢᠩᠭ᠎ᠠ | ᠴᠠᠭᠠᠵᠠᠯᠠᠬᠤ ᠬᠡᠷᠡᠭᠲᠡᠶ᠃ ᠬᠤᠶᠠᠷ ᠲᠤ᠂ ᠪᠥᠭᠡᠮ ᠬᠦᠴᠢᠯ ᠤᠨ ᠰᠢᠭᠰᠢᠨ ᠪᠠᠶᠢᠴᠠᠭᠠᠬᠤ ᠰᠢᠰᠲ᠋ᠧᠮ ᠤᠨ ᠡᠯ᠎ᠡ | ᠪᠠᠯᠭᠠᠰᠤᠨ ᠤ ᠠᠯᠪᠠᠨ ᠬᠡᠷ ᠲᠤ ᠬᠠᠨᠳᠤᠭᠤᠯᠤᠨ ᠰᠢᠷᠡᠭᠡᠨ ᠨᠢᠭᠤᠷ ᠤᠨ ᠲᠣᠭᠯᠠᠯᠲᠠ ᠪᠠ ᠪᠣᠳᠠᠲᠠᠶ ᠪᠣᠯᠪᠠᠰᠤᠷᠠᠯ ᠤᠨ | ᠪᠣᠯᠪᠠᠰᠤᠷᠠᠭᠤᠯᠤᠯ ᠢ ᠴᠢᠩᠭᠠᠳᠬᠠᠵᠤ᠂ ︽ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠬᠢᠬᠦ ᠳᠡᠭᠡᠨ | ᠪᠣᠯᠪᠠᠰᠤᠷᠠᠩᠭᠤᠶ ᠪᠠᠶᠢᠬᠤ︾ ᠬᠡᠷᠡᠭᠲᠡᠶ᠃ ᠭᠤᠷᠪᠠ ᠳᠤ᠂ ᠬᠠᠷᠢᠶ᠎ᠠ ᠣᠷᠣᠨ ᠤ ᠬᠡᠪᠴᠢᠶᠡᠨ ᠳᠠᠬᠢ ᠬᠥᠮᠦᠰ ᠢ ᠳᠠᠬᠢᠨ | ᠵᠢᠭᠰᠠᠭᠠᠨ ᠪᠠᠶᠢᠴᠠᠭᠠᠬᠤ ᠪᠠ ᠡᠮᠬᠢᠯᠡᠬᠦ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢᠨ ᠬᠠᠮᠲᠤ᠂ ᠮᠡᠳᠡᠭᠡ | ᠵᠠᠩᠭᠢ ᠶᠢ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠬᠠᠷᠢᠭᠤ | ᠲᠤᠰᠬᠠᠵᠤ᠂ ᠬᠠᠷᠢᠯᠴᠠᠨ ᠰᠣᠯᠢᠯᠴᠠᠵᠤ ᠰᠢᠶ᠋ᠳᠪᠦᠷᠢᠯᠡᠬᠦ ᠬᠡᠷᠡᠭᠲᠡᠶ᠃ | ᠡᠨᠡ ᠤᠳᠠᠭᠠᠨ ᠤ ᠪᠣᠯᠪᠠᠰᠤᠷᠠᠯ ᠳᠤ᠂ ᠬᠤᠶᠠᠷ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠬᠡᠷᠡᠭᠵᠢᠭᠦᠯᠵᠦ | ᠂ ᠡᠷᠡᠭᠦᠯ ᠡᠩᠬᠡ ᠶᠢᠨ ᠵᠡᠭᠦᠨ ᠭᠤᠤᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠡᠷᠡᠭᠦᠯ ᠡᠩᠬᠡ ᠶᠢ | ᠠᠬᠢᠭᠤᠯᠬᠤ ᠶᠢ ᠴᠢᠩᠭᠠᠳᠬᠠᠬᠤ ᠶᠢᠨ ᠴᠢᠬᠤᠯᠠ ᠭᠠᠷᠳᠠᠴᠠ ᠮᠥᠨ᠂ ᠪᠥᠬᠦ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠥᠭᠡᠮ ᠬᠦᠴᠢᠯ ᠢ ᠰᠢᠭᠰᠢᠨ ᠪᠠᠶᠢᠴᠠᠭᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ | ᠲᠤᠰᠬᠠᠯ ᠤᠨ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠬᠤ ᠴᠢᠳᠠᠪᠤᠷᠢ ᠶᠢᠨ ᠨᠢᠭᠡ ᠤᠳᠠᠭᠠᠨ ᠤ ᠪᠣᠳᠠᠲᠤ | ᠪᠠᠶᠢᠯᠳᠤᠭᠠᠨ ᠤ ᠤᠯᠠᠷᠢᠭᠤᠯᠤᠯᠲᠠ ᠮᠥᠨ᠂ ᠪᠥᠬᠦ ᠣᠷᠣᠨ ᠤ ᠶᠡᠭᠡ ᠬᠡᠪᠴᠢᠶᠡᠨ ᠤ ᠬᠥᠮᠦᠰ ᠤᠨ ᠰᠢᠨ᠎ᠡ ᠲᠢᠲᠢᠮᠲᠦ | ᠠᠭᠤᠰᠬᠢᠨ ᠦᠷᠪᠢᠰᠦᠯ ᠤᠨ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠢᠨ ᠪᠣᠳᠠᠲᠤ | ᠪᠣᠯᠪᠠᠰᠤᠷᠠᠯ ᠢ ᠰᠢᠯᠭᠠᠨ ᠪᠠᠶᠢᠴᠠᠭᠠᠬᠤ ᠪᠠ ᠬᠡᠷᠡᠭᠯᠡᠬᠦ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠪᠦᠲᠦᠮᠵᠢᠲᠡᠶ | ᠠᠷᠭ᠎ᠠ ᠪᠠᠷᠢᠯ ᠮᠥᠨ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠣᠯᠪᠠᠰᠤᠷᠠᠭᠤᠯᠤᠯ ᠳᠤ | ᠣᠷᠣᠯᠴᠠᠭᠰᠠᠳ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠰᠢᠰᠲ᠋ᠧᠮ ᠤᠨ ᠬᠡᠷᠡᠭᠯᠡᠬᠦ ᠠᠷᠭ᠎ᠠ ᠪᠠ ᠠᠵᠢᠯᠯᠠᠬᠤ | ᠶᠠᠪᠤᠴᠠ ᠶᠢ ᠦᠨᠳᠦᠰᠦᠨ ᠳᠡᠭᠡᠨ ᠡᠵᠡᠮᠰᠢᠵᠦ᠂ ᠮᠠᠨ ᠤ ᠣᠷᠣᠨ ᠤ ᠶᠡᠭᠡ ᠬᠡᠪᠴᠢᠶᠡᠨ ᠤ ᠰᠢᠨ᠎ᠡ ᠲᠢᠲᠢᠮ ᠲᠠᠢ | ᠠᠭᠤᠰᠬᠢᠨ ᠦᠷᠪᠢᠰᠦᠯ ᠤᠨ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠵᠤ ᠥᠯᠢᠭᠡᠷ ᠠᠪᠬᠤ ᠠᠵᠢᠯ ᠳᠤ ᠪᠠᠲᠤ | ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ | | | | | | |