ᠾᠧ ᠳ᠋ᠦᠩ ᠵᠡᠭᠡᠯᠢ ᠭᠤᠳᠤᠮᠵᠢ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠪᠠ
ᠨᠡᠶᠢᠲᠡᠯᠡᠭᠰᠡᠨ ᠴᠠᠭ᠄
2022/1/17
     ᠣᠨ ᠤ 12 ᠰᠠᠷ᠎ᠠ ᠶᠢᠨ 30 ᠤ ᠡᠳᠦᠷ ᠤᠨ ᠾᠧ ᠳ᠋ᠦᠩ ᠵᠡᠭᠡᠯᠢ ᠭᠤᠳᠤᠮᠵᠢ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡᠯᠡᠭᠴᠢ ᠵᠢᠴᠢ ᠬᠠᠷᠢᠶ᠎ᠠ ᠣᠷᠣᠨ ᠳᠤ ᠰᠠᠭᠤᠭ᠎ᠠ ᠾᠧ ᠳ᠋ᠦᠩ ᠤᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠾᠧ ᠳ᠋ᠦᠩ ᠤᠨ ᠬᠠᠤᠯᠢ ᠴᠠᠭᠠᠵᠠ ᠶᠢᠨ ᠭᠠᠵᠠᠷ᠂ ᠾᠧ ᠳ᠋ᠦᠩ ᠤᠨ ᠲᠣᠮᠢᠯᠠᠭᠰᠠᠨ ᠰᠠᠯᠪᠤᠷᠢ᠂ ᠳᠣᠷᠣᠨᠠᠳᠠᠬᠢᠨ ᠤ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠲᠣᠪᠴᠢᠶ᠎ᠠ ᠶᠢᠨ ᠾᠧ ᠳ᠋ᠦᠩ ᠤᠨ ᠭᠠᠵᠠᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠦᠷᠪᠡᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠤᠨ ᠨᠡᠶᠢᠳᠡ 50 ᠰᠢᠬᠠᠮ ᠬᠥᠮᠥᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ 7 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ PPT ᠪᠠᠷ ᠠᠴᠢᠶᠠᠯᠠᠪᠤᠷᠢ ᠪᠣᠯᠭᠠᠨ ᠵᠢᠷᠤᠭ ᠪᠢᠴᠢᠭ ᠢ ᠬᠤᠣᠰᠯᠠᠭᠤᠯᠤᠨ ᠪᠦᠬᠦ ᠲᠠᠯ᠎ᠠ ᠶᠢᠨ ᠠᠵᠢᠯ ᠤᠨ ᠮᠡᠳᠡᠭᠦᠯᠦᠯᠲᠡ ᠬᠢᠵᠡᠢ᠃      ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ᠂ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠤᠬᠠᠭᠤᠯᠤᠨ ᠲᠠᠶᠢᠯᠪᠤᠷᠢᠯᠠᠪᠠ᠃      ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠠᠯᠠᠭ᠎ᠠ ᠲᠠᠰᠤᠭ ᠤᠨ ᠡᠷᠬᠢᠯᠡᠭᠴᠢ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠪᠠ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠲᠤᠬᠠᠢ ᠶᠢᠨ ᠲᠠᠯᠠᠪᠤᠷ ᠲᠤ ᠠᠵᠢᠯ ᠤᠨ ᠮᠡᠳᠡᠭᠦᠯᠦᠯᠲᠡ ᠬᠢᠬᠦ ᠶᠢᠨ ᠬᠠᠮᠲᠤ ᠡᠯ᠎ᠡ ᠨᠡᠶᠢᠭᠡᠮ ᠲᠣᠭᠤᠷᠢᠭ ᠤᠨ ᠨᠢᠭᠡ ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠪᠣᠳᠠᠲᠠᠢ ᠠᠵᠢᠯ ᠤᠨ ᠢᠯᠡᠷᠡᠯ ᠲᠠᠢ ᠤᠶᠠᠯᠳᠤᠭᠤᠯᠤᠨ᠂ ᠨᠢᠭᠡᠳ ᠨᠢᠭᠡ ᠪᠠᠷ ᠦᠨᠡᠯᠡᠯᠲᠡ ᠬᠢᠪᠡ᠃ ᠤᠯᠠᠨ ᠤ ᠦᠨᠡᠯᠡᠯᠲᠡ ᠪᠣᠯ ᠪᠦᠷ ᠴᠦ ᠠᠵᠢᠯ ᠬᠢᠬᠦ ᠶᠢᠨ ᠲᠥᠯᠥᠭᠡ᠂ ᠣᠪᠣᠷ ᠦᠨᠡᠨᠴᠢ ᠰᠡᠳᠬᠢᠯᠭᠡ ᠦᠨᠡᠨᠴᠢ ᠪᠠᠶᠢᠵᠤ᠂ ᠭᠤᠣᠯ ᠠᠰᠠᠭᠤᠳᠠᠯ ᠵᠢᠴᠢ ᠠᠰᠠᠭᠤᠳᠠᠯ ᠤᠨ ᠭᠤᠣᠯ ᠲᠠᠯ᠎ᠠ ᠶᠢ ᠦᠨᠳᠦᠰᠦᠨ ᠳᠡᠭᠡᠨ ᠠᠳᠬᠤᠭᠰᠠᠨ ᠠᠴᠠ ᠪᠣᠯᠤᠭᠰᠠᠨ ᠶᠤᠮ᠃      ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠬᠠᠷᠢᠶ᠎ᠠ ᠣᠷᠣᠨ ᠳᠤ ᠰᠠᠭᠤᠭ᠎ᠠ 6 ᠨᠢᠭᠡᠴᠡ ᠶᠢᠨ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠶᠢᠨ ᠲᠥᠷᠥᠭᠳᠡᠯ ᠵᠢᠴᠢ ᠡᠳᠦᠷ ᠳᠤᠳᠤᠮ ᠤᠨ ᠠᠵᠢᠯ ᠲᠠᠢ ᠪᠠᠨ ᠤᠶᠠᠯᠳᠤᠭᠤᠯᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠢ᠃      ᠬᠠᠮᠤᠭ ᠰᠡᠬᠦᠯ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠦᠨᠡᠯᠡᠯᠲᠡ ᠬᠢᠭᠰᠡᠨ ᠪᠥᠭᠡᠳ ᠵᠠᠷᠢᠮ ᠶᠡᠷᠦᠩᠬᠡᠢ ᠱᠠᠭᠠᠷᠳᠠᠯᠭ᠎ᠠ ᠶᠢ ᠳᠤᠷᠠᠳᠴᠠᠢ᠃ ᠮᠠᠨ ᠤ ᠪᠤᠢ ᠪᠦᠬᠦᠢ ᠺᠠᠳ᠋ᠷᠴᠤᠳ ᠶᠡᠷᠦ ᠪᠤᠰᠤ ᠶᠢᠨ 2021 ᠣᠨ ᠢ ᠥᠩᠭᠡᠷᠡᠭᠡᠵᠦ᠂ ᠰᠡᠳᠬᠢᠭᠳᠡᠰᠢ ᠦᠭᠡᠢ ᠵᠣᠪᠠᠭᠤᠷᠢ ᠵᠦᠳᠡᠭᠦᠷᠢ ᠶᠢ ᠠᠮᠰᠠᠵᠤ᠂ ᠡᠯ᠎ᠡ ᠲᠠᠯ᠎ᠠ ᠶᠢᠨ ᠬᠢᠨ ᠤ ᠳᠠᠷᠤᠯᠲᠠ ᠶᠢ ᠠᠴᠢᠶᠠᠯᠠᠵᠤ᠂ ᠶᠡᠭᠡ ᠬᠡᠮᠵᠢᠶᠡᠨ ᠤ ᠲᠣᠪᠣᠶᠢᠮ᠎ᠠ ᠦᠷ᠎ᠡ ᠪᠦᠲᠦᠮᠵᠢ ᠲᠠᠢ ᠠᠵᠢᠯ ᠬᠢᠵᠦ᠂ ᠤᠯᠠᠨ ᠤ ᠨᠢᠳᠦᠨ ᠳᠤ ᠦᠵᠡᠭᠳᠡᠮ᠎ᠡ ᠠᠮᠵᠢᠯᠲᠠ ᠪᠦᠲᠦᠮᠵᠢ ᠣᠯᠵᠠᠢ᠂ ᠠᠳᠡ ᠬᠠᠳᠤᠨ ᠭᠤᠣᠯ ᠤᠨ ᠵᠡᠭᠦᠨ ᠬᠡᠰᠡᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢ ᠲᠥᠯᠥᠭᠡᠯᠡᠨ ᠲᠠ ᠨᠠᠷ ᠲᠤ ᠲᠠᠯᠠᠷᠬᠠᠵᠤ ᠪᠠᠶᠢᠨ᠎ᠠ︕︵ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 15  ᠤ ᠡᠳᠦᠷ  ᠴᠠᠬᠢᠯᠭᠠᠨ ᠮᠡᠳᠡᠭᠡ ᠶᠢᠨ ᠪᠡᠭᠡᠵᠢᠩ ᠤᠨ 1 ᠰᠠᠷ᠎ᠠ ᠶᠢᠨ 15 ᠤ ᠡᠳᠦᠷ  ᠴᠠᠬᠢᠯᠭᠠᠨ ᠮᠡᠳᠡᠭᠡ ᠠᠴᠠ︶ ᠡᠭᠦᠨ ᠤ ᠬᠠᠮᠲᠤ ᠪᠠᠰᠠ ᠬᠠᠳᠤᠨ ᠭᠤᠣᠯ ᠤᠨ ᠵᠡᠭᠦᠨ ᠬᠡᠰᠡᠭ ᠤᠨ ᠵᠡᠭᠡᠯᠢ ᠭᠤᠳᠤᠮᠵᠢ ᠶᠢᠨ 2022 ᠣᠨ ᠤ ᠠᠵᠢᠯ ᠤᠨ ᠶᠡᠷᠦᠩᠬᠡᠢ ᠬᠠᠷᠠᠯᠲᠠ ᠪᠣᠯ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠬᠢᠯᠠᠰ ᠴᠡᠭ ᠢ ᠪᠣᠶᠢᠵᠢᠭᠤᠯᠵᠤ᠂ ᠵᠢᠱᠢᠶ᠎ᠡ ᠦᠵᠡᠭᠦᠯᠬᠦ ᠠᠵᠢᠯᠯᠠᠭ᠎ᠠ ᠶᠢ ᠪᠤᠢ ᠪᠣᠯᠭᠠᠨ᠎ᠠ︔ ᠶᠡᠷᠦᠩᠬᠡᠢ ᠱᠠᠭᠠᠷᠳᠠᠯᠭ᠎ᠠ ᠪᠣᠯ ᠡᠩ ᠤᠨ ᠠᠵᠢᠯ ᠤᠨ ᠬᠠᠭᠤᠴᠢᠨ ᠢ ᠤᠷᠬᠢᠵᠤ ᠰᠢᠨ᠎ᠡ ᠶᠢ ᠡᠭᠦᠳᠴᠦ᠂ ᠬᠢᠯᠠᠰ ᠴᠡᠭ ᠤᠨ ᠠᠵᠢᠯ ᠤᠨ ᠰᠢᠨ᠎ᠡ ᠳᠡᠭᠡᠷ᠎ᠡ ᠰᠢᠨ᠎ᠡ ᠶᠢ ᠨᠡᠮᠡᠵᠦ᠂ ᠭᠤᠣᠯᠳᠠᠯᠭ᠎ᠠ ᠲᠠᠢ ᠠᠵᠢᠯ ᠤᠨ ᠡᠷᠬᠡᠪᠰᠢ ᠰᠢᠨ᠎ᠡ ᠶᠢ ᠡᠭᠦᠳᠬᠦ ᠬᠡᠷᠡᠭᠲᠡᠢ; ᠦᠨᠳᠦᠰᠦᠨ ᠬᠢᠬᠦ ᠠᠷᠭ᠎ᠠ ᠪᠣᠯ ᠬᠡᠷᠴᠢᠭᠳᠡᠭᠰᠡᠨ ᠴᠡᠭ ᠢ ᠣᠨᠣᠪᠴᠢᠲᠠᠶ ᠡᠷᠢᠨ ᠣᠯᠵᠤ᠂ ᠪᠣᠷᠣ ᠲᠥᠯᠥᠪ ᠢ ᠪᠤᠢ ᠪᠣᠯᠭᠠᠨ᠂ ᠬᠡᠪ ᠵᠠᠭᠪᠤᠷ ᠢ ᠪᠦᠷᠢᠯᠳᠦᠭᠦᠯᠵᠦ᠂ ᠵᠠᠮ ᠱᠤᠭᠤᠮ ᠢ ᠨᠡᠪᠲᠡᠷᠡᠭᠦᠯᠦᠨ᠂ ᠪᠢᠲᠡᠭᠦᠦ ᠴᠠᠭᠠᠷᠢᠭ ᠢ ᠪᠡᠶᠡᠯᠡᠭᠦᠯᠵᠦ᠂ ᠲᠣᠭᠲᠠᠴᠠ ᠶᠢ ᠪᠠᠶᠢᠭᠤᠯᠬᠤ ᠶᠠᠪᠤᠳᠠᠯ ᠪᠣᠯᠣᠨ᠎ᠠ᠃
 
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1