ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/1/18
     2022 ᠣᠨ ᠤ ᠰᠢᠨ᠎ᠡ ᠵᠢᠯ ᠤᠨ ᠡᠬᠢᠨ ᠳᠤ᠂ ᠮᠠᠨ ᠤ ᠤᠯᠤᠰ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠮᠥᠨ ᠬᠦ ᠰᠤᠯᠠᠷᠠᠭᠤᠯᠵᠤ ᠪᠣᠯᠬᠤ ᠦᠭᠡᠢ᠂ ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠣᠯᠠᠨ ᠡᠭᠦᠰᠬᠦ᠂ ᠳᠡᠯᠭᠡᠷᠡᠬᠦ ᠬᠦᠨᠳᠦ ᠬᠡᠴᠡᠭᠦᠦ ᠪᠠᠶᠢᠳᠠᠯ ᠤᠨ ᠳᠣᠣᠷ᠎ᠠ᠂ ᠨᠡᠶᠢᠭᠡᠮ ᠲᠣᠭᠤᠷᠢᠭ ᠤᠨ ᠺᠠᠳ᠋ᠷᠴᠤᠳ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠪᠠ ᠭᠠᠳᠠᠷ ᠣᠷᠣᠨ ᠤ ᠳᠠᠭᠠᠭᠠᠴᠢᠯᠠᠯᠲᠠ ᠳᠤ ᠪᠤᠴᠠᠭᠰᠠᠳ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠳᠡᠭᠡᠳᠦ ᠱᠠᠲᠤᠨ ᠤ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠴᠠᠭ ᠲᠤᠬᠠᠢ ᠳᠤᠨᠢ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃      ᠣᠳᠣᠬᠠᠨ ᠳᠤ ᠨᠡᠶᠢᠲᠡ ᠭᠡᠷ ᠪᠦᠯᠢ ᠶᠢᠨ ᠲᠤᠰᠠᠭᠠᠷᠯᠠᠯ ᠳᠤᠮᠳᠠ ᠠᠶᠤᠯ ᠲᠦᠭᠰᠢᠭᠦᠷᠢ ᠶᠡᠬᠡᠲᠡᠢ ᠪᠤᠴᠠᠭᠠᠨ ᠳᠠᠭᠠᠭᠠᠴᠢᠯᠠᠭᠤᠯᠬᠤ ᠰᠠᠭᠤᠭᠠᠯᠢ ᠠᠷᠠᠳ 5 ᠡᠷᠦᠬᠡ 6 ᠬᠥᠮᠥᠨ ᠪᠠᠶᠢᠵᠤ᠂ ᠨᠡᠶᠢᠭᠡᠮ ᠲᠣᠭᠤᠷᠢᠭ ᠤᠨ ᠺᠠᠳ᠋ᠷ ᠲᠤᠰᠠᠭᠠᠷᠯᠠᠭᠰᠠᠨ ᠭᠡᠷ ᠪᠦᠯᠢ ᠶᠢᠨ ᠡᠭᠦᠳᠡᠨ ᠳᠤ ᠡᠭᠦᠳᠡᠨ ᠰᠣᠷᠢᠨᠵᠢᠨ ᠲᠥᠬᠦᠭᠡᠷᠦᠮᠵᠢ ᠤᠭᠰᠠᠷᠠᠪᠠᠯ᠂ ᠰᠠᠭᠤᠭᠠᠯᠢ ᠠᠷᠠᠳ ᠤᠨ ᠲᠣᠭᠲᠠᠭᠠᠯ ᠶᠣᠰᠣᠭᠠᠷ ᠭᠡᠷ ᠪᠦᠯᠢ ᠶᠢᠨ ᠲᠤᠰᠠᠭᠠᠷᠯᠠᠯ ᠪᠠᠶᠢᠬᠤ ᠡᠰᠡᠬᠦ ᠶᠢ ᠪᠦᠲᠦᠮᠵᠢᠲᠡᠶ ᠣᠶᠢᠯᠠᠭᠠᠵᠤ ᠪᠣᠯᠣᠨ᠎ᠠ᠃ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠴᠠᠭ ᠮᠥᠴᠡ ᠶᠢ ᠠᠯᠳᠠᠯ ᠦᠭᠡᠢ ᠪᠠᠷ ᠸᠢᠷᠦ᠋ᠰ ᠲᠠᠢ ᠤᠷᠤᠯᠳᠤᠨ ᠭᠦᠶᠦᠵᠦ᠂ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ ᠲᠠᠰᠤᠯᠬᠤ ᠪᠠᠷ ᠴᠢᠷᠮᠠᠶᠢᠵᠤ᠂ ᠤᠯᠠᠨ ᠲᠦᠮᠡᠨ ᠤ ᠠᠮᠤᠷ ᠠᠮᠤᠭᠤᠯᠠᠩ ᠢ ᠰᠠᠶᠢᠲᠤᠷ ᠰᠠᠬᠢᠨ ᠬᠠᠮᠠᠭᠠᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1