ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠵᠢᠯ ᠤᠨ ᠡᠴᠦᠰ ᠲᠤ ᠬᠦᠴᠢᠷᠳᠡᠯ ᠲᠠᠢ ᠣᠯᠠᠨ ᠲᠦᠮᠡᠨ  ᠢ ᠲᠣᠬᠤᠨᠢᠭᠤᠯᠬᠤ ᠠᠵᠢᠯᠯᠠᠭ᠎ᠠ  ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/1/18
    ᠣᠶᠢᠷ᠎ᠠ ᠳᠤ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠵᠧᠩ ᠪᠧᠢ ᠨᠡᠶᠢᠭᠡᠮ ᠲᠣᠭᠤᠷᠢᠭ ᠤᠨ ᠯᠢ ᠡᠷᠬᠢᠯᠡᠭᠴᠢ ᠵᠢᠴᠢ ᠨᠡᠶᠢᠭᠡᠮ ᠲᠣᠭᠤᠷᠢᠭ ᠤᠨ ᠭᠤᠷᠪᠠᠨ ᠠᠵᠢᠯᠲᠠᠨ ᠬᠠᠷᠢᠶᠠᠲᠤ ᠣᠷᠣᠨ ᠤ ᠪᠠᠨ ᠵᠢᠯ ᠤᠨ ᠡᠴᠦᠰ ᠤᠨ ᠠᠪᠤᠷᠠᠨ ᠲᠤᠰᠠᠯᠠᠬᠤ ᠬᠥᠮᠥᠰ ᠤᠨ ᠭᠡᠷ ᠲᠤ ᠬᠦᠷᠴᠦ ᠰᠤᠷᠪᠤᠯᠵᠢᠯᠠᠪᠠ᠃      ᠰᠤᠷᠪᠤᠯᠵᠢᠯᠠᠬᠤ ᠳᠠᠭᠠᠨ᠂ ᠨᠡᠶᠢᠭᠡᠮ ᠲᠣᠭᠤᠷᠢᠭ ᠤᠨ ᠯᠢ ᠡᠷᠬᠢᠯᠡᠭᠴᠢ ᠠᠪᠤᠷᠠᠨ ᠲᠤᠰᠠᠯᠠᠬᠤ ᠠᠵᠢᠯᠲᠠᠳ ᠲᠠᠢ ᠶᠠᠷᠢᠯᠴᠠᠵᠤ᠂ ᠠᠪᠤᠷᠠᠨ ᠲᠤᠰᠠᠯᠠᠬᠤ ᠠᠵᠢᠯᠲᠠᠳ ᠤᠨ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ  ᠢ ᠨᠠᠷᠢᠨ ᠠᠰᠠᠭᠤᠨ ᠯᠠᠪᠯᠠᠵᠤ᠂ ᠡᠨᠡ ᠬᠡᠳᠦᠨ ᠠᠪᠤᠷᠠᠨ ᠲᠤᠰᠠᠯᠠᠬᠤ ᠠᠵᠢᠯᠲᠠᠳ ᠤᠨ ᠡᠪᠡᠳᠴᠢᠨ ᠠᠴᠠ ᠪᠣᠯᠵᠤ ᠬᠦᠴᠢᠷᠳᠡᠯ ᠳᠤ ᠤᠴᠠᠷᠠᠵᠤ᠂ ᠵᠠᠷᠢᠮ ᠵᠠᠷᠤᠳᠠᠯ ᠤᠨ ᠶᠡᠬᠡᠩᠬᠢ ᠨᠢ ᠡᠮ ᠡᠮᠨᠡᠯᠭᠡ  ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠪᠠᠶᠢᠨ᠎ᠠ᠂ ᠡᠶᠢᠮᠦᠷᠬᠦ ᠪᠠᠶᠢᠳᠠᠯ ᠨᠢ ᠲᠡᠳᠡᠨ ᠤ ᠭᠡᠷ ᠪᠦᠯᠢ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠨ᠎ᠠ ᠭᠡᠳᠡᠭ  ᠢ ᠣᠶᠢᠯᠠᠭᠠᠭᠰᠠᠨ ᠪᠠᠶᠢᠨ᠎ᠠ᠃ᠡᠭᠦᠨ ᠳᠤ ᠨᠢᠭᠡ ᠠᠪᠤᠷᠠᠨ ᠲᠤᠰᠠᠯᠠᠬᠤ ᠠᠵᠢᠯᠲᠠᠨ ᠠᠭᠤᠰᠬᠢᠨ ᠤ ᠥᠮᠡᠨ ᠤ ᠰᠡᠭᠦᠯᠴᠢ ᠶᠢᠨ ᠬᠤᠭᠤᠴᠠᠭᠠᠨ ᠳᠤ ᠬᠡᠷᠡᠭᠰᠡᠬᠦ ᠬᠠᠨᠳᠤᠯᠭᠠᠲᠤ ᠡᠮ ᠳᠤ ᠰᠠᠷ᠎ᠠ ᠪᠦᠷᠢ ᠳᠥᠷᠪᠡᠨ ᠮᠢᠩᠭᠠᠨ ᠲᠥᠭᠦᠷᠢᠭ ᠵᠠᠷᠤᠴᠠᠭᠤᠯᠤᠨ᠎ᠠ᠂ ᠬᠠᠨᠳᠤᠯᠭᠠᠲᠤ ᠡᠮ ᠨᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠪᠠᠭᠲᠠᠬᠤ ᠦᠭᠡᠢ᠂ ᠡᠶᠢᠮᠦᠷᠬᠦ ᠪᠠᠶᠢᠳᠠᠯ ᠢ ᠨᠡᠶᠢᠭᠡᠮ ᠲᠣᠭᠤᠷᠢᠭ ᠤᠨ ᠬᠢᠨ ᠬᠢᠨᠠᠨ ᠬᠠᠷᠭᠤᠭᠤᠯᠤᠭᠰᠠᠨ ᠤ ᠳᠠᠷᠠᠭ᠎ᠠ ᠠᠪᠤᠷᠠᠨ ᠲᠤᠰᠠᠯᠠᠬᠤ ᠬᠠᠮᠤᠭ ᠤᠨ ᠶᠡᠭᠡ ᠲᠣᠭᠠᠨ ᠤ ᠬᠥᠮᠥᠰ ᠤᠨ ᠨᠡᠷᠡᠰ ᠲᠤ ᠣᠷᠣᠭᠤᠯᠵᠤ᠂ ᠲᠣᠰ ᠭᠡᠷ ᠪᠦᠯᠢ ᠶᠢᠨ ᠳᠠᠷᠤᠭᠠᠰᠤ ᠶᠢ ᠠᠯᠢ ᠴᠢᠳᠠᠬᠤ ᠪᠠᠷ ᠬᠥᠩᠭᠡᠯᠡᠨ᠎ᠡ᠃ ᠵᠢᠯ ᠤᠨ ᠡᠴᠦᠰ ᠪᠣᠯᠬᠤ ᠭᠡᠵᠦ ᠪᠠᠶᠢᠭ᠎ᠠ ᠦᠶ᠎ᠡ ᠳᠤ ᠨᠡᠶᠢᠭᠡᠮ ᠲᠣᠭᠤᠷᠢᠭ ᠤᠨ ᠠᠵᠢᠯᠲᠠᠳ ᠡᠳᠡᠭᠡᠷ ᠭᠡᠷ ᠪᠦᠯᠢ  ᠶᠢ ᠰᠤᠷᠪᠤᠯᠵᠢᠯᠠᠪᠠ᠂ ᠡᠭᠦᠨ ᠤ ᠳᠣᠲᠣᠷ᠎ᠠ ᠴᠡᠷᠢᠭ ᠠᠴᠠ ᠬᠠᠯᠠᠭᠳᠠᠭᠰᠠᠳ᠂ ᠥᠨᠥᠴᠢᠨ ᠪᠡᠯᠪᠡᠰᠦᠨ ᠨᠠᠰᠤᠲᠠᠨ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠪᠠᠶᠢᠨ᠎ᠠ᠂ ᠡᠶᠢᠮᠦ ᠠᠴᠠ ᠣᠯᠠᠨ  ᠢ ᠢᠲᠡᠭᠡᠯ ᠵᠣᠷᠢᠭ ᠢᠶᠠᠨ ᠪᠠᠲᠤᠳᠬᠠᠵᠤ᠂ ᠭᠡᠷ ᠤᠨ ᠬᠥᠮᠥᠰ  ᠢᠶᠠᠨ ᠰᠠᠶᠢᠲᠤᠷ ᠬᠠᠷᠠᠭᠠᠯᠵᠠᠵᠤ᠂ ᠪᠡᠶ᠎ᠡ ᠪᠠᠨ ᠰᠠᠶᠢᠲᠤᠷ ᠭᠠᠮᠨᠠᠵᠤ᠂ ᠬᠦᠴᠢᠷᠳᠡᠯ ᠠᠴᠠ ᠲᠦᠷᠭᠡᠬᠡᠨ ᠮᠤᠯᠲᠤᠷᠠᠬᠤ  ᠶᠢ ᠵᠣᠷᠢᠭᠵᠢᠭᠤᠯᠵᠠᠢ᠃ᠬᠦᠴᠢᠷᠳᠡᠯ ᠲᠠᠢ ᠪᠣᠯ ᠨᠡᠶᠢᠭᠡᠮ ᠲᠣᠭᠤᠷᠢᠭ ᠢ ᠡᠷᠢᠵᠦ᠂ ᠬᠠᠪᠰᠤᠷᠤᠭᠤᠯᠬᠤ ᠴᠢᠬᠤᠯᠠ ᠲᠠᠢ ᠭᠡᠷ ᠪᠦᠯᠢ ᠨᠢᠭᠡᠪᠦᠷᠢ ᠶᠢ ᠬᠠᠪᠰᠤᠷᠬᠤ ᠬᠡᠷᠡᠭᠲᠡᠢ᠃      ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠠᠴᠠ ᠪᠠᠭᠤᠷᠠᠶᠢᠴᠤᠤᠯ ᠢ ᠦᠨᠡᠨ ᠰᠡᠳᠬᠢᠯ ᠠᠴᠠ ᠪᠠᠨ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠨᠡᠶᠢᠭᠡᠮ ᠲᠣᠭᠤᠷᠢᠭ ᠪᠣᠯᠣᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠶᠠᠳᠠᠭᠤ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠲᠡᠳᠡᠨ ᠳᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠪᠣᠯᠪᠠᠰᠤᠨ ᠨᠥᠬᠦᠷᠰᠡᠭ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1