ᠬᠤᠣᠷ᠎ᠠ ᠴᠠᠭᠠᠵᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ ᠬᠤᠣᠷ᠎ᠠ ᠴᠠᠭᠠᠵᠠᠯᠠᠬᠤ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠦᠶ᠎ᠡ
ᠨᠡᠶᠢᠲᠡᠯᠡᠭᠰᠡᠨ ᠴᠠᠭ᠄
2022/1/18
     ᠣᠶᠢᠷ᠎ᠠ ᠳᠤ᠂ ᠨᠡᠶᠢᠭᠡᠮ ᠲᠣᠭᠤᠷᠢᠭ ᠤᠨ ᠺᠠᠳ᠋ᠷ᠂ ᠬᠠᠷᠢᠶ᠎ᠠ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠬᠤᠣᠷᠲᠤ ᠡᠳ᠋ ᠢ ᠴᠠᠭᠠᠵᠠᠯᠠᠬᠤ ᠤᠬᠠᠮᠰᠠᠷ ᠢ ᠴᠢᠩᠭᠠᠳᠬᠠᠵᠤ᠂ ᠪᠥᠬᠦ ᠠᠷᠠᠳ ᠤᠨ ᠬᠤᠣᠷᠲᠤ ᠡᠳ᠋ ᠢ ᠴᠠᠭᠠᠵᠠᠯᠠᠬᠤ ᠲᠡᠶᠢᠨ ᠳᠤ ᠣᠷᠤᠯᠴᠠᠬᠤ ᠴᠢᠨᠠᠷ ᠪᠠ ᠢᠳᠡᠪᠬᠢᠵᠢᠯ ᠢ ᠳᠡᠭᠡᠭᠰᠢᠯᠡᠭᠦᠯᠬᠦ ᠶᠢᠨ ᠲᠥᠯᠥᠭᠡ᠂ ᠱᠧᠩ ᠱᠢ ᠨᠡᠶᠢᠭᠡᠮ ᠲᠣᠭᠤᠷᠢᠭ ᠤᠨ ᠬᠢᠨ ᠬᠤᠣᠷᠲᠤ ᠡᠳ᠋ ᠢ ᠴᠠᠭᠠᠵᠠᠯᠠᠬᠤ ᠺᠢᠨᠣ᠋ ᠶᠢᠨ ᠰᠢᠭᠤᠳ ᠦᠵᠡᠭᠦᠯᠬᠦ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠺᠠᠳ᠋ᠷ᠂ ᠬᠠᠷᠢᠶ᠎ᠠ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ 30 ᠭᠠᠷᠤᠢ ᠬᠥᠮᠥᠨ ᠢ ᠵᠣᠬᠢᠶᠠᠨ ᠪᠠᠶᠢᠭᠤᠯᠤᠨ ᠮᠣᠯ ᠬᠤᠲᠠ ᠶᠢᠨ ᠸᠠᠨ ᠳ᠋ᠠ ᠺᠢᠨᠣ᠋ ᠶᠢᠨ ᠣᠷᠳᠣᠨ ᠳᠤ ᠬᠤᠣᠷᠲᠤ ᠡᠳ᠋ ᠢ ᠴᠠᠭᠠᠵᠠᠯᠠᠬᠤ ᠬᠥᠮᠦᠵᠢᠯ ᠤᠨ ᠺᠢᠨᠣ᠋ ︽ᠬᠤᠣᠷᠲᠤ ᠡᠳ᠋ ᠢ ᠬᠠᠶᠢᠷᠠᠯᠠᠬᠤ︾ ︽ᠲᠡᠮᠦᠷ ᠴᠢᠰᠤ ᠪᠠᠷ ᠬᠤᠣᠷᠲᠤ ᠡᠳ᠋ ᠢ ᠪᠠᠷᠢᠪᠴᠢᠯᠠᠬᠤ︾ ᠺᠢᠨᠣ᠋ ᠶᠢ ᠲᠥᠪᠯᠡᠷᠡᠭᠦᠯᠦᠨ ᠦᠵᠡᠭᠦᠯᠪᠡ᠃      ᠲᠣᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠺᠠᠳ᠋ᠷ᠂ ᠬᠠᠷᠢᠶ᠎ᠠ ᠣᠷᠣᠨ ᠤ ᠨᠠᠮ ᠤᠨ ᠭᠡᠰᠢᠭᠦᠨ᠂ ᠰᠠᠭᠤᠭᠠᠯᠢ ᠠᠷᠠᠳ ᠨᠢᠭᠡ ᠤᠳᠠᠭᠠᠨ ᠤ ᠠᠷᠠᠳ ᠨᠡᠶᠢᠲᠡ ᠶᠢᠨ ᠬᠤᠣᠷᠲᠤ ᠡᠳ᠋ ᠢ ᠴᠠᠭᠠᠵᠠᠯᠠᠬᠤ ᠠᠮᠢᠳᠤᠯᠢᠭ ᠤᠬᠠᠭᠤᠯᠭ᠎ᠠ ᠬᠥᠮᠦᠵᠢᠯ ᠢ ᠬᠦᠷᠲᠡᠵᠦ᠂ ᠬᠤᠣᠷᠲᠤ ᠡᠳ᠋ ᠢ ᠴᠠᠭᠠᠵᠠᠯᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠬᠤᠣᠷᠲᠤ ᠡᠳ᠋ ᠠᠴᠠ ᠤᠬᠠᠮᠰᠠᠷ  ᠠᠴᠠ ᠪᠠᠨ ᠬᠤᠯᠠᠳᠠᠵᠤ᠂ ᠬᠤᠣᠷᠲᠤ ᠡᠳ᠋ ᠢ ᠡᠰᠡᠷᠭᠦᠴᠡᠨ ᠬᠤᠷᠢᠭᠯᠠᠬᠤ ᠪᠣᠯᠭᠠᠵᠠᠢ᠃      ᠤᠯᠠᠨ ᠢᠶᠠᠷ ᠢᠶᠠᠨ᠂ ᠡᠳᠦᠷ ᠲᠤᠳᠤᠮ ᠤᠨ ᠠᠵᠢᠯ ᠠᠮᠢᠳᠤᠷᠠᠯ ᠤᠨ ᠳᠤᠮᠳᠠ ᠬᠤᠣᠷ ᠢ ᠰᠡᠷᠭᠡᠶᠢᠯᠡᠬᠦ᠂ ᠬᠤᠣᠷ ᠢ ᠡᠰᠡᠷᠭᠦᠴᠡᠬᠦ᠂ ᠢᠯᠡᠴᠢᠯᠡᠨ ᠮᠡᠳᠡᠭᠦᠯᠬᠦ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠬᠤᠣᠷ ᠢ ᠴᠠᠭᠠᠵᠠᠯᠠᠬᠤ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠪᠠᠷ ᠴᠢᠷᠮᠠᠶᠢᠵᠤ᠂ ᠪᠦᠬᠦ ᠠᠷᠠᠳ ᠤᠨ ᠬᠤᠣᠷ ᠢ ᠴᠠᠭᠠᠵᠠᠯᠠᠬᠤ ᠤᠬᠠᠮᠰᠠᠷ ᠢ ᠳᠡᠭᠡᠭᠰᠢᠯᠡᠭᠦᠯᠬᠦ᠂︽ᠬᠤᠣᠷ ᠢ ᠲᠠᠨᠢᠬᠤ᠂ ᠬᠤᠣᠷ ᠢ ᠡᠰᠡᠷᠭᠦᠴᠡᠬᠦ᠂ ᠬᠤᠣᠷ ᠢ ᠰᠡᠷᠭᠡᠶᠢᠯᠡᠬᠦ᠂ ᠬᠤᠣᠷ ᠢ ᠴᠠᠭᠠᠵᠠᠯᠠᠬᠤ︾ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1