ᠲᠢᠶᠠᠨ ᠵᠢᠶᠣᠣ ᠵᠡᠭᠡᠯᠢ ᠭᠤᠳᠤᠮᠵᠢ ᠶᠢᠨ ᠡᠯ ᠯᠢ ᠪᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2022/1/18
ᠲᠢᠶᠠᠨ ᠵᠢᠶᠤᠤ ᠵᠡᠭᠡᠯᠢ ᠭᠤᠳᠤᠮᠵᠢ ᠶᠢᠨ ᠡᠯ ᠯᠢ ᠪᠠᠨ ᠨᠡᠶᠢᠭᠡᠮ ᠲᠣᠭᠤᠷᠢᠭ ᠤᠨ ᠨᠠᠮ ᠤᠨ ᠬᠤᠷᠢ᠊ ᠡᠶ᠎ᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 12 ᠰᠠᠷ᠎ᠠ ᠶᠢᠨ 24 ᠤ ᠦᠳᠡ ᠶᠢᠨ ᠡᠮᠦᠨ᠎ᠡ᠂ ᠡᠯ ᠯᠢ ᠬᠠᠭᠠᠰ ᠨᠡᠶᠢᠭᠡᠮ ᠲᠣᠭᠤᠷᠢᠭ ᠤᠨ ᠨᠠᠮ ᠤᠨ ᠬᠤᠷᠢ᠊ ᠡᠶ᠎ᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ 30 ᠭᠠᠷᠤᠢ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃      ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠳᠠᠭᠠᠭᠤᠯᠤᠨ ᠰᠤᠷᠤᠯᠴᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠨᠢ ᠪᠦᠬᠦ ᠨᠠᠮ ᠢᠶᠠᠷ ᠢᠶᠠᠨ ᠤᠯᠠᠮ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠶᠢ ᠠᠬᠢᠭᠤᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠣᠯᠤᠨ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ ᠰᠤᠷᠤᠯᠴᠠᠯᠭ᠎ᠠ ᠪᠠᠷ ᠳᠠᠮᠵᠢᠨ᠂ ᠤᠯᠠᠨ ᠢᠶᠠᠷ ᠢᠶᠠᠨ ᠥᠪᠡᠷ ᠥᠪᠡᠷ ᠤᠨ ᠠᠵᠢᠯ ᠲᠠᠢ ᠪᠠᠨ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠰᠦᠨ ᠵᠢᠶᠠᠨ ᠳ᠋ᠦᠩ᠄ ᠰᠤᠷᠤᠯᠴᠠᠯᠭ᠎ᠠ ᠪᠠᠷ ᠳᠡᠮᠵᠢᠨ᠂ ᠪᠢᠳᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾᠂ ᠭᠤᠷᠪᠠᠨ ᠬᠤᠷᠠᠯ ᠨᠢᠭᠡ ᠬᠢᠴᠢᠶᠡᠯ ᠵᠡᠷᠭᠡ ᠰᠤᠷᠤᠯᠴᠠᠬᠤ ᠡᠳᠦᠷ ᠳᠤᠳᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠠᠷᠠᠳ ᠤᠯᠠᠨ ᠤ ᠤᠬᠠᠭᠤᠯᠤᠨ ᠲᠠᠶᠢᠯᠪᠤᠷᠢᠯᠠᠭᠴᠢ ᠶᠢᠨ ᠦᠢᠯᠡᠳᠦᠯ ᠢ ᠠᠰᠢᠭᠯᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠯᠠᠨ ᠳᠤ ᠬᠠᠨᠳᠤᠭᠤᠯᠤᠨ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠨ ᠲᠦᠮᠡᠨ ᠳᠤ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃      ᠨᠡᠶᠢᠭᠡᠮ ᠲᠣᠭᠤᠷᠢᠭ ᠤᠨ ᠳ᠋ᠠᠢ ᠶᠠᠩ ᠬᠤᠩ ᠨᠠᠮ ᠤᠨ ᠡᠭᠦᠷ ᠤᠨ ᠱᠦᠵᠢ ᠯᠢ ᠶᠠᠨ᠄ ᠨᠡᠶᠢᠭᠡᠮ ᠲᠣᠭᠤᠷᠢᠭ ᠤᠨ ᠺᠠᠳ᠋ᠷ ᠪᠣᠯᠤᠭᠰᠠᠨ ᠤ ᠬᠤᠪᠢ ᠳᠤ᠂ ᠪᠢ ᠥᠪᠡᠷ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠ ᠠᠴᠠ ᠨᠢ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠤᠶᠤᠨ ᠤᠬᠠᠭᠠᠨ ᠬᠦᠴᠦᠨ ᠴᠢᠳᠠᠯ ᠢ ᠰᠢᠩᠭᠡᠭᠡᠨ ᠠᠪᠬᠤ ᠶᠢ ᠴᠢᠬᠤᠯᠠᠴᠢᠯᠠᠵᠤ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠨᠡᠩ ᠭᠤᠶᠢᠪᠢᠰᠢ ᠦᠭᠡᠢ ᠰᠠᠶᠢᠲᠤᠷ ᠵᠠᠮᠨᠠᠵᠤ᠂ ᠰᠤᠷᠤᠯᠴᠠᠯᠭ᠎ᠠ ᠪᠠᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠨ ᠣᠨᠣᠪᠴᠢᠲᠠᠢ᠂ ᠨᠠᠷᠢᠯᠢᠭ ᠦᠢᠯᠡᠴᠢᠯᠡᠭᠡ ᠬᠠᠩᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1