ᠲᠢᠶᠠᠨ ᠵᠢᠶᠤᠤ ᠵᠡᠭᠡᠯᠢ ᠭᠤᠳᠤᠮᠵᠢ 2022 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/1/18
ᠲᠢᠶᠠᠨ ᠵᠢᠶᠤᠤ ᠵᠡᠭᠡᠯᠢ ᠭᠤᠳᠤᠮᠵᠢ 2022 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠡᠬᠢᠯᠡᠪᠡᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ      ᠰᠢᠨ᠎ᠡ ᠵᠢᠯ ᠤᠨ ᠰᠢᠨ᠎ᠡ ᠶᠢᠨ ᠨᠢᠭᠡᠨ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠲᠢᠶᠠᠨ ᠵᠢᠶᠤᠤ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠯᠪᠠᠨ ᠭᠡᠷ ᠬᠠᠷᠢᠶ᠎ᠠ ᠣᠷᠣᠨ ᠤ ᠪᠠᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠵᠤ᠂ 2021 ᠣᠨ ᠤ 12 ᠰᠠᠷ᠎ᠠ ᠶᠢᠨ 23 ᠤ ᠡᠳᠦᠷ ᠵᠡᠭᠡᠯᠢ ᠭᠤᠳᠤᠮᠵᠢ ᠶᠢᠨ ᠡᠯ ᠯᠢ ᠬᠠᠭᠠᠰ ᠨᠡᠶᠢᠭᠡᠮ ᠲᠣᠭᠤᠷᠢᠭ ᠲᠠᠢ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ 3 ᠬᠥᠮᠥᠷᠭᠡ ᠶᠢᠨ ᠠᠵᠤ ᠠᠬᠤᠶᠢᠯᠠᠯ᠂ 1 ᠬᠠᠶᠠᠭᠳᠠᠮᠠᠯ ᠪᠣᠳᠠᠰ ᠬᠤᠳᠠᠯᠳᠤᠨ ᠠᠪᠬᠤ ᠲᠠᠯᠠᠪᠤᠷ ᠲᠤ ᠰᠢᠲᠠᠮᠠᠬᠠᠢ ᠳᠡᠯᠪᠡᠷᠡᠮᠡᠲᠡᠭᠡᠢ ᠪᠣᠳᠠᠰ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠬᠡᠷᠡᠭᠯᠡᠯᠲᠡ᠂ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠭᠦᠢᠴᠡᠳ ᠲᠤᠬᠢᠷᠠᠭᠤᠯᠤᠭᠰᠠᠨ ᠡᠰᠡᠬᠦ ᠳᠤ ᠠᠮᠤᠷ ᠲᠦᠪᠰᠢᠨ ᠤ ᠭᠡᠮ ᠰᠣᠭᠤᠭ ᠤᠨ ᠪᠠᠶᠢᠴᠠᠭᠠᠯᠲᠠ ᠬᠢᠵᠡᠢ᠃      ᠪᠠᠶᠢᠴᠠᠭᠠᠯᠲᠠ ᠶᠢᠨ ᠳᠤᠮᠳᠠ᠂ ᠨᠢᠭᠡ ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠳᠤ ᠡᠯᠳᠡᠪ ᠡᠳ᠋ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠬᠥᠮᠥᠷᠭᠡ ᠳᠤ ᠰᠦᠯᠢᠶᠣᠣ ᠪᠦᠲᠦᠭᠡᠭᠳᠡᠬᠦᠨ ᠣᠪᠣᠭᠠᠯᠠᠬᠤ ᠵᠢᠴᠢ ᠬᠠᠶᠠᠭᠳᠠᠮᠠᠯ ᠬᠥᠭᠡᠰᠦ ᠲᠠᠯᠪᠢᠬᠤ ᠦᠶ᠋ᠯᠡ ᠠᠵᠢᠯᠯᠠᠭ᠎ᠠ ᠣᠷᠣᠰᠢᠵᠤ᠂ ᠭᠠᠯ ᠤᠨ ᠭᠠᠮᠰᠢᠭ ᠤᠨ ᠳᠠᠯᠳᠠ ᠬᠡᠮ ᠲᠦᠢᠯ ᠤᠨ ᠶᠡᠭᠡ ᠣᠷᠣᠰᠢᠵᠤ ᠪᠠᠶᠢᠬᠤ ᠶᠢ ᠣᠯᠵᠤ ᠮᠡᠳᠡᠵᠡᠶ᠃ ᠠᠵᠢᠯᠲᠠᠳ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠵᠢᠴᠢ ᠬᠡᠮ ᠰᠣᠭᠤᠭ ᠲᠤ ᠴᠠᠭ ᠲᠤᠬᠠᠶ ᠳᠤᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠪᠢᠳᠡ ᠬᠤᠶᠠᠷ ᠶᠡᠭᠡ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶ᠎ᠠ ᠣᠷᠣᠨ ᠤ ᠪᠠᠶᠠᠷ ᠤᠨ ᠡᠳᠦᠷ ᠤᠨ ᠠᠮᠤᠷ ᠲᠦᠪᠰᠢᠨ ᠲᠣᠭᠲᠠᠭᠤᠨ ᠢ ᠪᠠᠲᠤᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1