ᠲᠢᠶᠠᠨ ᠵᠢᠶᠤᠤ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/18
ᠲᠢᠶᠠᠨ ᠵᠢᠶᠤᠤ ᠵᠡᠭᠡᠯᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠬᠦ      ᠲᠢᠶᠠᠨ ᠵᠢᠶᠤᠤ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠬᠢᠨ ᠠᠳᠠᠯ ᠠᠬᠤᠶ ᠶᠢᠨ ᠺᠣᠮᠫᠠᠨᠢ᠂ ᠬᠠᠷᠢᠶᠠᠲᠤ ᠣᠷᠣᠨ ᠤ ᠹᠦ᠋ ᠶᠢᠨ ᠲᠠᠩ ᠲᠠᠢ ᠬᠠᠮᠲᠤᠷᠠᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ᠂ ᠭᠠᠯ ᠤᠨᠲᠠᠷᠠᠭᠠᠬᠤ ᠰᠣᠷᠢᠯᠲᠠ ᠵᠢᠴᠢ ᠵᠢᠷᠦᠬᠡ ᠠᠭᠤᠰᠬᠢ ᠶᠢ ᠰᠡᠷᠭᠦᠭᠡᠬᠦ ᠰᠤᠷᠤᠯᠴᠠᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠨ ᠤ ᠵᠣᠷᠢᠯᠭ᠎ᠠ ᠨᠢ ᠡᠪᠦᠯ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ ᠪᠠ ᠭᠠᠯ ᠤᠨ ᠭᠠᠮᠰᠢᠭ ᠤᠨ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠭᠠᠯ ᠤᠨᠲᠠᠷᠠᠭᠠᠬᠤ ᠠᠵᠢᠯᠲᠠᠳ ᠦᠨᠡᠨ ᠪᠣᠳᠠᠲᠠᠶ ᠬᠡᠷᠡᠭ ᠤᠨ ᠵᠢᠱᠢᠶ᠎ᠡ᠂ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠭᠠᠯ ᠠᠯᠳᠠᠭᠰᠠᠨ ᠬᠡᠷᠡᠭ ᠤᠨ ᠲᠤᠬᠠᠶ ᠶᠢᠨ ᠲᠠᠯᠠᠪᠠᠶ ᠶᠢ ᠪᠤᠴᠠᠭᠠᠨ ᠥᠭᠴᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠵᠢᠴᠢ ᠭᠠᠯ ᠤᠨ ᠭᠠᠮᠰᠢᠭ ᠤᠨ ᠦᠨᠳᠦᠰᠦᠨ ᠶᠡᠷᠦ ᠶᠢᠨ ᠮᠡᠳᠡᠯᠭᠡ ᠵᠡᠷᠭᠡ ᠶᠢ ᠲᠠᠶᠢᠯᠪᠤᠷᠢᠯᠠᠨ᠎ᠠ︔ ᠡᠳᠦᠷ ᠲᠤᠲᠤᠮ ᠤᠨ ᠠᠵᠢᠯ ᠪᠠ ᠠᠮᠢᠳᠤᠷᠠᠯ ᠤᠨ ᠳᠤᠮᠳᠠ ᠠᠩᠬᠠᠷᠬᠤ ᠴᠢᠬᠤᠯᠠᠲᠠᠶ ᠭᠠᠯ ᠤᠨᠲᠠᠷᠠᠭᠠᠬᠤ ᠠᠮᠤᠷ ᠲᠦᠪᠰᠢᠨ ᠤ ᠨᠠᠷᠢᠨ ᠵᠦᠶ᠋ᠯᠡᠰ ᠵᠢᠴᠢ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠬᠡᠷᠬᠢᠨ ᠤᠨᠲᠠᠷᠠᠭᠠᠬᠤ᠂ ᠭᠠᠯ ᠤᠨ ᠭᠠᠮᠰᠢᠭ ᠤᠨ ᠳᠤᠮᠳᠠ ᠬᠡᠷᠬᠢᠨ ᠥᠪᠡᠷ ᠢ ᠪᠠᠨ ᠠᠪᠤᠷᠠᠬᠤ᠂ ᠠᠮᠢ ᠵᠢᠭᠤᠲᠠᠬᠤ ᠵᠡᠷᠭᠡ ᠮᠡᠳᠡᠯᠭᠡ ᠶᠢ ᠲᠠᠨᠢᠯᠴᠠᠭᠤᠯᠵᠤ᠂ ᠣᠯᠠᠨ ᠳᠤ ︽ᠭᠠᠯ ᠤᠨᠲᠠᠷᠠᠭᠠᠬᠤ ᠶᠢ ᠠᠩᠬᠠᠷᠴᠤ᠂ ᠠᠮᠢ ᠨᠠᠰᠤ ᠪᠠᠨ ᠨᠠᠨᠳᠢᠩᠨᠠᠬᠤ︾ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠤᠭᠰᠠᠨ ᠪᠠᠶᠢᠨ᠎ᠠ᠃      ᠡᠭᠦᠨ ᠤ ᠬᠠᠮᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠵᠢᠷᠦᠬᠡ ᠭᠡᠨᠡᠳᠲᠡ ᠵᠣᠭᠰᠣᠬᠤ ᠶᠢᠨ ᠲᠣᠮᠢᠶᠠᠯᠠᠯ ᠪᠠ ᠮᠠᠭᠠᠳᠯᠠᠯᠲᠠ᠂ ᠦᠨᠳᠦᠰᠦᠨ ᠠᠮᠢ ᠨᠠᠰᠤᠨ ᠤ ᠳᠡᠮᠵᠢᠯᠭᠡ ᠶᠢᠨ ᠪᠠᠷᠢᠮᠵᠢᠶᠠᠲᠤ ᠮᠡᠷᠭᠡᠵᠢᠯ ᠤᠨ ᠠᠵᠢᠯᠯᠠᠭ᠎ᠠ᠂ ᠦᠨᠳᠦᠰᠦᠨ ᠠᠮᠢ ᠨᠠᠰᠤᠨ ᠤ ᠳᠡᠮᠵᠢᠯᠭᠡ ᠶᠢᠨ ᠪᠠᠷᠢᠮᠵᠢᠶᠠᠲᠤ ᠶᠠᠪᠤᠴᠠ ᠵᠡᠷᠭᠡ ᠭᠤᠷᠪᠠᠨ ᠲᠠᠯ᠎ᠠ ᠪᠠᠷ ᠭᠤᠣᠯᠳᠠᠯᠭ᠎ᠠ ᠲᠠᠢ ᠲᠠᠶᠢᠯᠪᠤᠷᠢᠯᠠᠯᠲᠠ ᠬᠢᠨ᠎ᠡ᠃ ᠡᠭᠦᠨ ᠤ ᠬᠠᠮᠲᠤ ᠪᠣᠳᠠᠲᠠᠶ ᠬᠢᠬᠦ ᠶᠠᠪᠤᠴᠠ ᠳᠤ ᠡᠪᠡᠳᠴᠢᠲᠡᠨ ᠤ ᠪᠡᠶ᠎ᠡ ᠶᠢᠨ ᠪᠠᠶᠢᠷᠢᠰᠢᠯ ᠢ ᠲᠠᠯᠪᠢᠬᠤ᠂ ᠠᠮᠢᠰᠬᠤᠯ ᠤᠨ ᠵᠠᠮ ᠢ ᠨᠡᠭᠡᠭᠡᠬᠦ᠂ ᠬᠠᠷᠢ ᠪᠣᠳᠠᠰ ᠢ ᠠᠷᠢᠯᠭᠠᠬᠤ᠂ ᠬᠥᠮᠦᠨ ᠤ ᠬᠦᠴᠦ ᠪᠠᠷ ᠠᠮᠢᠰᠬᠤᠭᠤᠯᠬᠤ᠂ ᠵᠢᠷᠦᠬᠡᠨ ᠳᠤ ᠳᠠᠷᠤᠯᠲᠠ ᠥᠭᠬᠦ᠂ ᠰᠡᠷᠭᠦᠬᠦ ᠰᠢᠨᠵᠢ ᠲᠡᠮᠳᠡᠭ ᠵᠡᠷᠭᠡ ᠲᠠᠯ᠎ᠠ ᠪᠠᠷ ᠨᠠᠷᠢᠨ ᠨᠢᠭᠲᠠ ᠵᠢᠯᠣᠭᠤᠳᠤᠨ᠂ ᠬᠢᠬᠦ ᠦᠶ᠎ᠡ ᠳᠤ ᠠᠮᠠᠷᠬᠠᠨ ᠭᠠᠷᠭᠠᠳᠠᠭ ᠠᠯᠳᠠᠭ᠎ᠠ ᠶᠢ ᠴᠢᠬᠤᠯᠠᠴᠢᠯᠠᠨ ᠵᠢᠭᠠᠵᠤ᠂ ᠰᠠᠭᠤᠭᠠᠯᠢ ᠠᠷᠠᠳ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠲᠤᠬᠠᠶ ᠰᠢᠨ᠎ᠡ ᠲᠠᠨᠢᠯᠲᠠ ᠪᠠ ᠣᠶᠢᠯᠠᠭᠠᠯᠲᠠ ᠲᠠᠢ ᠪᠣᠯᠭᠠᠨ᠎ᠠ᠃ ᠭᠠᠯ ᠤᠨᠲᠠᠷᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠭᠠᠯ ᠤᠨᠲᠠᠷᠠᠭᠠᠭᠴᠢ ᠠᠴᠠ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠬᠡᠪᠢᠰ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠲᠠᠨᠢᠯᠴᠠᠭᠤᠯᠵᠤ᠂ ᠠᠵᠢᠯᠲᠠᠨ ᠤ ᠵᠢᠯᠣᠭᠤᠳᠣᠯᠭ᠎ᠠ ᠳᠣᠤᠷ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠬᠤᠳᠠᠯᠳᠤᠭᠠᠨ ᠤ ᠡᠷᠦᠬᠡ ᠭᠠᠯ ᠤᠨᠲᠠᠷᠠᠭᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠪᠠ ᠠᠵᠢᠯᠯᠠᠭᠤᠯᠬᠤ ᠠᠯᠬᠤᠮ ᠳᠠᠷᠠᠭ᠎ᠠ ᠶᠢ ᠪᠡᠶᠡᠴᠢᠯᠡᠨ ᠣᠶᠢᠯᠠᠭᠠᠪᠠ᠃      ᠨᠡᠶᠢᠭᠡᠮ ᠲᠣᠭᠤᠷᠢᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠪᠣᠯᠤᠨ ᠴᠢᠬᠤᠯᠠ ᠴᠢᠨᠠᠷ ᠢ ᠴᠢᠬᠤᠯᠠᠴᠢᠯᠠᠵᠤ᠂ ᠤᠯᠠᠨ ᠢᠶᠠᠷ ᠢᠶᠠᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠤᠷᠢᠳᠴᠢᠯᠠᠨ ᠰᠡᠷᠭᠡᠶᠢᠯᠡᠬᠦ ᠬᠡᠷᠡᠭᠲᠡᠶ ᠭᠡᠵᠦ ᠤᠷᠢᠶᠠᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠲᠠᠰᠤ ᠵᠣᠭᠰᠣᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠳᠤ ᠰᠠᠶᠢᠨ ᠰᠠᠭᠤᠷᠢ ᠲᠠᠯᠪᠢᠵᠤ᠂ ᠬᠠᠷᠢᠶᠠᠲᠤ ᠣᠷᠣᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠨᠡᠯᠢᠶᠡᠳ ᠶᠡᠭᠡ ᠪᠠᠷ ᠳᠡᠭᠡᠭᠰᠢᠯᠡᠭᠦᠯᠦᠨ᠂ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ ᠭᠠᠶ ᠭᠠᠮᠰᠢᠭ ᠢ ᠬᠡᠷᠬᠢᠨ ᠰᠡᠷᠭᠡᠶᠢᠯᠡᠬᠦ ᠶᠢ ᠣᠶᠢᠯᠠᠭᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠲᠣᠭᠲᠠᠭᠤᠨ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1