ᠲᠢᠶᠠᠨ ᠵᠢᠶᠤᠤ ᠵᠡᠭᠡᠯᠢ ᠭᠤᠳᠤᠮᠵᠢ ᠶᠢᠨ ᠬᠢᠨ ︽ᠭᠤᠷᠪᠠᠨ ᠶᠠᠪᠤᠳᠠᠯ ᠢ ᠢᠯᠡ ᠪᠣᠯᠭᠠᠬᠤ︾ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/18
ᠲᠢᠶᠠᠨ ᠵᠢᠶᠤᠤ ᠵᠡᠭᠡᠯᠢ ᠭᠤᠳᠤᠮᠵᠢ ᠶᠢᠨ ᠬᠢᠨ ︽ᠭᠤᠷᠪᠠᠨ ᠶᠠᠪᠤᠳᠠᠯ ᠢ ᠢᠯᠡ ᠪᠣᠯᠭᠠᠬᠤ︾ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ      ᠪᠠᠶᠢᠭᠤᠯᠤᠯᠭ᠎ᠠ ᠵᠢᠴᠢ ᠨᠡᠶᠢᠭᠡᠮ ᠲᠣᠭᠤᠷᠢᠭ ᠤᠨ ᠭᠤᠷᠪᠠᠨ ᠶᠠᠪᠤᠳᠠᠯ ᠢ ᠢᠯᠡ ᠪᠣᠯᠭᠠᠬᠤ ᠶᠠᠪᠤᠴᠠ ᠶᠢ ᠵᠢᠷᠤᠮᠵᠢᠭᠤᠯᠵᠤ᠂ ᠭᠤᠷᠪᠠᠨ ᠶᠠᠪᠤᠳᠠᠯ ᠢ ᠢᠯᠡ ᠪᠣᠯᠭᠠᠬᠤ ᠮᠠᠲ᠋ᠧᠷᠢᠶᠠᠯ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ ᠂ 12 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠲᠢᠶᠠᠨ ᠵᠢᠶᠤᠤ ᠵᠡᠭᠡᠯᠢ ᠭᠤᠳᠤᠮᠵᠢ ᠶᠢᠨ ᠬᠢᠨ ︽ᠭᠤᠷᠪᠠᠨ ᠶᠠᠪᠤᠳᠠᠯ ᠢ ᠢᠯᠡ ᠪᠣᠯᠭᠠᠬᠤ︾ ᠰᠤᠷᠤᠯᠴᠠᠯᠭ᠎ᠠ ᠶᠢᠨ ᠬᠤᠷᠠᠯ ᠬᠢᠵᠦ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ ᠱᠦᠵᠢ ᠺᠧᠦ ᠶᠢᠨ ᠸᠤᠨ ᠬᠤᠷᠠᠯ ᠡᠷᠭᠢᠯᠡᠵᠦ᠂ ᠵᠡᠭᠡᠯᠢ ᠭᠤᠳᠤᠮᠵᠢ ᠶᠢᠨ ᠡᠯ᠎ᠡ ᠰᠠᠯᠠᠭ᠎ᠠ ᠲᠠᠰᠤᠭ ᠵᠢᠴᠢ ᠡᠯ᠎ᠡ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠠᠵᠢᠯᠲᠠᠳ ᠲᠣᠰ ᠤᠳᠠᠭᠠᠨ ᠤ ᠬᠤᠷᠠᠯ ᠳᠤ ᠣᠷᠣᠯᠴᠠᠵᠠᠶ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠨᠠᠮ ᠵᠠᠰᠠᠭ ᠤᠨ ᠠᠯᠪᠠᠨ ᠬᠡᠷ ᠤᠨ ᠠᠵᠢᠯᠲᠠᠳ ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠲᠠᠢ ᠤᠶᠠᠯᠳᠤᠭᠤᠯᠤᠨ᠂ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠵᠢᠴᠢ ᠡᠳ᠋ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠵᠡᠷᠭᠡ ᠭᠤᠷᠪᠠᠨ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠭᠤᠷᠪᠠᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠨᠠᠷᠢᠨ ᠨᠢᠮᠪᠠᠶ ᠪᠣᠳᠠᠲᠠᠶ ᠬᠢᠭᠰᠡᠨ ᠪᠠᠶᠢᠨ᠎ᠠ᠃      ᠬᠤᠷᠠᠯ ᠳᠡᠭᠡᠷ᠎ᠡ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ ᠳᠡᠭᠡᠷᠡᠮ ᠤᠨ ᠱᠦᠵᠢ ᠴᠢᠬᠤᠯᠠᠴᠢᠯᠠᠬᠤ ᠳᠠᠭᠠᠨ᠂ ᠣᠳᠣᠬᠠᠨ ᠤ ︽ᠭᠤᠷᠪᠠᠨ ᠶᠠᠪᠤᠳᠠᠯ ᠢ ᠢᠯᠡ ᠪᠣᠯᠭᠠᠬᠤ︾ ᠳᠤᠮᠳᠠ ᠣᠷᠣᠰᠢᠵᠤ ᠪᠠᠶᠢᠭ᠎ᠠ ᠴᠠᠭ ᠲᠤᠬᠠᠶ ᠳᠤᠨᠢ ᠢᠯᠡ ᠪᠣᠯᠭᠠᠭᠰᠠᠨ ᠥᠬᠡᠶ᠂ ᠠᠭᠤᠯᠭ᠎ᠠ ᠨᠢ ᠪᠦᠷᠢᠨ ᠪᠤᠰᠤ᠂ ᠲᠠᠰ ᠳᠠᠷᠠᠭᠠᠯᠠᠯ ᠪᠠ ᠣᠷᠣᠭᠤᠯᠤᠯᠲᠠ ᠨᠢ ᠵᠢᠷᠤᠮᠵᠢᠯ ᠥᠬᠡᠶ᠂ ᠲᠠᠩᠰᠠ ᠡᠪᠬᠡᠮᠡᠯ ᠤᠨ ᠦᠯᠡᠳᠡᠭᠡᠯᠲᠡ ᠨᠢ ᠪᠦᠷᠢᠨ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ ᠪᠠᠶᠢᠭᠤᠯᠤᠯᠭ᠎ᠠ ᠪᠠ ᠨᠡᠶᠢᠭᠡᠮ ᠲᠣᠭᠤᠷᠢᠭ ᠤᠨ ᠬᠢᠨ ᠴᠢᠬᠤᠯᠠᠴᠢᠯᠠᠬᠤ ᠬᠡᠮᠵᠢᠶ᠎ᠡ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠠᠵᠢᠯ ᠤᠨ ᠬᠠᠷᠢᠭᠤᠴᠠᠯᠭ᠎ᠠ ᠪᠠ ᠡᠭᠦᠷᠭᠡ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠵᠡᠭᠡᠯᠢ ᠭᠤᠳᠤᠮᠵᠢ ᠶᠢᠨ ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠳᠥᠯᠭᠢᠨ ᠠᠬᠢᠭᠤᠯᠬᠤ ᠬᠡᠷᠡᠭᠲᠡᠶ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1