ᠳ᠋ᠦᠩ ᠾᠧ ᠲᠣᠭᠤᠷᠢᠭ ᠤᠨ ᠰᠠᠭᠤᠭᠠᠯᠢ ᠠᠷᠠᠳ ᠤᠨ ᠴᠠᠬᠢᠯᠭᠠᠨ ᠬᠤᠯᠪᠣᠭᠠᠨ ᠤ ᠮᠡᠬᠡᠯᠡᠯ ᠤᠨ ᠲᠤᠬᠠᠢ | ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ᠂ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠂ ᠡᠷᠡᠭᠦᠯ ᠪᠥᠭᠡᠳ ᠡᠶ᠎ᠡ ᠵᠣᠬᠢᠴᠠᠯ ᠲᠠᠢ | ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ | ᠠᠩᠭᠢ ᠶᠢᠨ ᠬᠢᠨ 110 ᠴᠠᠭᠳᠠᠭ᠎ᠠ ᠶᠢᠨ ᠪᠠᠶᠠᠷ ᠤᠨ ᠡᠳᠦᠷ ᠤᠨ ᠵᠠᠯᠢ ᠮᠡᠭᠡ ᠶᠢ ᠡᠰᠡᠷᠭᠦᠴᠡᠬᠦ ᠤᠬᠠᠭᠤᠯᠭ᠎ᠠ ᠶᠢᠨ | ᠠᠵᠢᠯ ᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃ | 2022 ᠣᠨ ᠤ 1 ᠰᠠᠷ᠎ᠠ ᠶᠢᠨ 9 ᠤ ᠦᠳᠡ ᠶᠢᠨ ᠡᠮᠦᠨ᠎ᠡ᠂ ᠰᠦᠷᠳᠡᠭᠦᠯᠦᠯ ᠢ ᠡᠰᠡᠷᠭᠦᠴᠡᠬᠦ ᠣᠨᠴᠠᠭᠠᠢ | ᠲᠣᠭᠤᠷᠢᠨ ᠪᠠᠶᠢᠴᠠᠭᠠᠬᠤ ᠶᠡᠭᠡ ᠠᠩᠭᠢ ᠶᠢᠨ ᠬᠢᠨ 4 ᠴᠠᠭᠳᠠᠭ᠎ᠠ ᠶᠢᠨ ᠬᠦᠴᠦᠨ᠂ ᠢᠸᠢᠺᠸ ᠶᠢᠨ 1 ᠴᠠᠭᠳᠠᠭᠠᠨ ᠤ | ᠲᠡᠷᠭᠡ ᠲᠣᠮᠢᠯᠠᠨ ᠳ᠋ᠦᠩ ᠾᠧ ᠲᠣᠭᠤᠷᠢᠭ ᠤᠨ ᠦ᠋ ᠶᠤᠸᠠᠢ ᠠᠭᠤᠳᠠᠮ ᠲᠠᠯᠠᠪᠠᠢ ᠶᠢᠨ ᠬᠥᠮᠥᠨ ᠤᠯᠠᠨ ᠴᠤᠭᠯᠠᠷᠠᠭᠰᠠᠨ | ᠣᠷᠣᠨ ᠳᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠥᠷᠨᠢᠭᠦᠯᠪᠡ᠃ᠤᠬᠠᠭᠤᠯᠭ᠎ᠠ ᠶᠢᠨ ᠠᠵᠢᠯᠯᠠᠭ᠎ᠠ ᠶᠢᠨ | ᠲᠤᠬᠠᠢ ᠶᠢᠨ ᠲᠠᠯᠠᠪᠤᠷ ᠲᠤ᠂ ᠭᠡᠰᠢᠭᠦᠳ ᠣᠯᠠᠨ ᠲᠦᠮᠡᠨ ᠲᠠᠢ ᠨᠢᠭᠡ ᠨᠢᠭᠡ ᠪᠠᠷ ᠤᠬᠠᠭᠤᠯᠵᠤ᠂ ᠣᠯᠠᠨ ᠲᠦᠮᠡᠨ ᠳᠤ | ᠢᠨᠲ᠋ᠧᠷ ᠰᠦᠯᠵᠢᠶᠡᠨ ᠳᠡᠭᠡᠷ᠎ᠡ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠶᠢ | ᠴᠢᠩᠭᠠᠳᠬᠠᠵᠤ᠂ ᠪᠠᠴᠢᠮ ᠪᠠᠶᠢᠳᠠᠯ᠂ ᠰᠡᠵᠢᠭᠯᠡᠯᠲᠡᠢ ᠪᠠᠶᠢᠳᠠᠯ ᠲᠣᠬᠢᠶᠠᠯᠳᠤᠪᠠᠯ ᠳᠠᠷᠤᠢ ᠲᠦᠷᠭᠡᠨ ᠴᠠᠭᠳᠠᠭ᠎ᠠ ᠳᠤ | ᠮᠡᠳᠡᠭᠦᠯᠵᠦ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠰᠡᠷᠡᠮᠵᠢᠯᠡᠭᠦᠯᠵᠡᠢ᠃ | ᠲᠤᠰ ᠤᠳᠠᠭ᠎ᠠ ᠶᠢᠨ ᠤᠬᠠᠭᠤᠯᠭ᠎ᠠ ᠳᠤ ᠨᠡᠶᠢᠳᠡ 100 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ | ᠲᠠᠷᠬᠠᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠯᠠᠨ ᠤ ᠮᠡᠬᠡᠯᠡᠯ ᠢ ᠡᠰᠡᠷᠭᠦᠴᠡᠬᠦ ᠤᠬᠠᠮᠰᠠᠷ ᠤᠨ | ᠳᠡᠭᠡᠭᠰᠢᠯᠡᠯᠲᠡ ᠶᠢ ᠪᠦᠲᠦᠮᠵᠢᠲᠡᠢ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ | ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠵᠤ᠂ ᠪᠤᠭᠤᠲᠤ ᠶᠢᠨ ᠴᠢᠨᠠᠷ ᠰᠠᠶᠢᠲᠠᠢ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠬᠠᠮᠠᠭᠠᠯᠠᠵᠤ ᠥᠭᠴᠡᠢ᠃ | | | | |