ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ 2022 ᠣᠨ ᠤ 1 ᠰᠠᠷ᠎ᠠ᠂ 2 | ᠰᠠᠷ᠎ᠠ ᠳᠤ ᠲᠠᠷᠬᠠᠭᠠᠪ᠊ | ᠣᠨᠴᠠ ᠬᠦᠴᠢᠷᠳᠡᠯᠲᠡᠢ ᠬᠥᠮᠥᠰ ᠤᠨ ᠡᠯ᠎ᠡ ᠵᠦᠢᠯ ᠤᠨ ᠠᠯᠪᠠᠨ ᠵᠠᠷᠤᠳᠠᠯ | 202 ᠣᠨ ᠠᠴᠠ ᠡᠬᠢᠯᠡᠨ᠂ ᠳ᠋ᠦᠩ ᠾᠧ ᠲᠣᠭᠤᠷᠢᠭ ᠤᠨ ᠬᠤᠳᠠ ᠬᠥᠳᠡᠭᠡ ᠶᠢᠨ ᠣᠨᠴᠠ ᠬᠦᠴᠢᠷᠳᠡᠯᠲᠡᠢ | ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ ᠵᠡᠷᠭᠡ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ | ᠤᠤᠯ ᠤᠨ ᠤᠯᠠᠷᠢᠯ ᠢᠶᠠᠷ ᠬᠢᠨᠠᠨ ᠵᠥᠪᠰᠢᠶᠡᠷᠡᠵᠦ᠂ ᠤᠯᠠᠷᠢᠯ ᠢᠶᠠᠷ ᠣᠯᠭᠤᠵᠤ ᠪᠠᠶᠢᠭᠰᠠᠨ ᠢ ᠰᠠᠷ᠎ᠠ ᠪᠠᠷ ᠬᠢᠨᠠᠨ | ᠵᠥᠪᠰᠢᠶᠡᠷᠡᠵᠦ᠂ ᠰᠠᠷ᠎ᠠ ᠪᠠᠷ ᠣᠯᠭᠤᠬᠤ ᠪᠣᠯᠭᠠᠨ ᠥᠭᠡᠷᠡᠴᠢᠯᠡᠪᠡ᠃ | ᠳ᠋ᠦᠩ ᠾᠧ ᠲᠣᠭᠤᠷᠢᠭ ᠤᠨ ᠬᠤᠲᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠥᠰ ᠢ ᠠᠪᠤᠷᠠᠨ | ᠲᠤᠰᠠᠯᠠᠵᠤ ᠠᠰᠠᠷᠠᠨ ᠲᠡᠵᠢᠭᠡᠬᠦ ᠶᠢ ᠪᠠᠲᠤᠯᠠᠬᠤ ᠶᠢᠨ ᠲᠥᠯᠥᠭᠡ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ ᠵᠡᠷᠭᠡ ᠬᠦᠴᠢᠷᠳᠡᠯ ᠲᠠᠢ ᠣᠯᠠᠨ ᠲᠦᠮᠡᠨ ᠢ ᠳᠤᠯᠠᠭᠠᠨ ᠪᠦᠯᠢᠶᠡᠨ ᠥᠯᠵᠡᠶᠢᠲᠦ ᠴᠠᠭᠠᠨ | ᠰᠠᠷ᠎ᠠ ᠶᠢᠨ ᠪᠠᠶᠠᠷ ᠲᠠᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 2022 ᠣᠨ ᠤ 1 ᠰᠠᠷ᠎ᠠ ᠶᠢᠨ 10 ᠤ | ᠡᠳᠦᠷ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠦᠬᠦᠨ ᠳᠤ ᠲᠣᠬᠢᠷᠠᠬᠤ ᠺᠠᠷᠲ ᠤᠨ | ᠰᠢᠰᠲ᠋ᠧᠮ ᠢᠶᠠᠷ ᠳᠠᠮᠵᠢᠭᠤᠯᠤᠨ ᠪᠥᠬᠦ ᠣᠷᠣᠨ ᠤ ᠬᠤᠲᠠ ᠬᠥᠳᠡᠭᠡ ᠶᠢᠨ 230 ᠣᠨᠴᠠ ᠬᠦᠴᠢᠷᠳᠡᠯᠲᠡᠢ ᠬᠥᠮᠥᠰ ᠲᠤ | 1 ᠳ᠋ᠦᠭᠡᠷ ᠰᠠᠷ᠎ᠠ᠂ 2 ᠳ᠋ᠤᠭᠠᠷ ᠰᠠᠷ᠎ᠠ ᠶᠢᠨ ᠠᠮᠢᠳᠤᠷᠠᠯ ᠤᠨ ᠠᠰᠠᠷᠠᠨ ᠲᠡᠵᠢᠭᠡᠬᠦ ᠵᠠᠷᠤᠳᠠᠯ 64 ᠲᠦᠮᠡᠨ ᠲᠥᠭᠦᠷᠢᠭ᠂ | ᠠᠰᠠᠷᠠᠨ ᠰᠤᠪᠢᠯᠠᠬᠤ ᠵᠠᠷᠤᠳᠠᠯ 29.71 ᠲᠦᠮᠡᠨ ᠲᠥᠭᠦᠷᠢᠭ ᠣᠯᠭᠤᠵᠤ᠂ ᠪᠥᠬᠦ ᠣᠷᠣᠨ ᠤ 8 ᠥᠨᠥᠴᠢᠨ | ᠬᠡᠦᠬᠡᠳ ᠵᠢᠴᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 38 ᠬᠡᠦᠬᠡᠳ ᠲᠤ ᠠᠮᠢᠳᠤᠷᠠᠯ ᠤᠨ ᠠᠰᠠᠷᠠᠨ | ᠲᠡᠵᠢᠭᠡᠬᠦ ᠵᠠᠷᠤᠳᠠᠯ 12.72 ᠲᠦᠮᠡᠨ ᠲᠥᠭᠦᠷᠢᠭ ᠣᠯᠭᠤᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠬᠦᠴᠢᠷᠳᠡᠯᠲᠡᠢ ᠣᠯᠠᠨ ᠲᠦᠮᠡᠨ ᠤ ᠰᠡᠳᠬᠢᠯ ᠳᠤ ᠦᠨᠡᠨ ᠬᠦ ᠬᠦᠷᠭᠡᠭᠰᠡᠨ ᠪᠠᠶᠢᠨ᠎ᠠ᠃ | | |