ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠴᠠᠭᠠᠨ ᠰᠠᠷ᠎ᠠ ᠶᠢᠨ ᠠᠪᠤᠷᠠᠨ | ᠲᠤᠰᠠᠯᠠᠬᠤ ᠲᠤᠰᠬᠠᠢ ᠪᠠᠶᠢᠴᠠᠭᠠᠯᠲᠠ ᠥᠷᠨᠢᠭᠦᠯᠪᠡ | ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠤ ᠴᠠᠭᠠᠨ ᠰᠠᠷ᠎ᠠ ᠶᠢᠨ ᠲᠦᠷ ᠴᠠᠭ ᠤᠨ ᠠᠪᠤᠷᠠᠨ | ᠲᠤᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠢᠨᠠᠨ | ᠬᠠᠷᠭᠤᠭᠤᠯᠵᠤ ᠨᠤᠲᠠᠯᠠᠬᠤ ᠡᠷᠬᠡ ᠮᠡᠳᠡᠯ ᠤᠨ ᠬᠡᠪᠴᠢᠶ᠎ᠡ ᠶᠢ ᠪᠠᠯᠭᠠᠰᠤ ︵ᠵᠡᠭᠡᠯᠢ ᠭᠤᠳᠤᠮᠵᠢ︶ ᠳᠤ ᠪᠠᠭᠤᠯᠭᠠᠭᠰᠠᠨ ᠤ | ᠳᠠᠷᠠᠭ᠎ᠠ᠂ ᠪᠠᠯᠭᠠᠰᠤ ︵ᠵᠡᠭᠡᠯᠢ ᠭᠤᠳᠤᠮᠵᠢ︶ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠷᠬᠡ ᠪᠠᠨ | ᠰᠠᠶᠢᠲᠤᠷ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ 2022 ᠣᠨ ᠤ 1 ᠳ᠋ᠦᠭᠡᠷ ᠰᠠᠷ᠎ᠠ ᠶᠢᠨ 14 ᠤ | ᠡᠳᠦᠷ ᠠᠴᠠ 21 ᠤ ᠡᠳᠦᠷ ᠪᠣᠯᠲᠠᠯ᠎ᠠ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | ᠳᠤᠭᠤᠶᠢᠯᠠᠩ ᠬᠤᠪᠢᠶᠠᠨ 2 ᠪᠠᠯᠭᠠᠰᠤ᠂ 12 ᠵᠡᠭᠡᠯᠢ ᠭᠤᠳᠤᠮᠵᠢ ᠳᠤ ᠬᠦᠷᠴᠦ ᠬᠦᠴᠢᠷᠳᠡᠯᠲᠡᠢ ᠣᠯᠠᠨ ᠲᠦᠮᠡᠨ ᠤ | ᠴᠠᠭᠠᠨ ᠰᠠᠷ᠎ᠠ ᠶᠢᠨ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ | ᠵᠢᠯᠤᠭᠤᠳᠴᠤ ᠪᠠᠶᠢᠴᠠᠭᠠᠪᠠ᠃ | ᠲᠣᠰ ᠤᠳᠠᠭᠠᠨ ᠤ ᠪᠠᠶᠢᠴᠠᠭᠠᠯᠲᠠ ᠶᠢᠨ ᠠᠭᠤᠯᠭ᠎ᠠ ᠳᠤ ᠭᠤᠣᠯᠳᠠᠭᠤ ᠡᠯ᠎ᠡ ᠪᠠᠯᠭᠠᠰᠤ᠂ ᠵᠡᠭᠡᠯᠢ | ᠭᠤᠳᠤᠮᠵᠢ ᠶᠢᠨ ᠴᠠᠭᠠᠨ ᠰᠠᠷ᠎ᠠ ᠶᠢᠨ ᠲᠦᠷ ᠴᠠᠭ ᠤᠨ ᠠᠪᠤᠷᠠᠨ ᠲᠤᠰᠠᠯᠠᠯᠲᠠ ᠶᠢᠨ ᠲᠠᠩᠰᠠ ᠡᠪᠬᠡᠮᠡᠯ ᠤᠨ | ᠮᠠᠲ᠋ᠧᠷᠢᠶᠠᠯ ᠢ ᠪᠠᠶᠢᠴᠠᠭᠠᠨ ᠦᠵᠡᠬᠦ ᠶᠢᠨ ᠬᠠᠮᠲᠤ ᠬᠡᠰᠡᠭ ᠠᠪᠤᠷᠠᠨ ᠲᠤᠰᠠᠯᠠᠯᠲᠠ ᠶᠢᠨ ᠡᠲᠡᠭᠡᠳ ᠢ ᠡᠷᠦᠬᠡ ᠳᠤ | ᠬᠦᠷᠴᠦ ᠰᠤᠭᠤᠴᠢᠨ ᠪᠠᠶᠢᠴᠠᠭᠠᠨ᠎ᠠ᠃ᠬᠡᠰᠡᠭ ᠪᠠᠯᠭᠠᠰᠤ᠂ ᠵᠡᠭᠡᠯᠢ ᠭᠤᠳᠤᠮᠵᠢ ᠶᠢᠨ ᠴᠠᠭᠠᠨ ᠰᠠᠷ᠎ᠠ ᠶᠢᠨ ᠲᠦᠷ | ᠴᠠᠭ ᠤᠨ ᠠᠪᠤᠷᠠᠨ ᠲᠤᠰᠠᠯᠠᠬᠤ ᠮᠠᠲ᠋ᠧᠷᠢᠶᠠᠯ ᠨᠢ ᠲᠡᠭᠦᠯᠳᠡᠷ ᠪᠤᠰᠤ᠂ ᠠᠵᠢᠯ ᠥᠷᠨᠢᠭᠦᠯᠬᠦ ᠨᠢ ᠤᠳᠠᠭᠠᠨ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ | ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤ ᠵᠢᠭᠠᠵᠤ ᠭᠠᠷᠭᠠᠭᠰᠠᠨ ᠨᠢ ᠳᠠᠷᠤᠢ ᠲᠦᠷᠭᠡᠨ | ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠡᠢ᠃ | | | | | |