ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠠᠷᠢᠶ᠎ᠠ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠷᠧᠨ ᠯᠠᠢ ᠴᠢᠤᠸᠠᠨ᠂ ᠸᠧᠢ ᠶᠠ ᠵᠢᠶᠦ᠋ᠨ᠂ ᠰᠦ ᠸᠧᠢ ᠸᠧᠢ ᠨᠢᠭᠡᠳᠦᠭᠡᠷ ᠳᠤᠮᠳᠠ | ᠪᠠᠷᠠᠭᠤᠨ ᠵᠠᠮ ᠤᠨ ᠨᠡᠶᠢᠭᠡᠮ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠤ᠂ ᠲᠡᠳᠡᠨ ᠳᠤ | ᠲᠣᠬᠤᠨᠢᠭᠤᠯᠬᠤ ᠪᠣᠳᠠᠰ ᠵᠢᠴᠢ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠡᠢ᠃ᠰᠤᠷᠪᠤᠯᠵᠢᠯᠠᠬᠤ ᠬᠤᠭᠤᠴᠠᠭᠠᠨ ᠳᠤ᠂ | ᠲᠥᠯᠥᠭᠡᠯᠡᠭᠴᠢᠳ ᠨᠡᠶᠢᠭᠡᠮ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ | ᠲᠡᠳᠡᠨ ᠤ ᠠᠮᠢᠳᠤᠷᠠᠯ ᠤᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠨ ᠯᠠᠪᠯᠠᠵᠤ᠂ | ᠠᠰᠠᠭᠤᠳᠠᠯ ᠪᠠᠶᠢᠪᠠᠯ ᠴᠠᠭ ᠲᠤᠬᠠᠢ ᠳᠤᠨᠢ ᠲᠥᠯᠥᠭᠡᠯᠡᠭᠴᠢᠳ ᠲᠠᠢ ᠬᠠᠷᠢᠯᠴᠠᠵᠤ᠂ ᠪᠦᠬᠦ ᠬᠦᠴᠦᠨ ᠢᠶᠠᠷ ᠢᠶᠠᠨ ᠲᠡᠳᠡᠨ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ ᠭᠡᠵᠦ ᠢᠯᠡᠳᠬᠡᠵᠡᠭᠡᠪᠡ᠃ | ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠶᠠᠳᠠᠭᠤ ᠬᠦᠴᠢᠷᠳᠡᠯᠲᠡᠢ ᠭᠡᠷ ᠪᠦᠯᠢ ᠳᠤ ᠠᠮᠢᠳᠤᠷᠠᠯ ᠤᠨ | ᠬᠠᠪᠰᠤᠷᠤᠯᠭ᠎ᠠ ᠬᠠᠩᠭᠠᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠭᠡᠭᠰᠡᠨ | ᠮᠥᠷᠲᠡᠭᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠣᠯᠠᠨ ᠲᠦᠮᠡᠨ ᠤ | ᠬᠤᠭᠤᠷᠣᠨᠳᠣᠬᠢ ᠬᠠᠷᠢᠯᠴᠠᠭ᠎ᠠ ᠶᠢ ᠭᠦᠨᠵᠡᠭᠡᠶᠢᠷᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠠ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠭᠦᠢᠴᠡᠳᠬᠡᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | | | | | | | | | | | |