ᠥᠷᠭᠡᠨ ᠣᠯᠠᠨ ᠰᠠᠭᠤᠭᠠᠯᠢ ᠠᠷᠠᠳ ᠲᠤ ᠰᠠᠨᠠᠭ᠎ᠠ ᠠᠮᠤᠷ ᠡᠷᠡᠭᠦᠯ ᠮᠡᠨᠳᠦ ᠰᠢᠭᠤᠳ ᠤᠤᠭᠤᠬᠤ ᠤᠰᠤ | ᠤᠤᠭᠤᠯᠭᠠᠬᠤ ᠶᠢᠨ ᠲᠥᠯᠥᠭᠡ᠂ ᠣᠶᠢᠷ᠎ᠠ ᠳᠤ ᠼᠠᠢ ᠱᠧᠨ ᠮᠢᠶᠣᠣ ᠵᠡᠭᠡᠯᠢ ᠶᠢᠨ ᠢᠳᠡᠭᠡᠨ ᠤ ᠠᠰᠠᠷ ᠤᠨ ᠵᠢᠵᠢᠭ | ᠲᠣᠭᠤᠷᠢᠭ ᠲᠤ ᠰᠢᠭᠤᠳ ᠤᠤᠭᠤᠬᠤ ᠤᠰᠤᠨ ᠤ ᠮᠠᠰᠢᠨ ᠤᠭᠰᠠᠷᠠᠵᠤ᠂ ᠲᠤᠬᠠᠢ ᠶᠢᠨ ᠲᠠᠯᠠᠪᠤᠷ ᠲᠤ ᠰᠠᠭᠤᠭᠠᠯᠢ | ᠠᠷᠠᠳ ᠲᠤ ᠤᠰᠤ ᠲᠠᠲᠠᠬᠤ ᠺᠠᠷᠲ ᠭᠠᠷᠭᠠᠨ ᠥᠭᠴᠦ᠂ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠬᠢᠮᠳᠠ᠂ | ᠡᠷᠡᠭᠦᠯ᠂ ᠠᠮᠤᠷ ᠲᠦᠪᠰᠢᠨ ᠰᠢᠭᠤᠳ ᠤᠤᠭᠤᠬᠤ ᠤᠰᠤ ᠶᠢ ᠡᠳ᠋ᠯᠡᠭᠦᠯᠵᠦ᠂ ᠰᠠᠭᠤᠭᠠᠯᠢ ᠠᠷᠠᠳ ᠤᠨ ᠰᠠᠶᠢᠨ | ᠦᠨᠡᠯᠡᠯᠲᠡ ᠶᠢ ᠣᠯᠣᠭᠰᠠᠨ ᠪᠠᠶᠢᠨ᠎ᠠ᠃ | ︽ᠥᠩᠭᠡᠷᠡᠭᠰᠡᠨ ᠳᠤ᠂ ᠵᠢᠵᠢᠭ ᠲᠣᠭᠤᠷᠢᠭ ᠲᠤ ᠤᠰᠤ ᠰᠢᠭᠤᠳ ᠤᠤᠭᠤᠬᠤ ᠮᠠᠰᠢᠨ ᠪᠠᠶᠢᠭᠰᠠᠨ ᠦᠭᠡᠢ᠂ | ᠵᠥᠪᠬᠡᠨ ᠰᠠᠭᠤᠯᠠᠭ᠎ᠠ ᠲᠠᠢ ᠤᠰᠤ ᠬᠤᠳᠠᠯᠳᠤᠨ ᠠᠪᠬᠤ ᠠᠴᠠ ᠥᠭᠡᠷ᠎ᠡ ᠠᠷᠭ᠎ᠠ ᠦᠭᠡᠢ᠂ ᠵᠢᠵᠢᠭ ᠲᠣᠭᠤᠷᠢᠭ ᠤᠨ | ᠭᠠᠳᠠᠨ᠎ᠠ ᠣᠴᠢᠵᠤ ᠤᠰᠤ ᠠᠪᠤᠭᠠᠳ ᠬᠤᠯᠠ ᠮᠥᠷᠲᠡᠭᠡᠨ ᠶᠠᠳᠠᠷᠠᠭ᠎ᠠ ᠲᠠᠢ ᠪᠠᠶᠢᠪᠠ᠂ ᠣᠲᠣ ᠰᠠᠶᠢᠨ ᠪᠣᠯᠵᠠᠢ᠂ ᠠᠰᠠᠷ | ᠠᠴᠠ ᠪᠠᠭᠤᠮᠠᠭᠴᠠ ᠰᠢᠭᠤᠳ ᠤᠤᠭᠤᠬᠤ ᠤᠰᠤ ᠶᠢ ᠲᠤᠰᠴᠤ᠂ ᠬᠡᠳᠦᠢ ᠵᠠᠷᠤᠪᠠᠯ ᠲᠡᠳᠦᠢ ᠲᠤᠰᠳᠠᠭ ᠪᠣᠯᠵᠠᠢ᠂ | ᠦᠨᠡᠬᠡᠷ ᠰᠠᠶᠢᠨ ᠪᠣᠯᠵᠠᠢ︾ ᠭᠡᠵᠡᠢ᠃ ᠭᠡᠵᠦ ᠵᠠᠩ ᠠᠪᠠᠭ᠎ᠠ ᠪᠠᠶᠠᠷᠲᠠᠢ ᠪᠠᠷ ᠬᠡᠯᠡᠪᠡ᠃ | ᠡᠨᠡ ᠤᠳᠠᠭ᠎ᠠ ᠳᠤ ᠠᠷᠠᠳ ᠲᠤ ᠠᠰᠢᠭ ᠬᠦᠷᠲᠡᠭᠡᠬᠦ ᠤᠰᠤ ᠤᠮᠳᠠ ᠶᠢᠨ ᠰᠢᠭᠤᠳ ᠮᠠᠰᠢᠨ ᠤᠭᠰᠠᠷᠠᠵᠤ᠂ | ᠰᠠᠭᠤᠭᠠᠯᠢ ᠠᠷᠠᠳ ᠡᠷᠡᠭᠦᠯ ᠤᠰᠤ ᠤᠮᠳᠠ ᠶᠢ ᠤᠤᠭᠤᠵᠤ ᠪᠣᠯᠣᠨ᠎ᠠ᠃ | | |