2022 ᠣᠨ ᠤ 1 ᠰᠠᠷ᠎ᠠ ᠶᠢᠨ 4 ᠤ ᠡᠳᠦᠷ᠂ ᠳ᠋ᠦᠩ ᠡᡁᠸ ᠲᠣᠭᠤᠷᠢᠭ 2022 ᠣᠨ ᠤ ᠠᠩᠬᠠᠳᠤᠭᠠᠷ | ᠤᠳᠠᠭ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ 2021 | ᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠳ᠋ᠦᠩᠨᠡᠵᠦ᠂ 2022 ᠣᠨ ᠵᠢᠴᠢ ᠬᠤᠶᠢᠰᠢᠳᠠ ᠶᠢᠨ | ᠬᠡᠰᠡᠭ ᠬᠤᠭᠤᠴᠠᠭᠠᠨ ᠤ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠣᠷᠣ ᠬᠠᠤᠯᠢ ᠴᠠᠭᠠᠵᠠ ᠶᠢᠨ | ᠬᠤᠷᠢᠶᠠᠨ ᠤ ᠱᠦᠵᠢ ᠳ᠋ᠦᠩ ᠼᠦ᠋ᠨ ᠷᠦ᠋ᠢ ᠬᠤᠷᠠᠯ ᠡᠷᠬ᠋ᠢᠯᠡᠵᠦ ᠶᠠᠷᠢᠶ᠎ᠠ ᠲᠠᠯᠪᠢᠵᠠᠢ᠃ | ᠬᠤᠷᠠᠯ ᠠᠴᠠ᠂ ᠰᠢ ᠶᠢᠨ ᠫᠢᠩ ᠤ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ | ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ | ᠰᠡᠷᠭᠡᠭ ᠢᠶᠠᠷ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠬᠢᠵᠦ᠂ ᠭᠦᠨᠵᠡᠭᠡᠢ ᠬᠢᠵᠦ᠂ | ᠨᠠᠷᠢᠨ ᠨᠢᠮᠪᠠᠢ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠪᠦᠬᠦ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ︽ᠪᠠᠶᠢᠩᠭᠤ ᠶᠢᠨ | ᠲᠣᠭᠲᠠᠴᠠ ᠶᠢ ᠪᠠᠶᠢᠭᠤᠯᠵᠤ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ | ᠴᠢᠩᠭ᠎ᠠ ᠵᠢᠷᠤᠮᠯᠠᠨ᠂ ᠨᠡᠩ ᠶᠡᠭᠡ ᠬᠠᠷᠢᠭᠤᠴᠠᠯᠭ᠎ᠠ ᠶᠢ ᠡᠭᠦᠷᠭᠡᠯᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ᠂ ᠨᠡᠩ ᠥᠨᠳᠥᠷ ᠲᠦᠪᠰᠢᠨ ᠪᠦᠬᠦᠢ ᠳ᠋ᠦᠩ | ᠾᠧ ᠲᠣᠭᠤᠷᠢᠭ ᠢ ᠪᠦᠲᠦᠭᠡᠨ ᠪᠠᠶᠢᠭᠤᠯᠬᠤ ᠳᠤ ᠡᠶ᠎ᠡ ᠵᠣᠬᠢᠴᠠᠩᠭᠤᠢ ᠲᠣᠭᠲᠠᠭᠤᠨ ᠣᠷᠴᠢᠨ ᠲᠣᠭᠤᠷᠢᠨ ᠢ ᠡᠭᠦᠳᠦᠨ | ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ | ᠳᠠᠷᠤᠭ᠎ᠠ ᠯᠢ ᠰᠢᠶᠣᠣ ᠬᠤᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠴᠧᠩ ᠯᠢ ᠰᠢᠶᠠᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ | ᠳᠠᠷᠤᠭ᠎ᠠ ᠷᠧᠨ ᠯᠠᠢ ᠴᠢᠤᠸᠠᠨ ᠬᠤᠷᠠᠯ ᠳᠤ ᠣᠷᠣᠯᠴᠠᠪᠠ᠃ | |