ᠶᠠᠩ ᠭᠧ ᠯᠢᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ 2021 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/27
     ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠪᠠᠲᠤᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃2022 ᠣᠨ ᠤ 1 ᠰᠠᠷ᠎ᠠ ᠶᠢᠨ 27 ᠋ ᠤ ᠡᠳᠦᠷ᠂ ᠶᠠᠩ ᠭᠧ ᠯᠢᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ 2021 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠭᠡᠰᠢᠭᠦᠨ ᠤ ᠲᠥᠯᠥᠭᠡᠯᠡᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢᠨ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠥᠩᠭᠡᠷᠡᠭᠰᠡᠨ ᠨᠢᠭᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠨᠠᠷᠢᠨ ᠬᠢᠨᠠᠮᠠᠭᠠᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠵᠤ᠂ ᠳᠠᠷᠠᠭᠠᠴᠢ ᠶᠢᠨ ᠠᠯᠬᠤᠮ ᠳᠤ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠳᠤᠷᠠᠳᠴᠠᠢ᠃ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠵᠢᠶᠦ᠋ᠨ ᠫᠢᠩ ᠲᠤᠬᠠᠢ ᠶᠢᠨ ᠲᠠᠯᠠᠪᠠᠢ ᠶᠢᠨ ᠠᠵᠢᠯ ᠤᠨ ᠮᠡᠳᠡᠭᠦᠯᠦᠯᠲᠡ ᠬᠢᠭᠰᠡᠨ ᠪᠠᠶᠢᠳᠠᠯ᠂ ᠡᠳᠦᠷ ᠳᠤᠳᠤᠮ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠯ᠎ᠡ ᠨᠡᠶᠢᠭᠡᠮ ᠲᠣᠭᠤᠷᠢᠭ ᠤᠨ ᠠᠵᠢᠯ ᠤᠨ ᠬᠢᠯᠠᠰ ᠴᠡᠭ ᠪᠣᠯᠣᠨ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠨᠢᠭᠡᠳ ᠨᠢᠭᠡ ᠪᠠᠷ ᠦᠨᠡᠯᠡᠵᠦ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠡᠯ᠎ᠡ ᠨᠡᠶᠢᠭᠡᠮ ᠲᠣᠭᠤᠷᠢᠭ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ ᠪᠠᠶᠢᠭ᠎ᠠ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠲᠡ ᠬᠢᠪᠡ᠃ᠡᠭᠦᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠦᠨᠡᠨ ᠠᠴᠠ ᠵᠥᠪ ᠢ ᠡᠷᠢᠬᠦ ᠵᠠᠷᠴᠢᠮ ᠢᠶᠠᠷ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ  ᠲᠤᠨᠢ ᠦᠨᠡᠯᠡᠨ ᠶᠠᠷᠢᠯᠴᠠᠵᠠᠢ᠃      ᠬᠠᠮᠤᠭ ᠤᠨ ᠰᠡᠭᠦᠯ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠵᠢᠶᠦ᠋ᠨ ᠫᠢᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠳᠠᠷᠠᠭᠠᠴᠢ ᠶᠢᠨ ᠠᠯᠬᠤᠮ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ ᠭᠤᠷᠪᠠᠨ ᠱᠠᠭᠠᠷᠳᠠᠯᠭ᠎ᠠ ᠳᠤᠷᠠᠳᠴᠠᠢ᠃ᠨᠢᠭᠡ ᠳᠤ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ᠲᠦᠷᠦᠭᠦᠯᠡᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠬᠠᠮᠰᠠᠷ ᠠᠴᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠴᠢᠭᠯᠡᠯ ᠢ ᠵᠢᠭᠠᠨ ᠳᠠᠭᠠᠭᠤᠯᠵᠤ᠂︽ᠬᠤᠶᠠᠷ ᠢ ᠲᠣᠭᠲᠠᠭᠠᠬᠤ︾ ᠶᠢ ᠢᠮᠠᠭᠲᠠ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ᠃ᠬᠤᠶᠠᠷ ᠲᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠨ᠎ᠠ᠃ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠦᠨᠳᠦᠰᠦ ᠶᠢ ᠪᠠᠲᠤᠳᠬᠠᠨ ᠰᠠᠭᠤᠷᠢ ᠶᠢ ᠪᠠᠬᠢᠵᠢᠭᠦᠯᠬᠦ ᠪᠠ ᠨᠡᠷᠡᠳᠤ ᠲᠡᠮᠳᠡᠭᠲᠦ ᠶᠢ ᠡᠭᠦᠳᠦᠨ ᠪᠠᠶᠢᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ᠭᠤᠷᠪᠠ ᠳᠤ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠲᠦᠷᠦᠭᠦᠨ ᠳᠤ ᠬᠢᠵᠦ᠂ ᠡᠮᠦᠨ᠎ᠡ ᠡᠩᠨᠡᠭᠡᠨ ᠳᠤ ᠶᠠᠪᠤᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠶᠠᠩ ᠭᠧ ᠯᠢᠶᠠᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1