ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ ᠮᠢᠩᠭᠠᠨ ᠲᠦᠮᠡᠨ ᠭᠡᠷ ᠪᠦᠯᠢ ᠶᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/1/27
    ︽ ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠠᠨᠳᠢᠪᠯᠡᠬᠤ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠪᠠ ᠬᠥᠮᠥᠡᠯᠢᠭ ᠶᠣᠰᠣᠨ ᠤ ᠬᠦᠷᠢᠶᠡᠨ ᠳᠠᠬᠢ ᠬᠠᠪᠰᠤᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ᠂ ᠲᠦᠭ ᠲᠦᠮᠡᠨ ᠭᠡᠷ ᠪᠦᠯᠢ ᠶᠢ ᠳᠤᠯᠠᠭᠠᠴᠠᠭᠤᠯᠬᠤ︾ ᠠᠪᠤᠷᠠᠨ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠠᠮᠢᠳᠤᠷᠠᠯ ᠤᠨ ᠬᠡᠷᠡᠭᠰᠡᠯ ᠤᠨ ᠬᠠᠶᠢᠷᠴᠠᠭ ᠢ ᠲᠦᠭᠡᠭᠡᠬᠦ ᠠᠷᠭ᠎ᠠ ᠮᠠᠶ᠋ᠢᠭ ᠢᠶᠠᠷ ᠠᠵᠢᠯᠯᠠᠭ᠎ᠠ ᠥᠷᠨᠢᠭᠦᠯᠪᠡ᠃      ᠣᠶᠢᠷ᠎ᠠ ᠳᠤ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠭᠡᠮ ᠲᠣᠭᠤᠷᠢᠭ ᠤᠨ ᠬᠢᠨ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠴᠠᠭᠠᠨ ᠰᠠᠷ᠎ᠠ ᠶᠢᠨ ᠠᠪᠤᠷᠠᠨ ᠲᠤᠰᠠᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠦᠴᠢᠷᠳᠡᠯᠲᠡᠢ ᠪᠠᠭᠤᠷᠠᠢ ᠣᠯᠠᠨ ᠲᠦᠮᠡᠨ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠪᠣᠳᠠᠰ ᠬᠦᠷᠭᠡᠨ ᠥᠭᠴᠦ᠂ ᠲᠡᠳᠡᠨ ᠢ ᠰᠠᠨᠠᠭ᠎ᠠ ᠠᠮᠤᠷ ᠰᠠᠶᠢᠨ ᠵᠢᠯ ᠥᠩᠭᠡᠷᠡᠭᠦᠯᠬᠦ ᠶᠢ ᠬᠦᠰᠡᠵᠦ ᠪᠠᠶᠢᠨ᠎ᠠ᠂ ᠨᠢᠭᠡ ᠤᠭᠤᠲᠠ ᠬᠦᠨᠳᠦ ᠲᠤᠲᠤᠷᠭᠠᠨ ᠭᠤᠯᠢᠷ ᠢᠶᠠᠷ ᠬᠦᠴᠢᠷᠳᠡᠯᠲᠡᠢ ᠭᠡᠷ ᠪᠦᠯᠢ ᠳᠤ ᠪᠠᠲᠤᠯᠠᠭ᠎ᠠ ᠬᠦᠷᠭᠡᠵᠦ᠂ ᠲᠡᠳᠡᠨ ᠳᠤ ᠨᠠᠮ ᠪᠠ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨ ᠬᠦ ᠬᠦᠷᠲᠡᠭᠡᠭᠰᠡᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1