ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠵᠣᠯ ᠵᠢᠷᠭᠠᠯ ᠤᠨ ᠰᠠᠭᠤᠷᠢ ᠥᠩᠭᠡ ᠤᠯᠠᠮ ᠲᠣᠳᠣ ᠪᠣᠯᠪᠠ
ᠨᠡᠶᠢᠲᠡᠯᠡᠭᠰᠡᠨ ᠴᠠᠭ᠄
2022/1/28
     ᠨᠡᠶᠢᠭᠡᠮ ᠤᠨ ᠪᠠᠲᠤᠯᠠᠭ᠎ᠠ ᠪᠣᠯ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠮᠥᠨ᠂ ᠨᠡᠶᠢᠭᠡᠮ ᠤᠨ ᠬᠥᠭᠵᠢᠯᠲᠡ ᠶᠢᠨ ᠬᠤᠷᠳᠤᠳᠬᠠᠭᠤᠷ ᠮᠥᠨ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠴᠢᠬᠤᠯᠠ ᠪᠠᠲᠤᠯᠠᠭ᠎ᠠ ᠮᠥᠨ᠃      2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠵᠠᠭᠤᠨ ᠵᠢᠯ ᠤᠨ ᠬᠤᠪᠢᠷᠠᠯᠲᠠ ᠪᠣᠯᠣᠨ ᠬᠢᠵᠢᠭ ᠤᠨ ᠪᠠᠶᠢᠳᠠᠯ ᠰᠣᠯᠪᠢᠴᠠᠭᠰᠠᠨ ᠪᠠᠶᠢᠳᠠᠯ ᠳᠣᠣᠷ᠎ᠠ᠂  ᠡᠨᠡ ᠨᠢᠭᠡ ᠵᠢᠯ ᠳᠤ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ  ᠶᠢᠨ ᠦᠢᠯᠡᠰ ᠤᠨ ᠠᠵᠤ ᠠᠬᠤᠢ  ᠶᠢᠨ ᠠᠵᠢᠯᠯᠠᠭᠠᠨ ᠤ ︽ᠳᠣᠷᠭᠢᠯᠲᠠ  ᠶᠢ ᠨᠠᠮᠳᠠᠭᠤᠯᠤᠭᠴᠢ︾ ᠶᠢᠨ ᠦᠢᠯᠡᠳᠦᠯ ᠤᠯᠠᠮ ᠨᠢᠭᠡ ᠠᠯᠬᠤᠮ ᠲᠣᠪᠣᠶᠢᠮ᠎ᠠ ᠪᠣᠯᠵᠤ ᠂ ᠥᠭᠡᠷᠡᠴᠢᠯᠡᠯᠲᠡ ᠭᠦᠨᠵᠡᠭᠡᠶᠢᠷᠡᠨ ᠠᠬᠢᠵᠤ᠂ ᠥᠭᠡᠷᠡᠴᠢᠯᠡᠯᠲᠡ  ᠶᠢᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠶᠡᠭᠡ ᠪᠠᠷ ᠴᠢᠩᠭᠠᠷᠠᠵᠤ᠂ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠰᠠᠭᠤᠷᠢ ᠤᠯᠠᠮ ᠪᠠᠬᠢᠵᠢᠵᠦ᠂ ᠡᠯ᠎ᠡ ᠵᠦᠢᠯ ᠤᠨ ᠬᠠᠷᠠᠭᠠᠯᠵᠠᠯ ᠤᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠨᠡᠶᠢᠭᠡᠮ ᠤᠨ ᠪᠠᠲᠤᠯᠠᠭ᠎ᠠ  ᠶᠢᠨ ᠦᠢᠯᠡᠰ ᠤᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢᠨ ᠦᠢᠯᠡᠳᠦᠯ ᠤᠯᠠᠮ ᠢᠯᠡᠷᠬᠡᠢ ᠪᠣᠯᠵᠤ᠂ ᠠᠷᠠᠳ ᠣᠯᠠᠨ ᠤ ᠵᠣᠯ ᠵᠢᠷᠭᠠᠯ ᠤᠨ ᠬᠤᠷᠢᠭ᠎ᠠ ᠱᠤᠭᠤᠮ  ᠢ ᠢᠮᠠᠭᠲᠠ ᠰᠠᠬᠢᠨ ᠬᠠᠮᠠᠭᠠᠯᠠᠵᠤ ᠪᠠᠶᠢᠨ᠎ᠠ᠃      ᠠᠷᠠᠳ ᠤᠨ ᠠᠮᠢᠳᠤᠷᠠᠯ ᠢ ᠪᠠᠲᠤᠯᠠᠬᠤ ᠲᠣᠣᠷ ᠢ ᠨᠢᠭᠲᠠ ᠰᠦᠯᠵᠢᠨ᠎ᠡ      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠠᠩᠬᠠᠨ ᠤ ᠠᠯᠬᠤᠮ ᠢ ᠰᠠᠶᠢᠲᠤᠷ ᠠᠯᠬᠤᠬᠤᠨᠢᠭᠡ ᠵᠢᠯ ᠤᠨ ᠲᠤᠷᠰᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠵᠠᠯᠭᠠᠭ᠎ᠠ ᠪᠠᠷ ᠰᠢᠪᠲᠤᠯᠵᠤ᠂ ᠣᠯᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠠᠷᠠᠳ ᠤᠨ ᠠᠮᠢᠳᠤᠷᠠᠯ ᠤᠨ ᠲᠣᠣᠷ ᠢ ᠨᠠᠩ ᠪᠠᠲᠤ ᠪᠠᠬᠢ ᠪᠣᠯᠭᠠᠪᠠ᠃      ᠡᠨᠡ ᠨᠢᠭᠡ ᠵᠢᠯ ᠳᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠰᠠᠭᠤᠷᠢ ᠨᠡᠩ ᠪᠠᠬᠢᠵᠢᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠤᠨ ᠢᠲᠡᠭᠡᠯ ᠨᠡᠩ ᠲᠡᠭᠦᠯᠳᠡᠷ ᠪᠣᠯᠵᠠᠢ᠃      ᠣᠶᠢᠷ᠎ᠠ ᠳᠤ᠂ ᠭᠤᠸᠠᠩᠳᠦ᠋ᠩ ᠤᠨ ᠱᠧᠨᠵᠧᠨ ᠳᠤ ᠵᠠᠬᠢᠶᠠᠯᠠᠭ᠎ᠠ ᠶᠢᠨ ᠬᠤᠭᠤᠯᠠ ᠬᠦᠷᠭᠡᠵᠦ ᠪᠠᠶᠢᠭ᠎ᠠ ᠾᠧᠨᠠᠨ ᠨᠤᠲᠤᠭ ᠲᠠᠢ ᠠᠵᠢᠯᠲᠠᠨ ᠯᠢᠦ ᠰᠢᠨ ᠣᠨᠴᠠᠭᠠᠶ ᠪᠠᠶᠠᠷᠯᠠᠵᠤ ᠪᠠᠶᠢᠨ᠎ᠠ᠂ ᠤᠴᠢᠷ ᠨᠢ ᠲᠦᠷᠦᠭᠦᠬᠡᠨ ᠱᠧᠨᠵᠧᠨ ᠤ ᠬᠢᠨ ᠠᠮᠢᠳᠤᠯᠢᠭ ᠢᠶᠠᠷ ᠠᠵᠢᠯ ᠣᠯᠣᠭᠰᠠᠳ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠭᠰᠠᠨ ᠪᠣᠯᠬᠤᠷ ᠲᠡᠷᠡ ᠪᠠᠰᠠ ᠱᠧᠨᠵᠧᠨ ᠳᠤ ᠳᠠᠭᠠᠳᠬᠠᠯ ᠳᠤ ᠣᠷᠣᠵᠤ ᠪᠣᠯᠣᠨ᠎ᠠ᠃ ︽ᠨᠠᠰᠤᠵᠢᠯ ᠤᠨ ᠠᠰᠠᠷᠠᠮᠵᠢ  ᠶᠢᠨ ᠳᠠᠭᠠᠳᠬᠠᠯ ᠳᠤ ᠣᠷᠤᠯᠴᠠᠬᠤ ᠪᠣᠯ ᠨᠠᠰᠤ ᠠᠬᠠᠰᠢᠷᠠᠭᠰᠠᠨ ᠤ ᠳᠠᠷᠠᠭᠠᠬᠢ ᠨᠢᠭᠡᠨ ᠪᠠᠲᠤᠯᠠᠭ᠎ᠠ ᠮᠥᠨ᠂ ᠠᠪᠤ ᠡᠵᠢ ᠴᠦ ᠨᠠᠮᠠᠶᠢ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠯᠭᠠᠬᠤ ᠪᠠᠷ ᠰᠢᠪᠠᠳᠠᠭᠰᠠᠭᠠᠷ ᠢᠷᠡᠵᠡᠶ᠂ ᠡᠨᠡ ᠤᠳᠠᠭ᠎ᠠ ᠱᠧᠨᠵᠧᠨ ᠬᠤᠲᠠ ᠡᠷᠦᠬᠡ ᠠᠮᠠ  ᠶᠢᠨ ᠳᠠᠩᠰᠠᠨ ᠤ ᠬᠢᠵᠠᠭᠠᠷᠯᠠᠯ  ᠢ ᠴᠢᠯᠦᠭᠡᠲᠡᠢ ᠪᠣᠯᠭᠠᠭᠰᠠᠨ ᠳᠤ ᠪᠢ ᠪᠠᠰᠠ ᠳᠠᠭᠠᠳᠬᠠᠯ ᠳᠤ ᠣᠷᠣᠬᠤ ᠪᠠᠷ ᠪᠡᠯᠡᠳᠬᠡᠵᠦ ᠪᠠᠶᠢᠨ᠎ᠠ︾᠃ ᠯᠢᠦ ᠰᠢᠨ ᠪᠠᠶᠠᠷᠲᠠᠢ ᠪᠠᠷ ᠬᠡᠯᠡᠪᠡ᠃      ︽ᠪᠦᠬᠦᠨ ᠢ ᠬᠠᠮᠤᠷᠬᠤ︾ ᠪᠣᠯ ︽ᠨᠡᠶᠢᠭᠡᠮ ᠤᠨ ᠳᠠᠭᠠᠳᠬᠠᠯ ᠤᠨ ᠬᠠᠤᠯᠢ︾ ᠳᠤ ᠲᠣᠭᠲᠠᠭᠠᠭᠰᠠᠨ ᠦᠨᠳᠦᠰᠦᠨ ᠴᠢᠭᠯᠡᠯᠲᠡ ᠶᠢᠨ ᠨᠢᠭᠡ ᠪᠣᠯᠣᠨ᠎ᠠ᠃ᠨᠡᠶᠢᠭᠡᠮ ᠤᠨ ᠪᠠᠲᠤᠯᠠᠭ᠎ᠠ ᠶᠢ ᠪᠥᠬᠦ ᠲᠠᠯ᠎ᠠ ᠪᠠᠷ ᠬᠠᠮᠤᠷᠬᠤ ᠶᠢᠨ ᠲᠣᠭᠤᠷᠢᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠡᠯ᠎ᠡ ᠱᠠᠲᠤᠨ ᠤ ᠰᠠᠯᠠᠭ᠎ᠠ ᠮᠥᠴᠢᠷ ᠤᠳ ᠬᠠᠷᠠᠯᠲᠠ ᠪᠠᠨ ᠲᠣᠭᠲᠠᠭᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ᠬᠡᠪᠴᠢᠶ᠎ᠡ ᠪᠠᠨ ᠨᠠᠷᠢᠯᠢᠭ ᠣᠨᠣᠴᠠᠲᠠᠢ ᠪᠠᠷ ᠥᠷᠭᠡᠳᠬᠡᠵᠦ ᠂ ᠡᠯ᠎ᠡ ᠲᠥᠷᠥᠯ ᠤᠨ ᠬᠠᠮᠲᠤᠯᠢᠭ ᠤᠨ ᠪᠥᠬᠦ2021 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠰ ᠲᠣᠰ 10.25 ᠳ᠋ᠦᠩᠰᠢᠭᠤᠷ᠂ 2.28 ᠳ᠋ᠦᠩᠰᠢᠭᠤᠷ᠂ 2.82 ᠳ᠋ᠦᠩᠰᠢᠭᠤᠷ ᠪᠠᠶᠢᠵᠤ᠂ ᠡᠯ᠎ᠡ ᠲᠥᠷᠥᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠭᠲᠠᠭᠤᠨ ᠢᠶᠠᠷ ᠨᠡᠮᠡᠭᠳᠡᠪᠡ᠃      ᠣᠷᠣᠯᠭ᠎ᠠ ᠵᠠᠷᠤᠯᠭ᠎ᠠ ᠶᠢ ᠨᠡᠩ ᠵᠣᠬᠢᠰᠲᠠᠢ ᠪᠣᠯᠭᠠᠵᠤ᠂ ᠪᠠᠲᠤᠯᠠᠭ᠎ᠠ ᠶᠢᠨ ᠴᠢᠳᠠᠪᠤᠷᠢ ᠶᠢ ᠨᠡᠩ ᠴᠢᠩᠭᠠᠷᠠᠭᠤᠯᠤᠨ᠎ᠠ᠃2021 ᠣᠨ ᠳᠤ᠂ ᠮᠠᠨ ᠤ ᠤᠯᠤᠰ ᠤᠨ ᠭᠤᠷᠪᠠᠨ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠨᠡᠯᠢᠶᠡᠳ ᠶᠡᠭᠡ ᠪᠠᠶᠢᠵᠤ᠂ 2021 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠭᠤᠷᠪᠠᠨ ᠵᠦᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠪᠥᠬᠦ ᠣᠷᠣᠯᠭ᠎ᠠ 4.78 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠵᠠᠷᠤᠯᠭ᠎ᠠ 4.57 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ ᠦᠯᠡᠳᠡᠪᠦᠷᠢ 6.53 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠃ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠳᠦᠷᠢᠮ ᠤᠨ ᠠᠵᠢᠯᠯᠠᠭᠠᠨ ᠤ ᠦᠷᠭᠦᠯᠵᠢᠯᠡᠬᠦ ᠴᠢᠨᠠᠷᠲᠠᠢ ᠬᠥᠭᠵᠢᠯᠲᠡ ᠶᠢ ᠤᠯᠠᠮ ᠨᠢᠭᠡ ᠠᠯᠬᠤᠮ ᠪᠠᠲᠤᠯᠠᠪᠠ᠃      ᠡᠨᠡ ᠨᠢᠭᠡ ᠵᠢᠯ ᠳᠤ᠂ ᠥᠭᠡᠷᠡᠴᠢᠯᠡᠯᠲᠡ ᠭᠦᠨᠵᠡᠭᠡᠶᠢᠷᠡᠨ ᠤᠷᠤᠭᠰᠢᠯᠠᠵᠤ᠂ ᠤᠯᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠰᠢᠨ᠎ᠡ ᠦᠷ᠎ᠡ ᠪᠦᠲᠦᠮᠵᠢ ᠣᠯᠪᠠ᠃      ᠨᠠᠰᠤᠵᠢᠯ ᠤᠨ ᠳᠠᠭᠠᠳᠬᠠᠯ ᠤᠨ ᠥᠭᠡᠷᠡᠴᠢᠯᠡᠯᠲᠡ ᠤᠷᠤᠭᠰᠢᠲᠠᠢ ᠶᠠᠪᠤᠭᠳᠠᠵᠤ ᠪᠠᠶᠢᠨ᠎ᠠ᠃ᠬᠠᠤᠯᠢ  ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤ  ᠶᠢ ᠠᠭᠠᠵᠢᠮ ᠢᠶᠠᠷ ᠤᠷᠲᠤᠳᠬᠠᠬᠤ ᠥᠭᠡᠷᠡᠴᠢᠯᠡᠯᠲᠡ  ᠶᠢ ᠯᠠᠪᠳᠠᠭᠤᠨ ᠲᠣᠭᠲᠠᠭᠤᠨ ᠢᠶᠠᠷ ᠠᠬᠢᠭᠤᠯᠵᠤ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠭᠴᠢᠭᠰᠡᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠬᠠᠷᠠᠭᠠᠯᠵᠠᠯ ᠵᠠᠷᠤᠯᠭ᠎ᠠ ᠶᠢᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠥᠪ ᠠᠴᠠ ᠲᠣᠬᠢᠷᠠᠭᠤᠯᠬᠤ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠵᠤ᠂ ᠮᠤᠵᠢ ᠶᠢᠨ ᠬᠤᠭᠤᠷᠣᠨᠳᠣᠬᠢ᠂ ᠭᠠᠵᠠᠷ ᠣᠷᠣᠨ ᠤ ᠬᠤᠭᠤᠷᠣᠨᠳᠣᠬᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠡᠩᠴᠡᠭᠦᠷᠢ ᠦᠭᠡᠢ ᠪᠠᠶᠢᠬᠤ ᠵᠥᠷᠢᠴᠡᠯ ᠢ ᠬᠦᠴᠦᠲᠡᠢ ᠨᠠᠮᠳᠠᠭᠤᠯᠵᠤ᠂ ᠤᠯᠠᠨ ᠲᠡᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠪᠦᠬᠦ ᠤᠯᠤᠰ ᠤᠨ ᠨᠢᠭᠡᠳᠦᠯᠲᠡᠢ ᠲᠥᠯᠥᠪᠯᠡᠬᠦ ᠠᠵᠢᠯ ᠢ ᠲᠦᠷᠭᠡᠨ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠪᠠ ;      ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠢᠳᠡᠪᠬᠢᠲᠡᠢ ᠴᠢᠳᠠᠮᠵᠢ ᠶᠢ ᠤᠯᠠᠮ ᠨᠢᠭᠡ ᠠᠯᠬᠤᠮ ᠪᠠᠳᠠᠷᠠᠭᠤᠯᠪᠠ᠃ᠠᠵᠢᠯᠲᠠᠨ ᠠᠵᠢᠯᠴᠢᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠤ ᠲᠣᠭᠤᠷᠢᠨ ᠳᠤ᠂ ᠮᠠᠨ ᠤ ᠤᠯᠤᠰ ᠤᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ᠂ ᠨᠥᠬᠦᠪᠦᠷᠢᠯᠡᠬᠦ᠂ ᠡᠷᠡᠭᠦᠯᠵᠢᠭᠦᠯᠬᠦ ︽ᠭᠤᠷᠪᠠ ᠶᠢ ᠨᠢᠭᠡ ᠴᠣᠭᠴᠠᠵᠢᠭᠤᠯᠬᠤ︾ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠠᠵᠢᠯ ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠢ ᠪᠠᠲᠤᠯᠠᠬᠤ ᠠᠷᠭ᠎ᠠ ᠶᠢ ᠲᠦᠷᠭᠡᠪᠴᠢᠯᠡᠨ ᠰᠤᠳᠤᠯᠤᠨ ᠠᠬᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠠᠵᠢᠯ ᠠᠴᠠ ᠪᠣᠯᠤᠭᠰᠠᠨ ᠭᠡᠮᠲᠦᠯ ᠲᠠᠢ ᠠᠵᠢᠯᠲᠠᠨ ᠠᠵᠢᠯᠴᠢᠨ ᠤ ᠬᠠᠷᠠᠭᠠᠯᠵᠠᠯ ᠢ ᠭᠦᠢᠴᠡᠳ ᠲᠤᠭ᠎ᠠ ᠪᠠᠷ ᠴᠠᠭ ᠲᠤᠬᠠᠢ ᠳᠤᠨᠢ ᠣᠯᠭᠤᠬᠤ ᠶᠢ ᠦᠨᠡᠨ ᠬᠦ ᠪᠠᠲᠤᠯᠠᠪᠠ ;      ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠬᠦ ᠲᠠᠯ᠎ᠠ ᠪᠠᠷᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠳ᠋ᠯᠡᠬᠦ ᠲᠦᠷᠦ ᠶᠢᠨ ᠪᠣᠳᠣᠯᠭ᠎ᠠ ᠶᠢᠨ ᠪᠣᠱᠤᠭ᠎ᠠ ᠶᠢ ᠲᠠᠰᠤᠷᠠᠯᠳᠠ ᠦᠭᠡᠢ ᠳᠣᠷᠣᠭᠰᠢᠯᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠨᠡᠩ ᠶᠡᠭᠡ ᠳᠡᠮᠵᠢᠯᠭᠡ ᠬᠦᠷᠲᠡᠵᠦ᠂ ᠠᠰᠢᠭ ᠬᠦᠷᠳᠡᠬᠦ ᠪᠡᠶᠡᠴᠢ ᠴᠣᠭᠴᠠ ᠶᠢ ᠲᠠᠰᠤᠷᠠᠯᠳᠠ ᠦᠭᠡᠢ ᠥᠷᠭᠡᠳᠬᠡᠵᠦ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠭᠤᠶᠤᠴᠢᠯᠠᠨ ᠠᠪᠬᠤ ᠨᠥᠬᠦᠴᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠳᠠᠷᠤᠭᠠᠰᠤ ᠶᠢ ᠬᠥᠩᠭᠡᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃      ᠡᠨᠡ ᠨᠢᠭᠡ ᠵᠢᠯ ᠳᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠲᠠᠢ ᠪᠣᠯᠵᠤ᠂ ᠰᠠᠭᠤᠷᠢ ᠮᠥᠩᠭᠦᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠣᠯᠠᠨ ᠨᠡᠶᠢᠲᠡ ᠶᠢᠨ ᠨᠡᠶᠢᠭᠡᠮ ᠤᠨ ᠳᠠᠭᠠᠳᠬᠠᠯ ᠤᠨ ᠳᠦᠷᠢᠮ ᠤᠨ ᠲᠤᠬᠠᠢ ᠢᠲᠡᠭᠡᠯ ᠵᠣᠷᠢᠭ ᠨᠠᠩ ᠴᠢᠩᠭᠠᠷᠠᠪᠠ᠃      ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠷ ᠭᠤᠣᠯᠳᠠᠯᠭ᠎ᠠ ᠪᠣᠯᠭᠠᠨ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠤᠯᠤᠰ ᠤᠨ 31 ᠮᠤᠵᠢ᠂ ᠰᠢᠭᠤᠳ ᠬᠠᠷᠢᠶ᠎ᠠ ᠬᠤᠲᠠ᠂ ᠥᠪᠡᠷᠲᠡᠭᠡᠨ ᠵᠠᠰᠠᠬᠤ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠬᠢᠭᠡᠳ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠥᠪ ᠲᠤ ᠨᠡᠶᠢᠳᠡᠮ ᠪᠠᠶᠢᠴᠠᠭᠠᠯᠲᠠ ᠬᠢᠬᠦ ᠶᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ ᠪᠠᠬᠢᠵᠢᠭᠦᠯᠪᠡ᠃ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠪᠡᠯᠡ ᠣᠷᠣᠭᠤᠯᠵᠤ ᠡᠵᠡᠩᠨᠡᠬᠦ ᠬᠡᠪᠴᠢᠶ᠎ᠡ ᠶᠢ ᠠᠯᠬᠤᠮ2021 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠠᠶᠢᠳᠠᠯᠭ᠎ᠠ ᠶᠢᠨ ᠪᠡᠯᠡ ᠣᠷᠣᠭᠤᠯᠤᠯᠲᠠ ᠶᠢᠨ ᠭᠡᠷ᠎ᠡ ᠶᠢᠨ ᠬᠡᠪᠴᠢᠶ᠎ᠡ 1.25 ᠲᠦᠮᠡᠨ ᠳ᠋ᠦᠩᠰᠢᠭᠤᠷ ᠲᠥᠭᠦᠷᠢᠭ ᠬᠦᠷᠴᠡᠢ︔ᠠᠵᠢᠯ ᠮᠡᠷᠭᠡᠵᠢᠯ ᠤᠨ ᠣᠨ ᠤ ᠮᠥᠩᠭᠦ ᠪᠠ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠬᠤᠷᠠᠮᠳᠤᠯᠭ᠎ᠠ ᠶᠢᠨ ᠬᠡᠪᠴᠢᠶ᠎ᠡ 4.2 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠣᠷᠳᠣ ᠬᠤᠭᠤᠴᠠᠭᠠᠨ ᠤ ᠲᠣᠭᠲᠠᠭᠤᠨ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠨᠡᠯᠢᠶᠡᠳ ᠰᠠᠶᠢᠨ ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠥᠬᠦᠪᠦᠷᠢᠯᠡᠬᠦ ᠦᠢᠯᠡᠳᠦᠯ ᠠᠩᠬ᠎ᠠ ᠠᠯᠬᠤᠮ ᠢᠯᠡᠷᠡᠪᠡ᠃      ᠠᠷᠠᠳ ᠢᠷᠭᠡᠳ ᠤᠨ ᠵᠣᠯ ᠵᠢᠷᠭᠠᠯ ᠤᠨ ᠰᠠᠭᠤᠷᠢ ᠥᠩᠭᠡ ᠶᠢ ᠳᠦᠷᠰᠦᠯᠡᠬᠦ      ᠲᠦᠮᠡᠨ ᠶᠠᠪᠤᠳᠠᠯ ᠳᠤ ᠠᠷᠠᠳ ᠤᠨ ᠠᠮᠢᠳᠤᠷᠠᠯ ᠬᠠᠮᠤᠭ  ᠠᠴᠠ ᠶᠡᠭᠡ ᠪᠠᠶᠢᠳᠠᠭ᠃ᠡᠬᠢᠯᠡᠯᠲᠡ ᠶᠢᠨ ᠵᠢᠯ ᠳᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠪᠠᠲᠤᠯᠠᠭ᠎ᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠦᠲᠦᠮᠵᠢᠲᠡᠶ ᠪᠠᠷ ᠨᠡᠮᠡᠭᠳᠡᠭᠦᠯᠦᠨ᠂ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠶᠢ ᠠᠬᠢᠭᠤᠯᠵᠤ ᠂ ᠠᠷᠠᠳ ᠣᠯᠠᠨ ᠳᠤ ᠨᠠᠩ ᠣᠯᠠᠨ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠲᠠᠢ ᠪᠣᠯᠭᠠᠭᠰᠠᠨ ᠪᠠᠶᠢᠨ᠎ᠠ᠃︱ ︱ ᠬᠠᠷᠠᠭᠠᠯᠵᠠᠯ ᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠠᠩ ᠥᠨᠳᠥᠷ ᠪᠣᠯᠭᠠᠪᠠ      ︽ᠨᠠᠰᠤᠵᠢᠯ ᠤᠨ ᠠᠰᠠᠷᠠᠮᠵᠢ  ᠶᠢᠨ ᠮᠥᠩᠭᠦ  ᠶᠢ ᠰᠠᠷ᠎ᠠ ᠪᠦᠷᠢ ᠴᠠᠭ ᠲᠤᠬᠠᠢ ᠳᠤᠨᠢ ᠥᠭᠴᠦ᠂ ᠵᠢᠯ ᠪᠦᠷᠢ ᠵᠠᠭᠤ ᠭᠠᠷᠤᠢ ᠲᠥᠭᠦᠷᠢᠭ  ᠢᠶᠠᠷ ᠥᠰᠬᠡᠵᠦ ᠪᠠᠶᠢᠨ᠎ᠠ᠂ ᠡᠭᠦᠨ ᠳᠤ ᠡᠪ ᠬᠠᠮᠲᠤ ᠨᠠᠮ ᠳᠤ ᠬᠠᠮᠤᠭ  ᠠᠴᠠ ᠢᠯᠡᠭᠦᠦ ᠲᠠᠯᠠᠷᠬᠠᠵᠤ ᠪᠠᠶᠢᠨ᠎ᠠ᠂ ᠪᠢᠳᠡ ᠪᠣᠯ ᠬᠠᠮᠤᠭ ᠤᠨ ᠵᠣᠯ ᠵᠢᠷᠭᠠᠯᠲᠠᠢ ᠨᠠᠰᠤᠲᠠᠨ ᠮᠥᠨ ᡽︾ ᠠᠨᠾᠦ᠋ᠢ ᠮᠤᠵᠢ ᠶᠢᠨ ᠰᠢᠤᠸᠠᠨᠴᠥᠩ ᠬᠤᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠶᠡᠷᠦᠩᠬᠡᠢ ᠺᠣᠮᠫᠠᠨᠢ ᠶᠢᠨ ᠠᠵᠢᠯ ᠠᠴᠠ ᠪᠠᠨ ᠠᠮᠠᠷᠠᠭᠰᠠᠨ ᠠᠵᠢᠯᠴᠢᠨ ᠬᠤᠢ ᠳᠤ ᠵᠠᠩ ᠨᠠᠮ ᠪᠣᠯᠣᠨ ᠵᠠᠰᠠᠭ ᠤᠨ ᠣᠷᠳᠣᠨ ᠤ ᠰᠠᠶᠢᠨ ᠲᠦᠷᠦ ᠶᠢᠨ ᠪᠣᠳᠣᠯᠭ᠎ᠠ ᠳᠤ ᠴᠢᠩ ᠰᠡᠳᠬᠢᠯ ᠠᠴᠠ ᠪᠠᠨᠾᠦ᠋ᠢ ᠳ᠋ᠧ ᠵᠠᠩ ᠨᠠᠰᠤᠲᠠᠨ 1999 ᠣᠨ ᠳᠤ ᠠᠵᠢᠯ  ᠠᠴᠠ ᠪᠠᠨ ᠪᠠᠭᠤᠵᠤ᠂ ᠲᠤᠬᠠᠢ  ᠶᠢᠨ ᠵᠢᠯ ᠳᠤ ᠰᠠᠷ᠎ᠠ ᠪᠦᠷᠢ  ᠶᠢᠨ ᠨᠠᠰᠤᠵᠢᠯ ᠤᠨ ᠠᠰᠠᠷᠠᠮᠵᠢ  ᠶᠢᠨ ᠮᠥᠩᠭᠦ 399 ᠲᠥᠭᠦᠷᠢᠭ ᠪᠠᠶᠢᠭᠰᠠᠨ  ᠠᠴᠠ ᠪᠠᠨ 2021 ᠣᠨ ᠳᠤ ᠰᠠᠷ᠎ᠠ ᠪᠦᠷᠢ  ᠶᠢᠨ ᠨᠠᠰᠤᠵᠢᠯ ᠤᠨ ᠠᠰᠠᠷᠠᠮᠵᠢ  ᠶᠢᠨ ᠮᠥᠩᠭᠦ 3265 ᠲᠥᠭᠦᠷᠢᠭ ᠪᠣᠯᠵᠠᠢ᠃      ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠥᠭᠵᠢᠯᠲᠡ ᠲᠠᠢ ᠵᠣᠬᠢᠴᠠᠭᠤᠯᠬᠤ ᠶᠢ ᠪᠠᠷᠢᠮᠲᠠᠯᠠᠵᠤ᠂ ᠮᠠᠨ ᠤ ᠤᠯᠤᠰ ᠤᠨ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠤᠨ ᠬᠢᠷᠢ2021 ᠣᠨ ᠳᠤ᠂ ᠮᠠᠨ ᠤ ᠤᠯᠤᠰ ᠤᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠦᠬᠦ ᠤᠯᠤᠰ ᠲᠤ ᠶᠡᠷᠦᠩᠬᠡᠢ ᠳᠡᠭᠡᠨ2021 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ 31 ᠮᠤᠵᠢ᠂ ᠰᠢᠭᠤᠳ ᠬᠠᠷᠢᠶ᠎ᠠ ᠬᠤᠲᠠ᠂ ᠥᠪᠡᠷᠲᠡᠭᠡᠨ ᠵᠠᠰᠠᠬᠤ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠲᠣᠬᠢᠷᠠᠭᠤᠯᠤᠯᠲᠠ ᠬᠢᠵᠦ᠂ 1.27 ᠳ᠋ᠦᠩᠰᠢᠭᠤᠷ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠠᠰᠢᠭ ᠬᠦᠷᠲᠡᠭᠡᠪᠡ᠃ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠷ᠎ᠠ ᠶᠢᠨ ᠬᠥᠮᠥᠨ ᠳᠤᠮᠳᠠᠴᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ‌ᠬᠠᠷᠠᠭᠠᠯᠵᠠᠯ ᠤᠨ ᠬᠢᠷᠢ ᠲᠦᠪᠰᠢᠨ ᠵᠡᠷᠭᠡ ᠪᠠᠷ ᠲᠣᠭᠲᠠᠭᠤᠨ ᠢᠶᠠᠷ ᠳᠡᠭᠡᠭᠰᠢᠯᠡᠪᠡ᠃︱ ︱ ᠠᠮᠤᠷ ᠲᠦᠪᠰᠢᠨ ᠡᠷᠡᠭᠦᠯ ᠴᠢᠭᠢᠷᠠᠭ ᠪᠠᠶᠢᠵᠤ᠂ ᠪᠠᠲᠤ ᠪᠠᠬᠢ ᠬᠠᠯᠬᠠᠪᠴᠢ ᠶᠢ ᠴᠣᠭᠴᠠᠯᠠᠨ ᠪᠠᠶᠢᠭᠤᠯᠤᠨ᠎ᠠ      ︽ᠮᠢᠨᠤ ᠡᠨᠡ ᠰᠢᠷᠬ᠎ᠠ ᠬᠠᠮᠤᠭ ᠬᠤᠷᠳᠤᠨ ᠳᠠᠭᠠᠨ 6 ᠰᠠᠷ᠎ᠠ ᠪᠣᠯᠪᠠᠯ ᠰᠠᠶ᠋ᠢ ᠡᠳᠡᠭᠡᠵᠦ ᠲᠠᠶᠢᠯᠤᠨ᠎ᠠ᠂ ᠪᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ  ᠶᠢᠨ ᠲᠣᠪᠴᠢᠶᠠᠨ ᠤ ᠬᠠᠪᠰᠤᠷᠤᠯᠭ᠎ᠠ ᠳᠣᠣᠷ᠎ᠠ᠂ ᠦᠨᠡᠮᠯᠡᠯ ᠤᠨ ᠪᠢᠴᠢᠭ  ᠢ ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠡᠷᠡᠭᠦᠯᠵᠢᠭᠦᠯᠬᠦ ᠡᠮᠴᠢᠯᠡᠭᠡ ᠬᠢᠵᠦ᠂ ᠡᠮ ᠡᠮᠨᠡᠯᠭᠡ  ᠶᠢᠨ ᠵᠠᠷᠤᠳᠠᠯ  ᠢ ᠥᠪᠡᠷ  ᠢᠶᠠᠨ ᠣᠷᠣᠯᠠᠨ ᠲᠤᠰᠢᠶᠠᠬᠤ ᠦᠭᠡᠢ ᠪᠠᠷ 4 ᠰᠠᠷ᠎ᠠ  ᠶᠢᠨ ᠳᠣᠲᠣᠷ᠎ᠠ ᠭᠠᠵᠠᠷ ᠪᠠᠭᠤᠵᠤ ᠠᠯᠬᠤᠴᠢᠬᠠᠳᠠᠭ︾᠃ ᠭᠡᠵᠦ ᠵᠢᠶᠠᠩᠰᠤ ᠮᠤᠵᠢ  ᠶᠢᠨ ᠰᠦᠵᠧᠦ ᠬᠤᠲᠠ  ᠶᠢᠨ ᠰᠢᠶᠠᠩ ᠴᠧᠩ ᠲᠣᠭᠤᠷᠢᠭ ᠤᠨ ᠨᠢᠭᠡᠨ ᠠᠵᠤ ᠠᠬᠤᠶᠢᠯᠠᠯ ᠤᠨ ᠠᠵᠢᠯᠲᠠᠨ ᠵᠠᠩ ᠮᠢᠩ ᠣᠷᠴᠢᠮᠬᠠᠨ ᠳᠤ ᠪᠠᠶᠠᠷᠲᠠᠢ ᠪᠠᠷ ᠬᠡᠯᠡᠵᠡᠢ᠃ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠡᠷᠡᠭᠦᠯᠵᠢᠯ ᠢ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠨᠤᠲᠠᠯᠠᠬᠤ ᠦᠢᠯᠡᠴᠢᠯᠡᠭᠡᠨ ᠤ ᠠᠵᠢᠯ ᠢ ᠤᠷᠤᠭᠰᠢ ᠠᠬᠢᠭᠤᠯᠵᠤ᠂ ᠰᠢᠶᠠᠩ ᠴᠧᠩ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ︽ᠮᠠᠭᠠᠳᠯᠠᠨ ᠲᠣᠭᠲᠠᠭᠠᠪᠠᠯ ᠳᠠᠷᠤᠢ ᠰᠢᠭᠰᠢᠨ ᠰᠣᠩᠭᠤᠬᠤ᠂ ᠲᠣᠭᠲᠠᠭᠠᠪᠠᠯ ᠳᠠᠷᠤᠢ ᠡᠷᠡᠭᠦᠯᠵᠢᠬᠦ᠂ ᠠᠵᠢᠯ ᠣᠯᠣᠭᠠᠳᠤᠢ ᠪᠣᠯ ᠳᠠᠷᠤᠢ ᠪᠣᠯᠪᠠᠰᠤᠷᠠᠭᠤᠯᠬᠤ︾ ᠶᠢ ᠪᠡᠶᠡᠯᠡᠭᠦᠯᠵᠦ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠡᠷᠡᠭᠦᠯᠵᠢᠯ ᠤᠨ ᠴᠠᠭ ᠢ ᠬᠠᠮᠤᠭ ᠠᠷᠪᠢᠨ ᠳᠠᠭᠠᠨ 50% ᠪᠠᠷ ᠪᠣᠭᠤᠨᠢᠰᠬᠠᠵᠤ ᠪᠣᠯᠣᠨ᠎ᠠ᠃      ᠨᠢᠭᠡ ᠵᠢᠯ ᠤᠨ ᠲᠤᠷᠰᠢ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠨᠢ ᠠᠵᠢᠯᠲᠠᠨ ᠠᠵᠢᠯᠴᠢᠨ ᠳᠤ ᠨᠡᠩ ᠠᠮᠤᠷ ᠲᠦᠪᠰᠢᠨ ᠤ ᠬᠠᠮᠠᠭᠠᠯᠠᠯᠲᠠ  ᠶᠢᠨ ᠲᠣᠣᠷ  ᠢ ᠪᠠᠶᠢᠭᠤᠯᠵᠤ ᠥᠭᠭᠦᠭᠰᠡᠨ ᠪᠠᠶᠢᠨ᠎ᠠ᠃ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠲᠠᠪᠤᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ  ᠪᠠᠷ ᠡᠬᠢᠯᠡᠭᠦᠯᠵᠦ᠂ ᠠᠵᠢᠯ ᠠᠴᠠ ᠪᠣᠯᠤᠭᠰᠠᠨ ᠭᠡᠮᠲᠦᠯ ᠤᠨ ᠡᠷᠡᠭᠦᠯᠵᠢᠯ ᠢ ᠨᠤᠲᠠᠯᠠᠬᠤ ᠶᠠᠪᠤᠴᠠ ᠶᠢ ᠰᠢᠯᠢᠳᠡᠭᠵᠢᠭᠦᠯᠬᠦ ᠪᠠ ᠨᠤᠲᠠᠯᠠᠬᠤ ᠴᠠᠭ ᠤᠨ ᠬᠢᠵᠠᠭᠠᠷ ᠢ ᠪᠣᠭᠤᠨᠢᠰᠬᠠᠬᠤ ᠬᠦᠷᠲᠡᠯ᠎ᠡ᠂ ᠠᠵᠢᠯ ᠠᠴᠠ ᠪᠣᠯᠤᠭᠰᠠᠨ ᠭᠡᠮᠲᠦᠯ ᠤᠨ ᠡᠷᠡᠭᠦᠯᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠶ᠎ᠡ ᠁ ᠮᠠᠨ ᠤ ᠤᠯᠤᠰ ᠤᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ᠂ ᠨᠥᠬᠦᠪᠦᠷᠢᠯᠡᠬᠦ᠂ ᠡᠷᠡᠭᠦᠯᠵᠢᠭᠦᠯᠬᠦ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠰᠢᠰᠲ᠋ᠥᠮ ᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠴᠢᠨᠠᠭᠰᠢᠳᠠ ᠴᠢᠩᠭᠠᠷᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠠᠵᠤ ᠠᠬᠤᠶᠢᠯᠠᠯ ᠢ ᠲᠤᠰᠠᠯᠠᠨ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠮᠡᠳᠡᠭᠳᠡᠮ᠎ᠡ ᠪᠣᠯᠵᠤ᠂ ᠨᠡᠩ ᠤᠯᠠᠨ ᠠᠵᠢᠯᠲᠠᠨ ᠠᠵᠢᠯᠴᠢᠨ ᠳᠤ ᠬᠥᠳᠡᠯᠮᠦᠷᠢ ᠶᠢᠨ ᠠᠮᠤᠷ ᠲᠦᠪᠰᠢᠨ ᠪᠣᠯᠣᠨ ᠡᠷᠡᠭᠦᠯ ᠮᠡᠨᠳᠦ ᠶᠢᠨ ᠪᠠᠲᠤ ᠪᠠᠬᠢ ᠬᠠᠯᠬᠠᠪᠴᠢ ᠶᠢ ᠴᠣᠭᠴᠠᠯᠠᠵᠤ ᠥᠭᠴᠡᠢ᠃︱ ︱ ᠪᠦᠰᠡᠯᠡᠯᠲᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠠᠮᠢᠳᠤᠷᠠᠯ ᠤᠨ ᠱᠤᠭᠤᠮ ᠢ ᠡᠵᠡᠮᠳᠡᠨ᠎ᠡ      2022 ᠣᠨ ᠳᠤ ᠪᠣᠷᠤᠯᠠᠭᠤᠯᠭ᠎ᠠ ᠶᠢᠨ ᠠᠵᠢᠯ ᠤᠨ ᠪᠠᠶᠢᠷᠢ ᠠᠴᠠ ᠠᠵᠢᠯ ᠠᠯᠳᠠᠭᠰᠠᠨ ᠤ ᠳᠠᠷᠠᠭ᠎ᠠ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠠᠪᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠱᠠᠨ ᠰᠢ ᠶᠢᠨ ᠯᠢᠨ ᠹᠥ᠋ᠨ ᠳᠤ ᠰᠠᠭᠤᠭ᠎ᠠ ᠵᠤᠤ ᠵᠢᠶᠣᠣ ᠯᠢ ᠪᠠᠰᠠ ᠠᠵᠢᠯ ᠣᠯᠣᠭᠠᠳᠤᠢ ᠪᠠᠶᠢᠭᠰᠠᠭᠠᠷ᠃︽ᠭᠠᠷ ᠲᠠᠭᠠᠨ ᠬᠠᠳᠠᠭᠠᠯᠠᠮᠵᠢ ᠦᠭᠡᠢ᠂ ᠠᠵᠢᠯ ᠴᠤ ᠣᠯᠤᠭ᠎ᠠ ᠦᠭᠡᠢ᠂ ᠨᠢᠭᠡ ᠭᠡᠷ ᠢᠶᠠᠷ ᠢᠶᠠᠨ ᠢᠳᠡᠵᠦ ᠤᠤᠭᠤᠬᠤ ᠳᠠᠭᠠᠨ ᠪᠠᠰᠠ ᠶᠡᠭᠡ ᠵᠣᠪᠠᠵᠤ ᠪᠠᠢᠨ᠎ᠠ︾ ᠭᠡᠪᠡ᠃ ᠵᠤᠤ ᠵᠢᠶᠣᠣ ᠯᠢ ᠡᠷᠭᠢᠴᠡᠭᠦᠯᠪᠡ᠃ᠠᠵᠢᠯ ᠠᠯᠳᠠᠭᠰᠠᠳ ᠤᠨ ᠨᠥᠬᠦᠪᠦᠷᠢ ᠮᠥᠩᠭᠦ  ᠶᠢᠨ ᠲᠥᠷᠥ  ᠶᠢᠨ ᠪᠣᠳᠣᠯᠭ᠎ᠠ  ᠶᠢ ᠣᠶᠢᠯᠠᠭᠠᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠭᠰᠡᠨ ᠠᠴᠠ ᠪᠣᠯᠵᠤ᠂ ᠲᠡᠷᠡ ᠠᠵᠢᠯ ᠠᠯᠳᠠᠭᠰᠠᠳ ᠤᠨ ᠨᠥᠬᠦᠪᠦᠷᠢ ᠮᠥᠩᠭᠦ ᠠᠪᠴᠠᠢ᠃ ︽ᠰᠠᠷ᠎ᠠ ᠪᠦᠷᠢ 700 ᠭᠠᠷᠤᠢ ᠲᠥᠭᠦᠷᠢᠭ ᠵᠣᠭᠤᠰ  ᠢ ᠵᠠᠯᠭᠠᠭ᠎ᠠ ᠪᠠᠷ 4 ᠰᠠᠷ᠎ᠠ ᠭᠠᠷᠭᠠᠵᠤ ᠠᠪᠴᠠᠢ᠂ ᠡᠨᠡᠬᠦ ᠵᠣᠭᠤᠰ ᠨᠢ ᠮᠠᠨ ᠤ ᠭᠡᠷ ᠤᠨ ᠲᠤᠬᠠᠢ  ᠶᠢᠨ ᠦᠶ᠎ᠡ  ᠶᠢᠨ ᠦᠨᠳᠦᠰᠦᠨ ᠠᠮᠢᠳᠤᠷᠠᠯ ᠤᠨ ᠠᠰᠠᠭᠤᠳᠠᠯ  ᠢ ᠰᠢᠢᠳᠪᠦᠷᠢᠯᠡᠵᠡᠢ︾᠃ ᠵᠣᠣ ᠵᠢᠶᠣᠣ ᠯᠢ ᠬᠡᠯᠡᠬᠦ ᠳᠡᠭᠡᠨ᠂ ᠣᠲᠣ ᠲᠡᠷᠡ ᠰᠢᠨ᠎ᠡ ᠠᠵᠢᠯ ᠣᠯᠵᠤ᠂ ᠠᠮᠢᠳᠤᠷᠠᠯ ᠨᠢ ᠴᠦ ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠵᠡᠢ᠃      ᠠᠵᠢᠯ ᠠᠯᠳᠠᠭᠰᠠᠳ ᠤᠨ ᠳᠠᠭᠠᠳᠬᠠᠯ ᠪᠣᠯ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠ ᠠᠵᠢᠯ ᠣᠯᠭᠤᠯᠲᠠ ᠶᠢ ᠠᠬᠢᠭᠤᠯᠬᠤ ᠶᠢᠨ ᠴᠢᠬᠤᠯᠠ ᠰᠠᠭᠤᠷᠢ ᠮᠥᠨ᠃ᠨᠢᠭᠡ ᠵᠢᠯ ᠤᠨ ᠲᠤᠷᠰᠢ᠂ ᠠᠵᠢᠯ ᠠᠯᠳᠠᠯᠲᠠ ᠶᠢᠨ ᠳᠠᠭᠠᠳᠬᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠᠶᠢᠳᠠᠯ ᠳᠣᠣᠷ᠎ᠠ᠂ ᠮᠠᠨ ᠤ ᠤᠯᠤᠰ ᠤᠨ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠤᠨ ᠬᠠᠮᠤᠷᠬᠤ ᠬᠡᠪᠴᠢᠶ᠎ᠡ ᠨᠠᠩ ᠥᠷᠭᠡᠨ ᠪᠣᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠠᠯᠳᠠᠯᠲᠠ ᠶᠢ ᠤᠷᠢᠳᠴᠢᠯᠠᠨ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ ᠦᠢᠯᠡᠳᠦᠯ ᠢᠯᠡᠳᠲᠡ ᠴᠢᠩᠭᠠᠷᠠᠵᠤ ᠂ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠭᠰᠠᠨ ᠪᠠᠶᠢᠨ᠎ᠠ᠃2021 ᠣᠨ ᠳᠤ᠂ ᠠᠵᠢᠯ ᠠᠯᠳᠠᠭᠰᠠᠳ ᠤᠨ ᠳᠠᠭᠠᠳᠬᠠᠯ ᠤᠨ ᠬᠠᠷᠠᠭᠠᠯᠵᠠᠯ ᠢ ᠨᠡᠶᠢᠳᠡ 993 ᠳ᠋ᠦᠩᠰᠢᠭᠤᠷ ᠲᠥᠭᠦᠷᠢᠭ ᠲᠠᠷᠬᠠᠭᠠᠪᠠ᠃︱ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠶᠠᠯᠠᠯ ᠤᠨ ᠬᠠᠮᠠᠭᠠᠯᠠᠯᠲᠠ ᠶᠢᠨ ᠠᠵᠤ ᠠᠬᠤᠶᠢᠯᠠᠯ ᠤᠨ ᠬᠥᠭᠵᠢᠯᠲᠡ      2021 ᠣᠨ ᠤ 8 ᠰᠠᠷ᠎ᠠ ᠳᠤ᠂ ᠭᠤᠸᠠᠩᠰᠢ ᠶᠢᠨ ᠯᠢᠤᠵᠸᠦ ᠶᠢᠨ ᠪᠤᠬ᠎ᠠ ᠲᠡᠷᠭᠡᠨ ᠤ ᠬᠢᠵᠠᠭᠠᠷᠲᠤ ᠺᠣᠮᠫᠠᠨᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ 63.18 ᠲᠦᠮᠡᠨ ᠲᠥᠭᠦᠷᠢᠭ ᠤᠨ ᠪᠡᠯᠡ ᠮᠥᠩᠭᠦ ᠶᠢ ᠬᠤᠷᠢᠶᠠᠨ ᠣᠯᠵᠠᠢ᠃ᠨᠢᠭᠡᠨ ᠦᠢᠯᠡᠳᠬᠦ ᠠᠵᠤ ᠠᠬᠤᠶᠢᠯᠠᠯ ᠳᠤ ᠠᠪᠴᠤ ᠬᠡᠯᠡᠪᠡᠯ᠂ ᠡᠨᠡᠬᠦ ᠪᠡᠯᠡ ᠮᠥᠩᠭᠦ ᠨᠢ ᠠᠵᠤ ᠠᠬᠤᠶᠢᠯᠠᠯ ᠤᠨ ᠳᠠᠷᠤᠭᠠᠰᠤ  ᠶᠢ ᠬᠥᠩᠭᠡᠯᠡᠭᠰᠡᠨ  ᠢᠶᠠᠷ ᠪᠠᠷᠠᠬᠤ ᠦᠭᠡᠢ᠂ ᠠᠵᠤ ᠠᠬᠤᠶᠢᠯᠠᠯ ᠤᠨ ᠬᠥᠭᠵᠢᠯᠲᠡ  ᠶᠢᠨ ᠬᠥᠳᠡᠯᠭᠡᠭᠦ ᠬᠦᠴᠦᠨ  ᠢ ᠨᠡᠩ ᠨᠡᠮᠡᠭᠳᠡᠭᠦᠯᠦᠭᠰᠡᠨ ᠪᠠᠶᠢᠨ᠎ᠠ᠃ᠲᠣᠰ ᠠᠵᠤ ᠠᠬᠤᠶᠢᠯᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠶᠠᠮᠤᠨ ᠤ ᠡᠷᠭᠢᠯᠡᠨ ᠬᠠᠮᠢᠶᠠᠷᠬᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ︽ᠪᠢᠳᠡ ᠡᠨᠡ ᠬᠦ ᠪᠤᠴᠠᠭᠠᠬᠤ ᠪᠡᠯᠡ ᠮᠥᠩᠭᠦ ᠶᠢ ᠠᠰᠢᠭᠯᠠᠨ᠂ ᠠᠵᠤ ᠠᠬᠤᠶᠢᠯᠠᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠪᠠ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠥᠷᠨᠢᠭᠦᠯᠦᠭᠰᠡᠨ ᠠᠴᠠ ᠠᠵᠤ ᠠᠬᠤᠶᠢᠯᠠᠯ ᠤᠨ ᠲᠠᠯ᠎ᠠ ᠶᠢᠨ ᠠᠵᠢᠯ ᠤᠨ ᠪᠠᠶᠢᠷᠢ ᠲᠣᠭᠲᠠᠪᠤᠷᠢᠲᠠᠢ ᠪᠣᠯᠤᠭᠰᠠᠨ ᠢᠶᠠᠷ ᠪᠠᠷᠠᠬᠤ ᠦᠭᠡᠢ᠂ ᠠᠯᠤᠰ ᠬᠡᠲᠦ ᠶᠢᠨ ᠬᠥᠭᠵᠢᠯᠲᠡ ᠶᠢᠨ ᠢᠲᠡᠭᠡᠯ ᠵᠣᠷᠢᠭ ᠴᠤ ᠨᠠᠩ ᠲᠡᠭᠦᠯᠳᠡᠷ ᠪᠣᠯᠤᠭᠰᠠᠨ ᠪᠠᠶᠢᠨ᠎ᠠ︾ ᠭᠡᠵᠡᠢ᠃      2021 ᠣᠨ ᠳᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠᠶᠢᠳᠠᠯ ᠳᠣᠣᠷ᠎ᠠ᠂ ᠮᠠᠨ ᠤ ᠤᠯᠤᠰ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ᠡᠯ᠎ᠡ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠲᠡ 406 ᠲᠦᠮᠡᠨ ᠡᠷᠦᠬᠡ ᠠᠵᠤ ᠠᠬᠤᠶᠢᠯᠠᠯ ᠳᠤ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ 230 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠠᠷᠬᠠᠭᠠᠪᠠ᠃      ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ 2022 ᠣᠨ ᠤ 4 ᠰᠠᠷ᠎ᠠ ᠶᠢᠨ ᠡᠨᠡ ᠬᠦ ᠴᠢᠮᠡᠭᠡ ᠤᠯᠠᠮᠵᠢᠯᠠᠭᠳᠠᠨ ᠢᠷᠡᠬᠦ ᠳᠤ᠂ ᠠᠵᠤ ᠠᠬᠤᠶᠢᠯᠠᠯ ᠤᠨ ᠬᠢᠨ ᠬᠤᠶᠢᠨ᠎ᠠ ᠬᠤᠶᠢᠨ᠎ᠠ ᠠᠴᠠ ᠪᠠᠨ ᠮᠠᠭᠲᠠᠨ ᠰᠠᠶᠢᠰᠢᠶᠠᠪᠠ᠃ ᠡᠨᠡ ᠨᠢᠭᠡ ᠵᠢᠯ ᠳᠤ ᠨᠡᠶᠢᠭᠡᠮ ᠤᠨ ᠪᠠᠲᠤᠯᠠᠭ᠎ᠠ ᠪᠠᠷ ᠠᠵᠤ ᠠᠬᠤᠶᠢᠯᠠᠯ  ᠢ ᠲᠤᠰᠠᠯᠠᠬᠤ ᠪᠠᠲᠤᠯᠠᠭ᠎ᠠ  ᠶᠢ ᠨᠡᠩ ᠬᠦᠴᠦᠲᠡᠢ ᠪᠣᠯᠭᠠᠵᠤ᠂ ᠨᠡᠩ ᠣᠯᠠᠨ ᠠᠵᠤ ᠠᠬᠤᠶᠢᠯᠠᠯ ᠳᠤ ᠵᠢᠩᠬᠢᠨᠢ ᠠᠯᠲᠠ ᠮᠥᠩᠭᠦᠨ ᠤ ᠰᠦᠢᠳᠬᠡᠯ ᠤᠨ ᠪᠠᠭᠤᠷᠠᠯᠲᠠ  ᠶᠢᠨ ᠠᠰᠢᠭ  ᠢ ᠬᠦᠷᠲᠡᠭᠡᠭᠰᠡᠨ ᠪᠠᠶᠢᠨ᠎ᠠ᠃2021 ᠣᠨ ᠳᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ 1500 ᠳ᠋ᠦᠩᠰᠢᠭᠤᠷ ᠲᠥᠭᠦᠷᠢᠭ ᠠᠴᠠ ᠳᠠᠪᠠᠭᠤᠯᠪᠠ᠃      ᠦᠢᠯᠡᠴᠢᠯᠡᠭᠡᠨ ᠤ ᠬᠠᠮᠤᠭ ᠰᠡᠭᠦᠯ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ      ᠡᠨᠡ ᠨᠢᠭᠡ ᠵᠢᠯ ᠳᠤ᠂ ᠨᠢᠭᠡ ᠨᠠᠰᠤ ᠶᠢ ᠲᠡᠮᠳᠡᠭᠯᠡᠬᠦ᠂ ᠨᠢᠭᠡ ᠨᠠᠰᠤ ᠶᠢ ᠪᠠᠲᠤᠯᠠᠬᠤ᠂ ᠨᠢᠭᠡ ᠨᠠᠰᠤᠨ ᠳᠤ ᠦᠢᠯᠡᠴᠢᠯᠡᠬᠦ ᠶᠢᠨ ᠲᠣᠭᠤᠷᠢᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠰᠢᠰᠲ᠋ᠥᠮ ᠤᠨ ᠡᠯ᠎ᠡ ᠱᠠᠲᠤᠨ ᠤ ᠰᠠᠯᠠᠭ᠎ᠠ ᠮᠥᠴᠢᠷ ᠬᠠᠮᠲᠤᠪᠠᠷ ᠬᠥᠳᠡᠯᠦᠯᠴᠡᠵᠦ᠂ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠵᠢᠷᠦᠮᠵᠢᠯᠲᠡ᠂ ᠮᠡᠳᠡᠭᠡ ᠵᠠᠩᠭᠢᠵᠢᠯᠲᠠ᠂ ᠲᠤᠰᠬᠠᠶᠢᠵᠢᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠠᠷᠠᠳ ᠤᠯᠠᠨ ᠳᠤ ᠨᠡᠩ ᠤᠯᠠᠨ ᠦᠨᠡᠨ ᠪᠣᠳᠠᠲᠠᠢ ᠵᠣᠯ ᠵᠢᠷᠭᠠᠯ ᠤᠨ ᠲᠥᠷᠥᠭᠳᠡᠯ ᠣᠯᠭᠤᠵᠠᠢ᠃︱ ︱ ᠦᠢᠯᠡᠴᠢᠯᠡᠭᠡ ᠶᠢ ᠨᠠᠩ ᠳᠤᠯᠠᠭᠠᠴᠠᠭᠤᠯᠪᠠ      ︽ᠡᠮᠡᠭᠡ ᠠ᠋᠂ ᠲᠠ ᠨᠠᠭᠠᠰᠢ ᠪᠠᠨ ᠬᠠᠷᠠ᠂ ᠨᠢᠳᠦ ᠪᠠᠨ ᠠᠨᠢᠪᠴᠢᠭᠠᠳ ᠪᠠᠢ︾ ᠭᠡᠪᠡ᠃ ᠣᠶᠢᠷ᠎ᠠ ᠳᠤ᠂ ᠾᠧᠨᠠᠨ ᠮᠤᠵᠢ ᠶᠢᠨ ᠨᠧᠢ ᠬᠤᠸᠠᠩ ᠰᠢᠶᠠᠨ ᠤ ᠳ᠋ᠦᠩ ᠵᠤᠸᠠᠩ ᠪᠠᠯᠭᠠᠰᠤᠨ ᠤ ᠬᠠᠨ ᠴᠤᠤ ᠼᠦᠨ ᠲᠣᠰᠬᠤᠨ ᠳᠤ᠂ ᠨᠧᠢ ᠬᠤᠸᠠᠩ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 102 ᠨᠠᠰᠤᠲᠠᠢ ᠯᠢ ᠡᠮᠡᠭᠡ ᠳᠤ ᠬᠢᠷᠢ ᠬᠡᠮ ᠤᠨ ᠭᠡᠷᠡᠴᠢᠯᠡᠯ ᠬᠢᠯᠭᠡᠵᠦ᠂ ᠠᠵᠢᠯᠲᠠᠨ ᠤ ᠰᠠᠨᠠᠭᠤᠯᠤᠮᠵᠢ᠂ ᠵᠢᠱᠢᠶ᠎ᠡ ᠦᠵᠡᠭᠦᠯᠦᠭᠰᠡᠨ ᠤ ᠳᠠᠷᠠᠭ᠎ᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠠᠪᠬᠤ ᠶᠢ ᠤᠷᠤᠭᠰᠢᠲᠠᠢ ᠪᠡᠶᠡᠯᠡᠭᠦᠯᠵᠡᠢ᠃︽ᠥᠩᠭᠡᠷᠡᠭᠰᠡᠨ ᠳᠤ ᠭᠡᠷᠡᠴᠢᠯᠡᠭᠡ ᠬᠢᠬᠦ ᠳᠤ ᠵᠢᠭᠠᠬᠠᠨ ᠶᠠᠷᠰᠢᠭ ᠲᠠᠢ ᠪᠠᠶᠢᠭᠰᠠᠨ᠂ ᠣᠲᠣ ᠬᠡᠳᠦᠢ ᠲᠥᠬᠦᠮ ᠪᠣᠯᠤᠭᠰᠠᠨ ᠪᠣᠶ᠂ ᠡᠶᠢᠮᠦᠷᠬᠦ ᠦᠢᠯᠡᠴᠢᠯᠡᠭᠡ ᠨᠢ ᠭᠠᠵᠠᠷ ᠪᠣᠯᠭᠠᠨ ᠳᠤ ᠨᠠᠰᠤᠲᠠᠶᠢᠴᠤᠳ ᠤᠨ ᠲᠥᠯᠥᠭᠡ ᠪᠣᠳᠣᠯᠬᠢᠯᠠᠳᠠᠭ᠂ ᠦᠨᠡᠬᠡᠷ ᠰᠡᠳᠬᠢᠯ ᠳᠤᠯᠠᠭᠠᠬᠠᠨ ᠪᠠᠶᠢᠨ᠎ᠠ︾ ᠭᠡᠵᠡᠢ᠃ ᠭᠡᠵᠦ ᠡᠪᠦᠭᠡᠨ ᠤ ᠪᠠᠭ᠎ᠠ ᠬᠦᠦ ᠨᠢ ᠪᠠᠶᠠᠷᠲᠠᠢ ᠪᠠᠷ ᠬᠡᠯᠡᠪᠡ᠃      ᠡᠶᠢᠮᠦᠷᠬᠦ ᠬᠤᠪᠢᠷᠠᠯᠲᠠ ᠤᠯᠤᠰ ᠳᠠᠶᠠᠭᠠᠷ ᠲᠤ ᠭᠠᠵᠠᠷ ᠪᠣᠯᠭᠠᠨ ᠳᠤ ᠭᠠᠷᠴᠤ ᠪᠠᠶᠢᠨ᠎ᠠ᠃2021 ᠣᠨ ᠳᠤ᠂ ᠡᠯ᠎ᠡ ᠲᠥᠷᠥᠯ ᠤᠨ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠣᠨᠴᠠᠭᠠᠶ ᠬᠠᠮᠲᠤᠯᠢᠭ ᠤᠨ ᠡᠬᠡ ᠲᠠᠩᠰᠠ ᠪᠠᠶᠢᠭᠤᠯᠵᠤ᠂ ᠣᠨᠴᠠᠭᠠᠶ ᠪᠠᠶᠢᠳᠠᠯ ᠳᠤ ᠭᠡᠷ ᠲᠤᠨᠢ ᠬᠦᠷᠴᠦ ᠠᠵᠢᠯ ᠶᠠᠪᠤᠳᠠᠯ ᠭᠦᠢᠴᠡᠳᠬᠡᠬᠦ᠂ ᠰᠡᠳᠬᠢᠯ ᠢ ᠳᠤᠯᠠᠭᠠᠴᠠᠭᠤᠯᠬᠤ ᠠᠵᠢᠯ ᠢ ᠲᠦᠯᠬᠢᠨ ᠠᠬᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠶᠠᠪᠤᠳᠠᠯ ᠭᠦᠢᠴᠡᠳᠬᠡᠬᠦ ᠳᠤ ᠵᠣᠯ ᠵᠢᠷᠭᠠᠯᠲᠤ ᠰᠡᠳᠬᠢᠭᠳᠡᠯ ᠢ ᠨᠠᠩ ᠴᠢᠩᠭᠠᠷᠠᠭᠤᠯᠪᠠ᠃︱ ︱ ᠦᠢᠯᠡᠴᠢᠯᠡᠭᠡ ᠶᠢ ᠨᠠᠩ ᠰᠢᠯᠢᠳᠡᠭᠵᠢᠭᠦᠯᠬᠦ ᠬᠡᠷᠡᠭᠲᠡᠢ      ᠮᠡᠳᠡᠭᠡ ᠵᠠᠩᠭᠢᠵᠢᠯᠲᠠ ᠪᠣᠯ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠃ᠨᠢᠭᠡ ᠵᠢᠯ ᠤᠨ ᠲᠤᠷᠰᠢ᠂ ᠠᠵᠢᠯ ᠠᠴᠠ ᠪᠣᠯᠤᠭᠰᠠᠨ ᠭᠡᠮᠲᠦᠯ ᠤᠨ ᠰᠢᠢᠳᠪᠦᠷᠢᠯᠡᠯᠲᠡ ᠠᠴᠠ ᠳᠡᠰ ᠳᠠᠪᠰᠢᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠦᠢᠯᠡᠴᠢᠯᠡᠭᠡᠨ ᠤ ᠪᠦᠬᠦ ᠶᠠᠪᠤᠴᠠ ᠳᠤ ︽ᠠᠭᠤᠯᠵᠠᠬᠤ ᠦᠭᠡᠢ︾ ︽ᠵᠠᠢ ᠵᠠᠪᠰᠠᠷ ᠦᠭᠡᠢ︾ ᠪᠠᠶᠢᠬᠤ ᠶᠢ ᠪᠡᠶᠡᠯᠡᠭᠦᠯᠵᠦ᠂ ᠣᠯᠠᠨ ᠲᠦᠮᠡᠨ ᠳᠤ ᠬᠠᠯᠠᠭᠤᠨ ᠳᠤᠯᠠᠭᠠᠨ᠂ ᠬᠠᠯᠠᠭᠤᠨ ᠳᠣᠲᠣᠨᠣ᠂ ᠰᠠᠨᠠᠭ᠎ᠠ ᠠᠮᠤᠷ ᠰᠢᠯᠢᠳᠡᠭ ᠦᠢᠯᠡᠴᠢᠯᠡᠭᠡ ᠡᠳ᠋ᠯᠡᠭᠦᠯᠵᠦ᠂ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠬᠠᠷᠠᠭᠠᠯᠵᠠᠯ ᠤᠨ ︽ᠭᠦᠶᠦᠬᠦ ᠦᠭᠡᠢ ᠪᠠᠷ ᠠᠪᠬᠤ︾ ︽ᠦᠨᠡᠮᠯᠡᠯ ᠦᠭᠡᠢ ᠪᠠᠷ ᠠᠪᠬᠤ︾ ᠳᠤ ᠬᠦᠷᠪᠡᠯ᠂ ᠳᠠᠬᠢᠭᠠᠳ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠮᠥᠩᠭᠦ ᠶᠢ ᠤᠨᠢᠨ ᠳᠡᠭᠡᠷ᠎ᠡ ᠨᠢ ᠲᠦᠭᠡᠭᠡᠬᠦ ᠳᠤ︽ᠭᠤᠶᠤᠳᠠᠯ ᠠᠴᠠ ᠬᠡᠯᠲᠦᠷᠢᠭᠦᠯᠪᠡᠯ ᠳᠠᠷᠤᠢ ᠡᠳ᠋ᠯᠡᠨ᠎ᠡ︾᠁ ᠲᠣᠭᠠᠴᠢᠯᠠᠭᠰᠠᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ︽ᠢᠨᠲ᠋ᠧᠷ ᠰᠦᠯᠵᠢᠶ᠎ᠡ + ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ︾ ᠭᠦᠨᠵᠡᠭᠡᠶᠢᠷᠡᠨ ᠬᠥᠭᠵᠢᠵᠦ᠂ 43 ᠵᠦᠢᠯ ᠤᠨ ᠲᠤᠬᠠᠶᠢᠯᠠᠭᠰᠠᠨ ᠠᠵᠢᠯ ᠢ ᠪᠥᠬᠦ ᠤᠯᠤᠰ ᠲᠤ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ︽ᠮᠤᠵᠢ ᠠᠯᠤᠰᠯᠠᠨ ᠪᠦᠬᠦᠨ ᠢ ᠰᠢᠢᠳᠪᠦᠷᠢᠯᠡᠬᠦ︾ ᠦᠢᠯᠡᠴᠢᠯᠡᠭᠡᠨ ᠤ ᠵᠦᠢᠯᠡᠰ ᠲᠠᠰᠤᠷᠠᠯᠲᠠ ᠦᠭᠡᠢ ᠨᠡᠮᠡᠭᠳᠡᠨ᠂ ᠨᠡᠶᠢᠭᠡᠮ ᠨᠡᠶᠢᠲᠡ ᠳᠤ ᠨᠡᠶᠢᠲᠡ ᠵᠠᠭᠤᠨ ᠳ᠋ᠦᠩᠰᠢᠭᠤᠷ ᠬᠥᠮᠥᠨ ᠤᠳᠠᠭ᠎ᠠ ᠲᠤᠬᠠᠶᠢᠯᠠᠭᠰᠠᠨ ᠠᠵᠢᠯ ᠤᠨ ᠰᠣᠷᠪᠤᠯᠵᠢᠯᠠᠭ᠎ᠠ ᠬᠠᠩᠭᠠᠵᠤ᠂ ᠨᠠᠩ ᠣᠯᠠᠨ ᠣᠯᠠᠨ ᠲᠦᠮᠡᠨ ᠳᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠳᠥᠭᠦᠮ ᠳᠥᠲᠡ ᠦᠢᠯᠡᠴᠢᠯᠡᠭᠡ ᠶᠢ ᠬᠦᠷᠲᠡᠭᠡᠪᠡ᠃︱ ︱ ᠦᠢᠯᠡᠴᠢᠯᠡᠭᠡ ᠶᠢ ᠨᠠᠩ ᠪᠦᠷᠢᠨ ᠲᠡᠭᠦᠯᠳᠡᠷ ᠪᠣᠯᠭᠠᠨ᠎ᠠ      ᠠᠨᠾᠦ᠋ᠢ ᠮᠤᠵᠢ ᠳᠤ᠂ ᠪᠥᠬᠦ ᠮᠤᠵᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ 95 ᠵᠦᠢᠯ ᠤᠨ ᠦᠢᠯᠡᠴᠢᠯᠡᠭᠡᠨ ᠤ ᠵᠦᠢᠯᠡᠰ ᠢ ᠴᠥᠮ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠭᠦᠢᠴᠡᠳᠬᠡᠵᠦ ᠪᠣᠯᠣᠨ᠎ᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠬᠥᠮᠥᠨ ᠤ ᠬᠦᠴᠦᠨ ᠦᠵᠧᠵᠢᠶᠠᠩ ᠤᠨ ᠸᠥ᠋ᠨᠵᠸᠦ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠪᠦᠬᠦ ᠬᠤᠳᠠ ᠳᠤ ᠨᠡᠶᠢᠳᠡᠮ ᠬᠡᠷᠡᠭᠯᠡᠵᠦ ᠪᠠᠶᠢᠬᠤ ᠪᠥᠭᠡᠳ ᠪᠦᠬᠦ ᠤᠯᠤᠰ ᠤᠨ 80 ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠲᠠᠢ ᠬᠤᠯᠪᠣᠯᠳᠤᠨ ᠨᠡᠪᠲᠡᠷᠡᠯᠴᠡᠵᠦ᠂ ᠰᠠᠭᠤᠭᠠᠯᠢ ᠠᠷᠠᠳ ᠡᠯᠧᠺᠲᠷᠣᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠠᠪᠴᠤ ᠰᠣᠶᠣᠯ ᠤᠨ ᠲᠠᠯᠠᠪᠤᠷ ᠲᠤ ᠡᠭᠦᠳᠡᠨ ᠬᠤᠷᠢᠭ᠎ᠠ ᠲᠠᠯᠪᠢᠬᠤ᠂ ᠵᠢᠭᠡᠯᠡᠨ ᠤᠩᠰᠢᠬᠤ ᠵᠡᠷᠭᠡ ᠴᠢᠳᠠᠪᠬᠢ ᠶᠢ ᠪᠡᠶᠡᠯᠡᠭᠦᠯᠵᠦ ᠪᠠᠶᠢᠨ᠎ᠠ ᠁ ᠨᠢᠭᠡ ᠬᠠᠭᠤᠳᠠᠰᠤ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠤᠯᠠᠨ ᠲᠦᠮᠡᠨ ᠤ ᠠᠮᠢᠳᠤᠷᠠᠯ ᠢ ᠨᠡᠩ ᠲᠠᠭᠠᠯᠠᠮᠵᠢᠲᠠᠢ ᠳᠥᠭᠦᠮ ᠳᠥᠲᠡ ᠪᠣᠯᠭᠠᠵᠠᠢ᠃      2021 ᠣᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠲᠤ ᠦᠢᠯᠡᠴᠢᠯᠡᠬᠦ ︽ᠪᠦᠬᠦᠨ ᠳᠤ ᠲᠣᠬᠢᠷᠠᠬᠤ ᠺᠠᠷᠲ︾ ᠢ ᠬᠠᠶᠢᠨ ᠰᠦᠪᠡᠭᠴᠢᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ︽ᠪᠥᠬᠦ ᠲᠤᠬᠠᠶᠢᠯᠠᠭᠰᠠᠨ ᠠᠵᠢᠯ ᠳᠤ ᠬᠡᠷᠡᠭᠯᠡᠬᠦ ᠺᠠᠷᠲ︾ ᠵᠢᠴᠢ ᠪᠤᠰᠤᠳ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶᠡᠨ ᠳᠠᠬᠢ ︽ᠪᠦᠬᠦᠨ ᠳᠤ ᠲᠣᠬᠢᠷᠠᠬᠤ ᠺᠠᠷᠲ︾ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠵᠠᠮ ᠬᠠᠷᠢᠯᠴᠠᠭ᠎ᠠ᠂ ᠵᠢᠭᠤᠯᠴᠢᠯᠠᠯ ᠵᠢᠭᠤᠯᠴᠢᠯᠠᠯ᠂ ᠰᠣᠶᠣᠯ ᠤᠨ ᠣᠶᠢᠯᠠᠭᠠᠯᠲᠠ ᠵᠡᠷᠭᠡ ᠲᠠᠯ᠎ᠠ ᠪᠠᠷ ᠬᠢ ︽ᠨᠢᠭᠡ ᠬᠤᠲᠠ ᠶᠢᠨ ᠬᠠᠷᠠᠭᠠᠯᠵᠠᠯ︾ ᠢ ᠵᠠᠯᠭᠠᠭ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠪᠠ᠃2021 ᠣᠨ ᠤ 11 ᠰᠠᠷ᠎ᠠ ᠪᠣᠯᠲᠠᠯ᠎ᠠ᠂ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠬᠥᠮᠥᠨ ᠤ ᠲᠤᠭ᠎ᠠ 13.5 ᠳ᠋ᠦᠩᠰᠢᠭᠤᠷ ᠲᠤ ᠬᠦᠷᠴᠦ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠤᠭᠰᠠᠨ ᠬᠥᠮᠥᠨ 5 ᠳ᠋ᠦᠩᠰᠢᠭᠤᠷ ᠲᠤ ᠬᠦᠷᠴᠦ᠂ ︽ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ ᠠᠵᠢᠯ ᠶᠠᠪᠤᠳᠠᠯ ᠭᠦᠢᠴᠡᠳᠬᠡᠬᠦ ᠪᠠ ᠭᠠᠳᠠᠭᠰᠢ ᠭᠠᠷᠬᠤ ᠳᠤ ᠲᠥᠬᠦᠮ ᠦᠵᠡᠭᠦᠯᠬᠦ︾ ᠨᠢ ᠨᠠᠩ ᠣᠯᠠᠨ ᠠᠷᠠᠳ ᠣᠯᠠᠨ ᠤ ᠬᠠᠮᠲᠤ ᠶᠢᠨ ᠲᠠᠨᠢᠯᠲᠠ ᠪᠣᠯᠵᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1