ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠶ᠎ᠡ ︱ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠴᠠᠭ ᠨᠡᠮᠡᠵᠦ ᠠᠵᠢᠯᠯᠠᠨ ᠠᠵᠢᠯᠯᠠᠵᠤ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2022/1/29
     ᠵᠢᠯ ᠤᠨ ᠡᠴᠦᠰ ᠵᠢᠯ ᠤᠨ ᠡᠬᠢ ᠪᠣᠯ ᠡᠮ ᠡᠮᠨᠡᠯᠭᠡ  ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ  ᠢ ᠭᠦᠢᠴᠡᠳᠬᠡᠬᠦ ᠣᠷᠭᠢᠯ ᠦᠶ᠎ᠡ ᠪᠣᠯᠬᠤ ᠪᠥᠭᠡᠳ ᠪᠠᠰᠠ ᠰᠢᠰᠲ᠋ᠧᠮ  ᠢ ᠰᠣᠯᠢᠬᠤ ᠪᠠ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠡᠮ ᠡᠮᠨᠡᠯᠭᠡ  ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠠᠪᠤᠳᠠᠯ  ᠢ ᠭᠦᠢᠴᠡᠵᠦ᠂ ᠴᠣᠩᠬᠤᠨ ᠤ ᠠᠵᠢᠯ ᠤᠨ ᠡᠷᠴᠢᠮ ᠲᠡᠦᠬᠡᠨ ᠰᠢᠨ᠎ᠡ ᠲᠡᠮᠳᠡᠭᠯᠡᠯ  ᠢ ᠡᠭᠦᠳᠪᠡ᠃ ᠲᠤᠬᠠᠶᠢᠯᠠᠭᠰᠠᠨ ᠠᠵᠢᠯ ᠤᠨ ᠲᠦᠷᠭᠡᠨ ᠨᠡᠮᠡᠭᠳᠡᠯ ᠤᠨ ᠳᠠᠷᠤᠯᠲᠠ ᠶᠢᠨ ᠡᠮᠦᠨ᠎ᠡ᠂ ᠠᠵᠢᠯ ᠶᠠᠪᠤᠳᠠᠯ ᠰᠢᠢᠳᠪᠦᠷᠢᠯᠡᠬᠦ ᠳᠤ ᠣᠯᠠᠨ ᠲᠦᠮᠡᠨ ᠳᠤᠲᠠᠭᠤ ᠭᠦᠶᠦᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ︽ᠳᠠᠭᠠᠳᠬᠠᠯ ᠳᠤ ᠣᠷᠣᠯᠴᠠᠭᠰᠠᠳ ᠲᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ︾ ᠪᠠᠷ ᠵᠣᠷᠢᠯᠲᠠ ᠪᠣᠯᠭᠠᠵᠤ᠂ ᠠᠵᠢᠯᠲᠠᠳ ᠦᠳᠡ ᠶᠢᠨ ᠠᠮᠠᠷᠠᠯᠲᠠ᠂ ᠠᠵᠢᠯ ᠠᠴᠠ ᠪᠠᠭᠤᠬᠤ ᠪᠠ ᠭᠠᠷᠠᠭ ᠤᠨ ᠵᠢᠷᠭᠤᠭᠠᠨ ᠤ ᠡᠳᠦᠷ ᠤᠨ ᠴᠠᠭ ᠢ ᠰᠠᠨᠠᠭᠠᠴᠢᠯᠠᠭ᠎ᠠ  ᠠᠴᠠ ᠪᠠᠨ ᠬᠠᠶᠠᠵᠤ᠂ ᠴᠠᠭ ᠨᠡᠮᠡᠵᠦ ᠠᠵᠢᠯᠯᠠᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠢᠨᠠᠨ ᠲᠣᠭᠲᠠᠭᠠᠵᠤ᠂ ᠲᠠᠩᠰᠠ ᠲᠠᠶᠢᠯᠬᠤ ᠨᠠᠷᠢᠨ ᠲᠠᠩᠰᠠᠨ ᠳᠤ ᠣᠷᠣᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠴᠠᠭ ᠲᠤᠬᠠᠢ ᠳᠤᠨᠢ ᠭᠦᠢᠴᠡᠳᠬᠡᠵᠦ ᠳᠠᠭᠤᠰᠬᠠᠬᠤ ᠶᠢ ᠦᠨᠡᠨ ᠬᠦ ᠪᠠᠲᠤᠯᠠᠪᠠ᠃
     ︽ᠲᠠᠨ ᠳᠤ ᠶᠠᠮᠠᠷ ᠦᠢᠯᠡᠴᠢᠯᠡᠭᠡ ᠬᠡᠷᠡᠭ ᠲᠠᠢ ᠪᠤᠶ ?︾ ︽ᠵᠢᠭᠠᠬᠠᠨ ᠬᠦᠯᠢᠶᠡᠵᠦ ᠪᠠᠢᠭᠠᠳ ᠪᠢ ᠯᠠᠪ ᠲᠠᠨ ᠳᠤ ᠰᠢᠢᠳᠪᠦᠷᠢᠯᠡᠵᠦ ᠥᠭᠭᠦᠶ᠎ᠡ︾ ᠭᠡᠪᠡ᠃ ᠡᠨᠡ ᠪᠣᠯ ᠡᠮ ᠡᠮᠨᠡᠯᠭᠡ  ᠶᠢᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠪᠣᠯᠣᠨ ᠪᠤᠶ ᠪᠦᠬᠦᠢ ᠡᠮ ᠡᠮᠨᠡᠯᠭᠡ  ᠶᠢᠨ ᠳᠠᠭᠠᠳᠬᠠᠯ ᠤᠨ ᠠᠵᠢᠯ ᠤᠨ ᠪᠠᠶᠢᠷᠢ  ᠠᠴᠠ ᠭᠠᠷᠤᠭᠰᠠᠨ ᠰᠣᠨᠣᠰᠪᠤᠷᠢᠲᠠᠢ ᠳᠠᠭᠤᠨ ᠪᠣᠯᠣᠨ᠎ᠠ᠃ᠣᠯᠠᠨ ᠲᠦᠮᠡᠨ ᠤ ᠨᠠᠷᠢᠨ ᠪᠤᠳᠤᠯᠢᠶᠠᠨᠲᠠᠢ ᠣᠯᠠᠨ ᠶᠠᠩᠵᠤ  ᠶᠢᠨ ᠠᠰᠠᠭᠤᠳᠠᠯ  ᠢ ᠠᠵᠢᠯᠲᠠᠳ ᠤᠳᠠᠭ᠎ᠠ ᠳᠠᠷᠠᠭ᠎ᠠ ᠪᠠᠷ ᠬᠦᠯᠢᠴᠡᠩᠭᠦᠢ ᠪᠠᠷ ᠬᠠᠷᠢᠭᠤᠯᠳᠠᠭ᠃      ᠰᠥᠨᠢ ᠳᠦᠯᠢ ᠪᠣᠯᠬᠤ ᠳᠤ ᠠᠵᠢᠯᠲᠠᠳ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠳᠡ ᠪᠠᠨ ᠬᠠᠭᠠᠬᠤ ᠦᠭᠡᠢ ᠪᠠᠷ ᠴᠠᠭ  ᠢ ᠤᠷᠲᠤᠳᠬᠠᠬᠤ ᠦᠢᠯᠡᠴᠢᠯᠡᠭᠡ ᠬᠢᠵᠦ᠂ ᠥᠴᠥᠬᠡᠨ ᠴᠦ ᠴᠠᠯᠠᠭᠠᠶᠢᠷᠠᠭᠰᠠᠨ ᠦᠭᠡᠢ᠃ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠪᠠ ᠠᠵᠢᠯᠯᠠᠭ᠎ᠠ ᠪᠣᠯᠭᠠᠨ ᠬᠤᠪᠢᠷᠠᠭᠤᠯᠵᠤ᠂ ᠳ᠋ᠦᠩ ᠡᡁᠸ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠢᠮᠠᠭᠲᠠ ᠵᠠᠮ ᠳᠠᠭᠠᠨ ᠶᠠᠪᠤᠵᠤ᠂ ᠲᠠᠨ ᠲᠠᠢ ᠬᠠᠮᠲᠤ ᠤᠷᠤᠭᠰᠢᠯᠠᠨ᠎ᠠ᠃
 
ᠢᠷᠡᠯᠲᠡ᠄ ᠳ᠋ᠦᠩ ᠾᠧ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1