| ᠣᠶᠢᠷ᠎ᠠ ᠶᠢᠨ ᠵᠢᠯ ᠠᠴᠠ ᠨᠠᠰᠢ᠂ ᠳ᠋ᠦᠩ ᠾᠧ ᠲᠣᠭᠤᠷᠢᠭ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠣᠷᠣᠨ ᠤ ᠪᠠᠶᠢᠳᠠᠯ ᠤᠨ ᠪᠣᠳᠠᠲᠤ ᠪᠠᠶᠢᠳᠠᠯ ᠢ | ᠦᠨᠳᠦᠰᠦᠯᠡᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ | ᠱᠠᠭᠠᠷᠳᠠᠯᠭ᠎ᠠ ᠶᠢᠨ ᠲᠣᠭᠤᠷᠢᠨ ᠲᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠮᠥᠩᠭᠦᠨ | ᠭᠦᠢᠯᠭᠡᠭᠡᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠦᠨᠳᠦᠰᠦᠨ ᠱᠠᠲᠤᠨ | ᠲᠤ ᠭᠦᠨᠵᠡᠭᠡᠶᠢᠷᠡᠨ ᠪᠠᠶᠢᠴᠠᠭᠠᠨ ᠰᠤᠳᠤᠯᠬᠤ᠂ ᠨᠡᠪᠲᠡᠷᠡᠯᠴᠡᠬᠦ ᠲᠠᠪᠴᠠᠩ ᠪᠠᠶᠢᠭᠤᠯᠬᠤ᠂ ᠠᠵᠤ ᠠᠬᠤᠶᠢᠯᠠᠯ ᠤᠨ | ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠬᠦ ᠵᠡᠷᠭᠡ ᠠᠷᠭ᠎ᠠ ᠮᠢᠭ ᠢᠶᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ | ᠲᠥᠷᠥ ᠶᠢᠨ ᠪᠤᠳᠤᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠡᠷᠴᠢᠮ ᠢᠶᠠᠨ ᠲᠠᠰᠤᠷᠠᠯᠳᠠ ᠥᠭᠡᠢ ᠨᠡᠮᠡᠭᠳᠡᠭᠦᠯᠵᠦ᠂ | ᠪᠥᠬᠦ ᠣᠷᠣᠨ ᠤᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠲᠤ ᠮᠥᠩᠭᠦᠨ | ᠭᠦᠢᠯᠭᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠣᠳᠣᠬᠠᠨ ᠪᠣᠯᠲᠠᠯ᠎ᠠ᠂ ᠪᠥᠬᠦ ᠣᠷᠣᠨ ᠤ ᠡᠯ᠎ᠡ ᠮᠥᠩᠭᠦᠨ | ᠭᠦᠶ᠋ᠯᠭᠡᠭᠡᠨ ᠤ ᠪᠠᠶᠢᠭᠤᠯᠤᠮᠵᠢ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠮᠠᠨ ᠤ ᠣᠷᠣᠨ ᠤ ᠠᠵᠤ | ᠠᠬᠤᠶᠢᠯᠠᠯ ᠠᠵᠢᠯ ᠦᠶ᠋ᠯᠡᠰ ᠤᠨ ᠨᠢᠭᠡᠴᠡ ᠪᠣᠯᠤᠨ ᠬᠤᠪᠢ ᠶᠢᠨ ᠠᠵᠤ ᠦᠶ᠋ᠯᠡᠳᠪᠦᠷᠢ ᠬᠤᠳᠠᠯᠳᠤᠭᠠᠨ ᠤ ᠡᠷᠦᠬᠡ ᠳᠤ | ᠨᠡᠶᠢᠲᠡ 2255 ᠬᠤᠪᠢ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ 18.6 ᠳ᠋ᠦᠩᠰᠢᠭᠤᠷ ᠲᠥᠭᠦᠷᠢᠭ | ᠣᠷᠣᠭᠤᠯᠪᠠ᠃ | ᠤᠨᠢᠨ ᠳᠡᠭᠡᠷ᠎ᠡ ᠨᠢ ᠦᠢᠯᠡᠴᠢᠯᠡᠬᠦ ᠶᠢ ᠥᠷᠨᠢᠭᠦᠯᠵᠦ ᠮᠥᠩᠭᠦᠨ ᠭᠦᠢᠯᠭᠡᠭᠡᠨ ᠤ ︽ᠠᠮᠢᠨ ᠰᠤᠳᠠᠰᠤ︾ ᠶᠢ | ᠨᠡᠪᠲᠡᠷᠡᠭᠦᠯᠦᠨ᠎ᠡ | ᠳ᠋ᠦᠩ ᠾᠧ ᠲᠣᠭᠤᠷᠢᠭ ᠤᠨ ᠬᠢᠨ ︽ᠠᠵᠤ ᠠᠬᠤᠶᠢᠯᠠᠯ ᠤᠨ ᠪᠠᠶᠢᠳᠠᠯ ᠳᠤ ᠵᠣᠬᠢᠴᠠᠭᠤᠯᠤᠨ ᠠᠷᠭ᠎ᠠ | ᠪᠣᠳᠣᠯᠭ᠎ᠠ ᠬᠡᠷᠡᠭᠵᠢᠭᠦᠯᠵᠦ︾᠂ ︽ᠳ᠋ᠦᠩ ᠾᠧ ᠲᠣᠭᠤᠷᠢᠭ ᠤᠨ ᠮᠥᠩᠭᠦᠨ ᠭᠦᠶ᠋ᠯᠭᠡᠭᠡᠨ ᠤ ᠨᠠᠷᠢᠯᠢᠭ ᠣᠨᠣᠴᠠᠲᠠᠶ | ᠦᠶ᠋ᠯᠡᠴᠢᠯᠡᠭᠡᠨ ᠤ ᠲᠥᠰᠦᠯ︾ ᠢ ᠲᠣᠭᠲᠠᠭᠠᠨ ᠨᠡᠶᠢᠲᠡᠯᠡᠵᠦ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ | ᠠᠵᠤ ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠶ᠋ᠳᠪᠦᠷᠢᠯᠡᠵᠦ ᠥᠭᠪᠡ᠃ | ᠣᠷᠣᠨ ᠤ ᠮᠥᠩᠭᠦᠨ ᠭᠦᠶ᠋ᠯᠭᠡᠭᠡᠨ ᠤ ᠠᠯᠪᠠᠨ ᠬᠡᠷ ᠠᠴᠠ ᠪᠥᠬᠦ ᠣᠷᠣᠨ ᠤ 13 ᠪᠠᠩᠬᠢ ᠶᠢᠨ 50 ᠭᠠᠷᠤᠶ | ᠡᠵᠡᠩᠨᠡᠯᠲᠡ ᠶᠢᠨ ᠲᠣᠤᠷ ᠴᠢᠬ ᠢ ᠵᠣᠬᠢᠶᠠᠨ ᠪᠠᠶᠢᠭᠤᠯᠵᠤ ᠪᠠᠷᠠᠭᠤᠨ ᠮᠣᠩᠭᠤᠯ ᠤᠨ ᠠᠷᠠᠰᠤᠨ ᠡᠳ᠋ᠯᠡᠯ ᠤᠨ ᠦᠶ᠋ᠯᠡᠰ᠂ | ᠰᠢᠨ ᠱᠧᠩ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ᠂ ᠶᠢᠨᠱᠠᠨ ᠤ | ᠬᠥᠩᠭᠡᠨ ᠴᠠᠭᠠᠨ ᠤ ᠦᠶ᠋ᠯᠡᠰ᠂ ᠢ ᠾᠧ ᠬᠥᠩᠭᠡᠨ ᠴᠠᠭᠠᠨ ᠤ ᠦᠶ᠋ᠯᠡᠰ ᠵᠡᠷᠭᠡ 17 ᠠᠵᠤ ᠠᠬᠤᠶᠢᠯᠠᠯ ᠳᠤ | ᠭᠦᠨᠵᠡᠭᠡᠶᠢᠷᠡᠭᠦᠯᠦᠨ ᠮᠥᠩᠭᠦᠨ ᠭᠦᠶ᠋ᠯᠭᠡᠭᠡᠨ ᠤ ᠦᠶ᠋ᠯᠡᠴᠢᠯᠡᠭᠡ ᠥᠷᠨᠢᠭᠦᠯᠪᠡ᠃ | ᠲᠦᠷᠦᠭᠦᠬᠡᠨ᠂ ᠵᠥᠩ ᠰᠢᠨ ᠪᠠᠩᠬᠢ ᠶᠡᠷᠦᠩᠬᠡᠶᠢᠯᠡᠭᠰᠡᠨ ᠦᠨᠡᠯᠡᠨ ᠵᠢᠱᠢᠯᠲᠡ ᠪᠠᠷ ᠳᠡᠮᠵᠢᠨ ᠥᠪᠥᠷ | ᠮᠣᠩᠭᠤᠯ ᠤᠨ ᠢ ᠲᠧ ᠬᠥᠩᠭᠡᠨ ᠴᠠᠭᠠᠨ ᠤ ᠦᠶ᠋ᠯᠡᠰ ᠤᠨ ᠬᠢᠵᠠᠭᠠᠷᠲᠤ ᠺᠣᠮᠫᠠᠨᠢ ᠳᠤ 1 ᠳ᠋ᠦᠩᠰᠢᠭᠤᠷ | ᠲᠥᠭᠦᠷᠢᠭ ᠤᠨ ︽ᠫᠢᠶᠣᠣ ᠪᠠᠷᠢᠮᠲᠠ ᠶᠢᠨ ᠲᠠᠲᠠᠭᠠᠯ︾ ᠤᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠬᠠᠩᠭᠠᠪᠠ᠃ | ︽ᠪᠠᠩᠬᠢ ᠠᠴᠠ ᠠᠵᠤ ᠠᠬᠤᠶᠢᠯᠠᠯ ᠳᠤ ᠭᠠᠷᠭᠠᠵᠤ ᠥᠭᠭᠦᠭᠰᠡᠨ ︿ᠫᠢᠶᠣᠣ ᠪᠠᠷᠢᠮᠲᠠ ᠶᠢᠨ ᠲᠠᠲᠠᠭᠠᠯ﹀ ᠢ ᠲᠡᠭᠦᠨ ᠤ | ᠬᠤᠷᠢᠶᠠᠵᠤ ᠣᠯᠤᠭᠰᠠᠨ ᠡᠯ᠎ᠡ ᠲᠦᠷᠦᠯ ᠤᠨ ᠪᠠᠩᠬᠢ ᠶᠢᠨ ᠳᠠᠭᠠᠭᠠᠨ ᠰᠣᠯᠢᠵᠤ ᠥᠭᠬᠦ ᠭᠤᠪᠢᠭᠤᠯᠭ᠎ᠠ ᠶᠢᠨ ᠫᠢᠶᠣᠣ ᠪᠠ | ᠪᠠᠲᠤᠯᠠᠭ᠎ᠠ ᠶᠢᠨ ᠮᠥᠩᠭᠦ ᠳᠤ ᠬᠠᠳᠠᠭᠠᠯᠠᠵᠤ᠂ ᠪᠠᠩᠬᠢ ᠠᠴᠠ ᠨᠢᠭᠡᠳᠦᠯᠲᠡᠶ ᠣᠷᠣᠯᠠᠨ ᠬᠠᠮᠢᠶᠠᠷᠴᠤ᠂ ᠬᠡᠷᠡᠭᠯᠡᠬᠦ | ᠦᠶ᠎ᠡ ᠳᠤ ᠬᠠᠳᠠᠭᠠᠯᠠᠵᠤ ᠪᠠᠶᠢᠭ᠎ᠠ ᠪᠠᠩᠬᠢ ᠶᠢᠨ ᠳᠠᠭᠠᠭᠠᠨ ᠰᠣᠯᠢᠵᠤ ᠥᠭᠬᠦ ᠭᠤᠪᠢᠭᠤᠯᠭ᠎ᠠ ᠶᠢᠨ ᠫᠢᠶᠣᠣ ᠶᠢ ᠰᠢᠭᠤᠳ | ᠰᠣᠯᠢᠬᠤ ᠪᠠ ᠳᠠᠪᠬᠤᠴᠠᠭᠤᠯᠤᠨ ᠰᠣᠯᠢᠬᠤ ᠠᠷᠭ᠎ᠠ ᠪᠠᠷ ᠶᠡᠭᠡ ᠲᠣᠭᠠᠨ ᠤ ᠪᠠᠩᠬᠢ ᠶᠢᠨ ᠳᠠᠭᠠᠭᠠᠨ ᠰᠣᠯᠢᠵᠤ ᠥᠭᠬᠦ | ᠭᠤᠪᠢᠭᠤᠯᠭ᠎ᠠ ᠶᠢᠨ ᠫᠢᠶᠣᠣ ᠪᠣᠯᠭᠠᠨ ᠰᠣᠯᠢᠭᠠᠳ ᠲᠦᠯᠦᠬᠦ ᠳᠤ ᠲᠦᠬᠦᠮ ᠪᠣᠯᠭᠠᠨ᠎ᠠ᠃︾ ᠭᠡᠵᠦ ᠵᠦᠩ ᠰᠢᠨ | ᠪᠠᠩᠬᠢ ᠶᠢᠨ ᠵᠤᠤ ᠳᠠᠭᠠᠭᠠᠮᠠᠯ ᠲᠠᠨᠢᠯᠴᠠᠭᠤᠯᠪᠠ᠃ | | | ᠠᠵᠤ ᠠᠬᠤᠶᠢᠯᠠᠯ ᠳᠤ ᠭᠦᠨᠵᠡᠭᠡᠶᠢᠷᠡᠨ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠬᠤᠷᠠᠯᠳᠤᠭᠤᠯᠪᠠ | ᠣᠶᠢᠯᠠᠭᠠᠭᠰᠠᠨ ᠢᠶᠠᠷ᠂ ᠢᠲᠤ ᠬᠥᠩᠭᠡᠨ ᠴᠠᠭᠠᠨ ᠤ ᠦᠶ᠋ᠯᠡᠰ ᠤᠨ ᠬᠢᠨ ᠲᠤᠬᠠᠶᠢᠯᠠᠭᠰᠠᠨ ᠠᠵᠢᠯ ᠤᠨ | ᠬᠥᠭᠵᠢᠯᠲᠡ ᠶᠢᠨ ᠬᠡᠷᠡᠭᠴᠡᠭᠡ ᠠᠴᠠ ᠪᠣᠯᠵᠣ᠂ ᠦᠷᠭᠦᠯᠵᠢ ᠶᠡᠭᠡ ᠬᠡᠮᠵᠢᠶᠡᠨ ᠤ ᠪᠠᠯᠠ ᠮᠥᠩᠭᠦᠨ ᠤ ᠠᠷᠠᠯᠵᠢᠶ᠎ᠠ ᠬᠢᠳᠡᠭ | ᠂ ︽ᠫᠢᠶᠣᠣ ᠪᠠᠷᠢᠮᠲᠠ ᠶᠢᠨ ᠲᠠᠲᠠᠭᠠᠯ︾ ᠨᠢ ᠠᠵᠤ ᠠᠬᠤᠶᠢᠯᠠᠯ ᠤᠨ ︽ᠫᠢᠶᠣᠣ ᠪᠠᠷᠢᠮᠲᠠ ᠶᠢᠨ ᠬᠠᠮᠢᠶᠠᠷᠤᠭᠴᠢ︾ ᠪᠠ | ︽ᠳᠥᠯᠥᠬᠦ ᠬᠠᠪᠰᠤᠷᠤᠭᠴᠢ︾ ᠪᠣᠯᠵᠣ᠂ ᠳᠥᠯᠥᠬᠦ ᠠᠯᠬᠤᠮ ᠳᠠᠷᠠᠭ᠎ᠠ ᠶᠢ ᠮᠠᠰᠢ ᠶᠡᠭᠡ ᠬᠡᠮᠵᠢᠶ᠎ᠡ ᠪᠠᠷ ᠳᠥᠭᠦᠮᠴᠢᠯᠡᠵᠦ | ᠂ ᠠᠵᠤ ᠠᠬᠤᠶᠢᠯᠠᠯ ᠢ ᠬᠠᠪᠰᠤᠷᠤᠨ ᠴᠠᠭ ᠪᠠ ᠬᠥᠮᠦᠨ ᠤ ᠬᠦᠴᠦᠨ ᠢ ᠠᠷᠪᠢᠯᠠᠳᠠᠭ᠃ | ᠭᠤᠣᠯ ᠤᠷᠤᠰᠬᠠᠯ ᠠᠴᠠ ᠰᠠᠯᠪᠤᠷᠢ ᠤᠷᠤᠰᠬᠠᠯ ᠬᠦᠷᠲᠡᠯ᠎ᠡ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠠᠴᠠ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦᠯ ᠵᠦᠢᠯ ᠬᠦᠷᠲᠡᠯ᠎ᠡ᠂ ᠮᠥᠩᠭᠦᠨ | ᠭᠦᠢᠯᠭᠡᠭᠡᠨ ᠤ ᠦᠢᠯᠡᠴᠢᠯᠡᠭᠡ ᠤᠯᠠᠮ ᠴᠢᠨᠠᠭᠰᠢᠳᠠ ᠳᠣᠷᠣᠭᠰᠢᠯᠠᠪᠠ᠃ | ᠪᠠᠩᠬᠢ ᠪᠠ ᠠᠵᠤ ᠠᠬᠤᠶᠢᠯᠠᠯ ᠤᠨ ᠬᠤᠯᠪᠣᠯᠳᠤᠨ ᠨᠡᠪᠲᠡᠷᠡᠯᠴᠡᠬᠦ ᠨᠢ ᠬᠥᠭᠵᠢᠯᠲᠡ ᠶᠢᠨ ︽ᠬᠥᠭᠦᠷᠭᠡ︾ ᠶᠢ ᠪᠣᠶ | ᠪᠣᠯᠭᠠᠪᠠ | ᠳ᠋ᠦᠩ ᠾᠧ ᠲᠣᠭᠤᠷᠢᠭ ᠤᠨ ᠬᠢᠨ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ | ᠢᠳᠡᠪᠬᠢᠲᠡᠢ ᠪᠠᠷ ᠥᠷᠭᠡᠳᠬᠡᠵᠦ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ | ᠲᠦᠭᠵᠢᠷᠡᠯ ᠢ ᠴᠢᠷᠮᠠᠶᠢᠨ ᠨᠡᠪᠲᠡᠷᠡᠭᠦᠯᠪᠡ᠃ ᠣᠷᠣᠨ ᠤ ᠮᠥᠩᠭᠦᠨ ᠭᠦᠶ᠋ᠯᠭᠡᠭᠡᠨ ᠤ ᠠᠯᠪᠠᠨ ᠬᠡᠷ ᠤᠨ ᠬᠢᠨ ᠠᠵᠤ | ᠠᠬᠤᠶᠢᠯᠠᠯ ᠤᠨ ᠲᠥᠯᠥᠭᠡ ᠪᠤᠳᠤᠵᠤ᠂ ᠠᠵᠤ ᠠᠬᠤᠶᠢᠯᠠᠯ ᠤᠨ ᠲᠥᠯᠥᠭᠡ ᠪᠠᠴᠢᠮᠳᠠᠵᠤ᠂ ᠺᠠᠳ᠋ᠷᠴᠤᠳ ᠢ ︽ᠵᠠᠭᠤᠴᠢ︾ | ᠪᠣᠯᠭᠠᠵᠤ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠳᠤ ︽ᠬᠤᠯᠪᠣᠭ᠎ᠠ︾ ᠪᠣᠯᠭᠠᠬᠤ ᠶᠢᠨ | ᠬᠠᠮᠲᠤ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠲᠠᠢ ᠨᠢᠭᠡ ᠨᠢᠭᠡ ᠪᠠᠷ ᠦᠶ᠋ᠯᠡᠴᠢᠯᠡᠬᠦ ᠳᠤᠭᠤᠶᠢᠯᠠᠩ ᠪᠠᠶᠢᠭᠤᠯᠵᠤ᠂ | ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠶ ᠳᠤ ᠦᠶ᠋ᠯᠡᠴᠢᠯᠡᠬᠦ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠠᠨᠠᠭᠠᠴᠢᠯᠠᠭ᠎ᠠ ᠠᠴᠠ ᠪᠠᠨ ᠬᠦᠷᠴᠦ ᠰᠠᠭᠤᠬᠤ ᠶᠢ ᠬᠦᠯᠢᠶᠡᠵᠦ᠂ ᠮᠥᠩᠭᠦᠨ | ᠭᠦᠶ᠋ᠯᠭᠡᠭᠡᠨ ᠤ ᠲᠥᠷᠥ ᠶᠢᠨ ᠪᠣᠳᠣᠯᠭ᠎ᠠ᠂ ᠮᠥᠩᠭᠦᠨ ᠭᠦᠶ᠋ᠯᠭᠡᠭᠡᠨ ᠤ ᠦᠶ᠋ᠯᠡᠳᠬᠦᠨ ᠢ ᠬᠡᠷᠡᠭᠴᠡᠭᠡ ᠪᠥᠬᠦᠶ ᠠᠵᠤ | ᠠᠬᠤᠶᠢᠯᠠᠯ ᠲᠠᠢ ᠨᠢᠭᠡ ᠨᠢᠭᠡ ᠪᠠᠷ ᠳᠣᠭᠢᠷᠠᠭᠤᠯᠤᠨ᠎ᠠ᠃ | | | ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠣᠶᠢᠯᠠᠭᠠᠬᠤ | ᠡᠨᠡᠬᠦ ᠰᠠᠭᠤᠷᠢᠨ ᠳᠡᠭᠡᠷ᠎ᠡ᠂ ᠳ᠋ᠦᠩ ᠡᡁᠧ ᠲᠣᠭᠤᠷᠢᠭ ᠤᠨ ᠬᠢᠨ ᠪᠠᠩᠬᠢ ᠪᠣᠯᠤᠨ ᠠᠵᠤ ᠠᠬᠤᠶᠢᠯᠠᠯ ᠤᠨ | ᠤᠯᠠᠨ ᠡᠰᠢᠵᠢᠭᠰᠡᠨ ᠬᠠᠷᠢᠯᠴᠠᠨ ᠨᠡᠪᠲᠡᠷᠡᠯᠴᠡᠬᠦ ︽ᠬᠥᠭᠦᠷᠭᠡ︾ ᠶᠢ ᠢᠳᠡᠪᠬᠢᠲᠡᠢ ᠪᠠᠶᠢᠭᠤᠯᠵᠤ᠂ ᠤᠯᠠᠨ ᠰᠠᠯᠠᠭ᠎ᠠ | ᠮᠥᠴᠢᠷ ᠬᠠᠮᠲᠤᠷᠠᠨ ᠪᠠᠩᠬᠢ ᠪᠣᠯᠤᠨ ᠠᠵᠤ ᠠᠬᠤᠶᠢᠯᠠᠯ ᠢ ᠵᠣᠯᠭᠠᠭᠤᠯᠬᠤ ᠬᠤᠷᠠᠯ᠂ ᠮᠥᠩᠭᠦᠨ ᠭᠦᠢᠯᠭᠡᠭᠡᠨ ᠤ | ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠢ 10 ᠭᠠᠷᠤᠢ ᠤᠳᠠᠭ᠎ᠠ ᠵᠣᠬᠢᠶᠠᠨ ᠪᠠᠶᠢᠭᠤᠯᠵᠤ ᠬᠤᠷᠠᠯᠳᠤᠭᠤᠯᠵᠠᠢ᠃ | ᠢᠲᠡᠭᠡᠮᠵᠢ ᠣᠯᠭᠤᠬᠤ ᠪᠠᠯᠠ ᠮᠥᠩᠭᠦ ᠪᠠᠷ ᠳᠡᠮᠵᠢᠬᠦ ᠡᠨᠡ ᠬᠦ ᠠᠷᠭ᠎ᠠ ᠵᠠᠮ ᠠᠴᠠ ᠭᠠᠳᠠᠨ᠎ᠠ᠂ ᠫᠦ ᠹᠠ ᠪᠠᠩᠬᠢ ᠠᠴᠠ | ᠬᠤᠶᠠᠷ ᠠᠵᠤ ᠠᠬᠤᠶᠢᠯᠠᠯ ᠳᠤ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠡᠮᠵᠢᠬᠦ ᠡᠨᠡ ᠬᠦ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠢ ᠷᠧᠨ ᠤ ᠰᠢᠨ᠎ᠡ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠪᠣᠯᠤᠨ ᠪᠤᠭᠤᠲᠤ ᠬᠤᠲᠠ ᠶᠢᠨ ᠢ ᠵᠢᠶᠠᠩ ᠬᠥᠩᠭᠡᠨ ᠴᠠᠭᠠᠨ ᠤ ᠦᠶ᠋ᠯᠡᠰ ᠤᠨ | ᠬᠢᠵᠠᠭᠠᠷᠲᠤ ᠺᠣᠮᠫᠠᠨᠢ ᠳᠤ ᠲᠣᠰ ᠲᠣᠰ 200 ᠲᠦᠮᠡᠨ ᠲᠥᠭᠦᠷᠢᠭ ᠤᠨ ᠪᠠᠷᠢᠴᠠᠭ᠎ᠠ ᠥᠬᠡᠶ᠂ ᠳᠠᠭᠠᠭᠠᠯᠲᠠ ᠥᠬᠡᠶ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠬᠡᠯᠪᠡᠷᠢ ᠶᠢᠨ ᠵᠢᠭᠡᠯᠡᠯᠭᠡ ᠣᠯᠭᠤᠪᠠ᠃ | ︽ᠳᠤᠰᠤᠯᠭᠠᠨ ᠤᠰᠤᠯᠠᠬᠤ︾ ᠥᠨᠳᠥᠷ ᠪᠦᠲᠦᠮᠵᠢᠲᠡᠢ ᠪᠠᠷ ᠲᠦᠭᠡᠮᠡᠯ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ | ᠡᠨᠧᠷᠭᠢ ᠣᠯᠭᠤᠬᠤ ᠳᠤ ᠬᠦᠴᠦᠨ ᠨᠡᠮᠡᠷᠢᠯᠡᠨ᠎ᠡ | ᠠᠵᠤ ᠠᠬᠤᠶᠢᠯᠠᠯ ᠬᠦᠷᠦᠩᠭᠡ ᠶᠢᠨ ᠵᠠᠬ᠎ᠠ ᠳᠡᠯᠭᠡᠭᠦᠷ ᠲᠤ ᠣᠷᠣᠪᠠᠯ᠂ ᠣᠷᠣᠨ ᠪᠦᠰᠡ ᠶᠢᠨ ᠠᠵᠤ ᠠᠬᠤᠶ | ᠰᠠᠶ᠋ᠢ ᠡᠷᠡᠭᠦᠯ ᠪᠥᠭᠡᠳ ᠲᠦᠷᠭᠡᠨ ᠬᠥᠭᠵᠢᠯᠲᠡ ᠶᠢᠨ ᠰᠠᠶᠢᠨ ᠪᠠᠶᠢᠳᠠᠯ ᠢᠶᠠᠨ ᠪᠠᠲᠤᠯᠠᠵᠤ ᠴᠢᠳᠠᠨ᠎ᠠ᠃ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠬᠤ ᠲᠠᠯ᠎ᠠ ᠪᠠᠷ᠂ ᠳ᠋ᠦᠩ ᠾᠧ ᠲᠣᠭᠤᠷᠢᠭ ᠤᠨ ᠬᠢᠨ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠬᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠠᠵᠤ ᠠᠬᠤᠶ ᠶᠢᠨ ᠵᠥᠪᠯᠡᠭᠴᠢ ᠶᠢᠨ ᠳᠤᠭᠤᠶᠢᠯᠠᠩ ᠢ ᠵᠣᠬᠢᠶᠠᠨ | ᠪᠠᠶᠢᠭᠤᠯᠵᠤ᠂ ᠠᠵᠤ ᠠᠬᠤᠶᠢᠯᠠᠯ ᠤᠨ ᠣᠳᠣᠬᠢ ᠪᠠᠶᠢᠳᠠᠯ ᠤᠨ ᠢᠷᠡᠭᠡᠳᠦᠶ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ | ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠳ᠋ᠦᠩ ᠾᠧ ᠲᠣᠭᠤᠷᠢᠭ ᠤᠨ ᠠᠵᠢᠯᠯᠠᠬᠤ | ᠥᠷᠲᠡᠭᠡ ᠳᠤ ᠲᠦᠰᠢᠭᠯᠡᠨ᠂ ᠲᠤᠰᠬᠠᠶ ᠪᠠᠶᠢᠭᠤᠯᠤᠮᠵᠢ ᠶᠢ ᠤᠷᠢᠵᠤ ᠠᠵᠤ ᠠᠬᠤᠶᠢᠯᠠᠯ ᠳᠤ ᠠᠳᠠᠯ ᠦᠶ᠋ᠯᠡᠰ | ᠴᠣᠭᠴᠠᠯᠠᠬᠤ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ | ᠫᠠᠶᠢᠰᠠ ᠡᠯᠭᠦᠨ ᠪᠠᠯᠠ ᠲᠣᠬᠢᠷᠠᠭᠤᠯᠬᠤ ᠶᠢ ᠢᠳᠡᠪᠬᠢᠲᠡᠶ ᠡᠭᠦᠨ ᠤ ᠬᠠᠮᠲᠤ ᠭᠤᠤᠯᠳᠠᠯᠭ᠎ᠠ ᠲᠠᠢ ᠠᠵᠤ ᠠᠬᠤᠶᠢᠯᠠᠯ ᠳᠤ | ᠴᠢᠭᠯᠡᠭᠦᠯᠦᠨ ᠰᠤᠷᠪᠤᠯᠵᠢᠯᠠᠵᠤ᠂ ᠠᠵᠢᠯ ᠲᠥᠷᠥᠯ ᠤᠨ ᠲᠥᠷᠥᠯ ᠢᠯᠭᠠᠯ ᠢᠶᠠᠷ ᠠᠵᠢᠯ ᠲᠥᠷᠥᠯ ᠤᠨ ᠨᠡᠶᠢᠭᠡᠮᠯᠢᠭ | ᠪᠠᠶᠢᠭᠤᠯᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠰᠠᠭᠤᠭ᠎ᠠ ᠭᠠᠵᠠᠷ ᠤᠨ ᠠᠵᠤ ᠠᠬᠤᠶᠢᠯᠠᠯ ᠬᠢᠭᠡᠳ | ᠲᠣᠰ ᠭᠠᠵᠠᠷ ᠣᠷᠣᠨ ᠤ ᠠᠵᠤ ᠠᠬᠤᠶᠢᠯᠠᠯ ᠤᠨ ᠡᠬᠢ ᠪᠠᠶᠠᠯᠢᠭ᠂ ᠬᠥᠷᠥᠩᠭᠡ ᠪᠠ ᠲᠤᠬᠠᠶᠢᠯᠠᠭᠰᠠᠨ ᠠᠵᠢᠯ ᠤᠨ | ᠲᠠᠯ᠎ᠠ ᠪᠠᠷ ᠬᠢ ᠰᠣᠯᠢᠯᠴᠠᠭ᠎ᠠ ᠬᠠᠮᠲᠤᠷᠠᠯᠴᠠᠭ᠎ᠠ᠂ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | | | ᠢ ᠾᠧ ᠬᠥᠩᠭᠡᠨ ᠴᠠᠭᠠᠨ ᠤ ᠦᠢᠯᠡᠰ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ | ᠣᠲᠣ ᠪᠣᠯᠲᠠᠯ᠎ᠠ᠂ ᠨᠡᠶᠢᠲᠡ 100 ᠭᠠᠷᠤᠶ ᠠᠵᠤ ᠠᠬᠤᠶᠢᠯᠠᠯ ᠤᠨ ᠣᠯᠠᠨ ᠲᠠᠰ ᠳᠠᠪᠬᠤᠷᠭ᠎ᠠ ᠶᠢᠨ | ᠬᠥᠷᠥᠩᠭᠡ ᠶᠢᠨ ᠵᠠᠬ᠎ᠠ ᠳᠡᠯᠭᠡᠭᠦᠷ ᠲᠤ ᠭᠠᠷᠬᠤ ᠶᠢ ᠳᠥᠯᠭᠢᠨ ᠠᠬᠢᠭᠤᠯᠵᠤ᠂ ᠡᠭᠦᠨ ᠳᠤ ᠰᠢᠨ᠎ᠡ ᠭᠤᠷᠪᠠᠳᠤᠭᠠᠷ | ᠰᠠᠮᠪᠠᠷ᠎ᠠ ᠶᠢᠨ ᠫᠠᠶᠢᠰᠠ ᠡᠯᠭᠦᠭᠰᠡᠨ ᠨᠢ 2᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ | ᠲᠥᠪ ᠤᠨ ᠦᠵᠡᠭᠦᠯᠦᠯᠭᠡ ᠶᠢᠨ ᠰᠠᠮᠪᠠᠷ᠎ᠠ 76᠂ ᠪᠠᠯᠠ ᠲᠣᠬᠢᠷᠠᠭᠤᠯᠭ᠎ᠠ ᠶᠢᠨ ᠰᠠᠮᠪᠠᠷ᠎ᠠ 2᠂ ᠴᠢᠩ ᠴᠤᠸᠠᠩ | ᠰᠠᠮᠪᠠᠷ᠎ᠠ 4᠂ ᠰᠢᠨᠵᠢᠯᠡᠬᠦ ᠤᠬᠠᠭᠠᠨ ᠤ ᠡᠭᠦᠳᠦᠯᠲᠡ ᠶᠢᠨ ᠰᠠᠮᠪᠠᠷ᠎ᠠ 2᠂ ᠴᠢᠶᠠᠨ ᠬᠠᠶ ᠰᠲ᠋ᠣᠺ ᠤᠨ ᠡᠷᠬᠡ ᠶᠢᠨ | ᠠᠷᠠᠯᠵᠢᠶᠠᠨ ᠤ ᠲᠥᠪ 14 ᠪᠣᠶ᠃ ᠡᠭᠦᠨ ᠤ ᠬᠠᠮᠲᠤ ᠪᠸᠢ ᠴᠧᠨ ᠤ ᠲᠡᠵᠢᠭᠡᠯ ᠪᠣᠷᠳᠤᠭ᠎ᠠ ᠶᠢ ᠱᠧᠨᠵᠧᠨ ᠤ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠭᠤᠤᠯ ᠰᠠᠮᠪᠠᠷ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠶᠡᠭᠡ ᠪᠠᠷ | ᠳᠥᠯᠭᠢᠨ ᠠᠬᠢᠭᠤᠯᠵᠤ᠂ ᠣᠲᠣ ᠠᠵᠤ ᠠᠬᠤᠶᠢᠯᠠᠯ ᠨᠢᠭᠡᠨᠲᠡ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ | ᠵᠢᠯᠣᠭᠤᠳᠬᠤ ᠬᠤᠭᠤᠴᠠᠭᠠᠨ ᠳᠤ ᠣᠷᠣᠵᠤ᠂ ᠣᠲᠣ ᠶᠠᠭ 100 ᠲᠦᠮᠡᠨ ᠲᠥᠭᠦᠷᠢᠭ ᠤᠨ ᠨᠥᠬᠦᠪᠥᠷᠢ ᠮᠥᠩᠭᠦ | ᠭᠤᠶᠤᠴᠢᠯᠠᠵᠤ ᠪᠠᠶᠢᠨ᠎ᠠ᠃ | ᠵᠢᠯ ᠤᠨ ᠡᠴᠦᠰ ᠵᠢᠯ ᠤᠨ ᠡᠬᠢ ᠪᠠᠷ᠂ ᠶᠠᠭ ᠰᠠᠶᠢᠬᠠᠨ ᠠᠵᠠ ᠲᠣᠬᠢᠶᠠᠯ ᠢ ᠠᠮᠵᠢᠵᠤ᠂ ᠲᠥᠯᠥᠪᠵᠢᠭᠦᠯᠦᠨ | ᠪᠠᠶᠢᠷᠢᠯᠠᠭᠤᠯᠬᠤ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠳ᠋ᠦᠩ ᠡᡁᠧ ᠲᠣᠭᠤᠷᠢᠭ ᠤᠨ ᠬᠢᠨ ᠬᠦᠴᠦᠲᠡᠢ ᠠᠷᠭ᠎ᠠ | ᠬᠡᠮᠵᠢ᠊ ᠡᠶ᠎ᠡ ᠠᠪᠴᠤ᠂ ᠨᠡᠩ ᠣᠨᠣᠪᠴᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠪᠣᠳᠠᠲᠤ ᠴᠣᠭᠴᠠ ᠶᠢᠨ | ᠠᠵᠤ ᠠᠬᠤᠢ ᠶᠢᠨ ᠥᠷᠨᠢᠩᠭᠦᠢ ᠬᠥᠭᠵᠢᠯᠲᠡ ᠳᠤ ᠬᠦᠴᠦ ᠨᠡᠮᠡᠷᠢᠯᠡᠬᠦ ᠪᠠᠷ ᠪᠠᠶᠢᠨ᠎ᠠ᠃ | | | | | | |