︽ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠳᠤ ᠰᠡᠳᠬᠢᠯ ᠬᠠᠨᠤᠮᠵᠢᠲᠠᠢ ᠪᠠᠶᠢᠬᠤ ᠶᠢ ᠪᠠᠲᠤᠯᠠᠨ᠎ᠠ︾ ᠳ᠋ᠦᠩ ᠾᠧ ᠲᠣᠭᠤᠷᠢᠭ᠄ ︽ᠳᠥᠭᠦᠮᠴᠢᠯᠡᠬᠦ︾ ᠨᠢ ᠬᠥᠳᠡᠯᠭᠡᠬᠦ ᠬᠦᠴᠦᠨ ᠢ ᠪᠠᠳᠠᠷᠠᠭᠤᠯᠵᠤ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2022/1/4
     ᠬᠢᠨᠠᠨ ᠵᠥᠪᠰᠢᠶᠡᠷᠡᠬᠦ ᠳᠡᠰ ᠳᠠᠷᠠᠭ᠎ᠠ ᠶᠢ ᠳᠥᠭᠦᠮᠴᠢᠯᠡᠵᠦ᠂ ︽ᠪᠠᠩᠬᠢ ᠭᠠᠶᠢᠯᠢ ᠶᠢᠨ ᠬᠠᠷᠢᠯᠴᠠᠨ ᠦᠢᠯᠡᠳᠦᠯᠴᠡᠬᠦ︾ ᠶᠢ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠪᠠ ᠁ ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠴᠢᠨᠠᠷ ᠰᠠᠶᠢᠲᠠᠶ ᠪᠦᠲᠦᠭᠡᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠪᠦᠬᠦᠢ ᠪᠤᠭᠤᠲᠤ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠤ ᠠᠮᠢᠵᠢᠷᠠᠯ ᠤᠨ ᠬᠦᠴᠦᠨ ᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠲᠦᠷᠭᠡᠨ ᠠᠷᠢᠯᠭᠠᠵᠤ᠂ 365 ᠡᠳᠦᠷ ᠤᠨ ︽ᠡᠭᠦᠳᠡ ᠪᠠᠨ ᠬᠠᠭᠠᠬᠤ ᠥᠬᠡᠶ︾ ᠦᠶ᠋ᠯᠡᠴᠢᠯᠡᠭᠡ᠂ ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ᠂ ᠭᠠᠶᠢᠯᠢ ᠶᠢ ᠬᠥᠩᠭᠡᠯᠡᠵᠦ ᠰᠦᠶ᠋ᠳᠬᠡᠯ ᠢ ᠪᠠᠭᠤᠷᠠᠭᠤᠯᠬᠤ ᠵᠡᠷᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ‍ ᠨᠢᠭᠡ ᠪᠦᠯᠦᠭ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ︽ᠭᠠᠵᠠᠷ ᠪᠣᠯᠭᠠᠨ ᠳᠤ ᠴᠥᠮ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠᠶᠢᠵᠤ᠂ ᠬᠥᠮᠦᠨ ᠪᠦᠬᠦᠨ ᠴᠥᠮ ᠳᠦᠷᠢ ᠲᠥᠷᠬᠦ ᠶᠢᠨ ᠡᠯᠴᠢ ᠪᠣᠯᠬᠤ︾ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠬᠠᠳᠠᠩᠰᠢᠵᠤ᠂ ᠬᠢᠨᠠᠨ ᠵᠥᠪᠰᠢᠶᠡᠷᠡᠬᠦ ᠵᠦᠶ᠋ᠯᠡᠰ ᠬᠠᠮᠤᠭ ᠤᠨ ᠴᠥᠭᠡᠨ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠬᠠᠮᠤᠭ ᠤᠨ ᠰᠢᠯᠢᠳᠡᠭ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢᠶᠠᠷ ᠬᠠᠮᠤᠭ ᠤᠨ ᠴᠢᠩᠭ᠎ᠠ ︽ᠳᠥᠷᠪᠡᠨ ᠬᠠᠮᠤᠭ ᠤᠨ︾ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠶᠠᠭ ᠪᠦᠷᠢᠯᠳᠦᠵᠦ ᠪᠠᠶᠢᠨ᠎ᠠ᠃      ᠡᠨᠡ ᠵᠢᠯ ᠠᠴᠠ ᠨᠠᠰᠢ᠂ ᠪᠥᠬᠦ ᠣᠷᠣᠨ ᠳᠤ ᠰᠢᠨ᠎ᠡ ᠪᠠᠷ ᠳᠠᠩᠰᠠᠯᠠᠭᠤᠯᠤᠭᠰᠠᠨ ᠡᠯ᠎ᠡ ᠲᠥᠷᠥᠯ ᠤᠨ ᠠᠵᠤ ᠠᠬᠤᠶᠢᠯᠠᠯ 1473 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 27.86% ᠨᠡᠮᠡᠭᠳᠡᠪᠡ︔ ᠰᠢᠨ᠎ᠡ ᠪᠠᠷ ᠳᠠᠩᠰᠠᠯᠠᠭᠤᠯᠤᠭᠰᠠᠨ ᠬᠤᠪᠢ ᠶᠢᠨ ᠦᠶ᠋ᠯᠡᠳᠪᠦᠷᠢ ᠬᠤᠳᠠᠯᠳᠤᠭᠠᠨ ᠤ ᠡᠷᠦᠬᠡ 4848 ᠪᠣᠯᠵᠣ᠂ ᠠᠳᠠᠯᠢ ᠬᠤᠭᠤᠴᠠᠭᠠᠨ ᠤ ᠬᠢ ᠠᠴᠠ 33.89% ᠪᠠᠷ ᠨᠡᠮᠡᠭᠳᠡᠪᠡ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠦᠬᠦ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠪᠦᠲᠦᠴᠡ ᠰᠢᠯᠢᠳᠡᠭᠵᠢᠬᠦ ᠬᠠᠨᠳᠤᠰᠢ ᠲᠠᠢ ᠪᠣᠯᠪᠠ᠃ ᠡᠨᠡ ᠪᠣᠯ ᠳ᠋ᠦᠩ ᠾᠧ ᠲᠣᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ ᠪᠠᠶᠢᠬᠤ ᠶᠢᠨ ᠭᠡᠷᠡᠴᠢ ᠪᠣᠯᠤᠨ᠎ᠠ᠃
ᠡᠵᠡᠩᠨᠡᠯᠲᠡ ᠶᠢᠨ ᠦᠨᠡᠮᠯᠡᠯ ᠠᠪᠬᠤ      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ᠂ ᠠᠵᠤ ᠠᠬᠤᠶᠢᠯᠠᠯ ᠳᠤ ᠬᠠᠮᠤᠭ ᠤᠨ ᠲᠦᠭᠦᠮ ᠪᠠᠶᠢᠬᠤ ᠶᠢ ᠮᠡᠳᠡᠷᠡᠭᠦᠯᠬᠦ ᠬᠡᠷᠡᠭᠲᠡᠢ᠃ ᠰᠢᠨ᠎ᠡ ᠪᠠᠷ ᠳᠠᠩᠰᠠᠯᠠᠭᠤᠯᠤᠭᠰᠠᠨ ᠲᠣᠰ ᠭᠠᠵᠠᠷ ᠣᠷᠣᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠢᠨ᠎ᠡ ᠪᠠᠷ ᠳᠠᠩᠰᠠᠯᠠᠭᠤᠯᠤᠭᠰᠠᠨ ᠬᠠᠷᠠᠭᠠᠨ ᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠨᠢ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠴᠢ ᠶᠢᠨ ᠨᠢᠭᠡ ᠪᠣᠯᠵᠠᠶ᠃ ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ︽ᠳ᠋ᠦᠩ ᠾᠧ ᠲᠣᠭᠤᠷᠢᠭ ᠤᠨ ᠡᠵᠡᠩᠨᠡᠯᠲᠡ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ ︿ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠰᠦᠯᠵᠢᠶᠡᠨ ᠤ ᠠᠯᠪᠠᠨ ᠬᠡᠷ﹀ ᠵᠡᠷᠭᠡ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠨᠢ ᠠᠵᠤ ᠠᠬᠤᠶᠢᠯᠠᠯ ᠤᠨ ᠠᠵᠢᠯ ᠶᠠᠪᠤᠳᠠᠯ ᠭᠦᠶ᠋ᠴᠡᠳᠬᠡᠬᠦ ᠳᠤ ᠨᠠᠩ ᠲᠥᠬᠦᠮ ᠪᠣᠯᠭᠠᠵᠤ᠂ ᠣᠲᠣ ᠬᠠᠭᠠᠰ ᠴᠠᠭ ᠪᠣᠯᠤᠯ ᠥᠬᠡᠶ ᠪᠠᠷ ᠡᠵᠡᠩᠨᠡᠯᠲᠡ ᠶᠢᠨ ᠦᠨᠡᠮᠯᠡᠯ ᠢ ᠣᠯᠵᠤ ᠳᠡᠶᠢᠯᠬᠦ ᠪᠣᠯᠵᠠᠶ᠂ ᠡᠨᠡ ᠨᠢ ᠦᠨᠡᠬᠡᠷ ᠥᠨᠳᠥᠷ ᠪᠦᠲᠦᠮᠵᠢᠲᠡᠶ ᠪᠠᠶᠢᠨ᠎ᠠ︾ ᠭᠡᠵᠡᠶ᠃
ᠥᠪᠡᠷ ᠢᠶᠠᠨ ᠦᠢᠯᠡᠴᠢᠯᠡᠬᠦ ᠲᠠᠪᠴᠠᠩ      ᠣᠶᠢᠯᠠᠭᠠᠭᠰᠠᠨ ᠢᠶᠠᠷ᠂ ᠳ᠋ᠦᠩ ᠾᠧ ᠲᠣᠭᠤᠷᠢᠭ ᠤᠨ ᠬᠢᠨ ᠠᠵᠤ ᠠᠬᠤᠶᠢᠯᠠᠯ ᠤᠨ ᠪᠥᠬᠦ ᠶᠠᠪᠤᠴᠠ ᠶᠢᠨ ᠡᠯᠤᠺᠲᠷᠤᠨᠴᠢᠯᠡᠭᠰᠡᠨ ᠳᠡᠩᠰᠡᠯᠡᠯᠲᠡ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠪᠥᠬᠦ ᠶᠠᠪᠤᠴᠠ ᠶᠢ ᠨᠢᠭᠡ ᠥᠷᠲᠡᠭᠡ ᠳᠤ ᠭᠦᠶ᠋ᠴᠡᠳᠬᠡᠵᠦ ᠳᠠᠭᠤᠰᠬᠠᠬᠤ᠂ ︽ᠳᠤᠲᠠᠭᠤ ᠶᠢ ᠭᠥᠯᠢᠶᠡᠨ ᠠᠪᠴᠤ ᠰᠢᠶ᠋ᠳᠪᠦᠷᠢᠯᠡᠬᠦ︾ ︽ᠵᠢᠷᠭᠤᠭ᠎ᠠ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠵᠡᠷᠭᠡ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠵᠦ᠂ ᠭᠤᠶᠤᠴᠢᠯᠠᠭᠰᠠᠨ ᠵᠢᠷᠭᠤᠭᠠᠨ ᠲᠥᠷᠥᠯ ᠤᠨ ᠦᠶ᠋ᠯᠡᠴᠢᠯᠡᠭᠡᠨ ᠤ ᠵᠦᠶ᠋ᠯᠡᠰ ᠤᠨ ᠬᠠᠷᠢᠴᠠᠯ ᠨᠢ 82.81% ᠪᠠᠶᠢᠵᠤ᠂ ᠠᠮᠠᠯᠠᠯᠲᠠ ᠶᠢᠨ ᠴᠠᠭ ᠤᠨ ᠬᠢᠵᠠᠭᠠᠷ ᠢ ᠦᠨᠳᠦᠰᠦᠯᠡᠨ ᠬᠠᠷᠢᠴᠠᠯ ᠨᠢ 74.29% ᠳᠤ ᠬᠦᠷᠴᠦ᠂ ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠳᠤ ᠬᠥᠷᠬᠦ ᠪᠠ ᠰᠦᠯᠵᠢᠶᠡᠨ ᠳᠡᠭᠡᠷ᠎ᠡ ᠭᠦᠶ᠋ᠴᠡᠳᠬᠡᠬᠦ ᠵᠦᠶ᠋ᠯᠡᠰ ᠤᠨ ᠡᠵᠡᠯᠡᠬᠦ ᠬᠠᠷᠢᠴᠠᠯ ᠢ ᠦᠨᠳᠦᠰᠦᠨ ᠳᠡᠭᠡᠨ 100% ᠳᠤ ᠬᠥᠷᠪᠡ᠃
ᠠᠵᠤ ᠠᠬᠤᠶᠢᠯᠠᠯ ᠤᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠶᠢ ᠵᠢᠯᠣᠭᠤᠳᠬᠤ      ᠳ᠋ᠦᠩ ᠾᠧ ᠲᠣᠭᠤᠷᠢᠭ ᠤᠨ ᠬᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠢᠲᠡᠭᠡᠮᠵᠢ ᠶᠢᠨ ᠬᠤᠯᠪᠣᠭᠠᠯᠠᠨ ᠱᠠᠩᠨᠠᠵᠤ ᠲᠣᠷᠭᠠᠬᠤ᠂ ᠤᠯᠠᠭᠠᠨ ᠬᠠᠷ᠎ᠠ ᠳᠠᠩᠰᠠ ᠶᠢᠨ ᠬᠠᠮᠢᠶᠠᠷᠤᠯᠲᠠ ᠵᠡᠷᠭᠡ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠶᠢ ᠵᠣᠯᠭᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠵᠤ ᠠᠬᠤᠶᠢᠯᠠᠯ ᠤᠨ ︽ᠭᠠᠶᠢᠯᠢ ᠲᠤᠰᠢᠶᠠᠬᠤ ᠢᠲᠡᠭᠡᠮᠵᠢ︾ ᠶᠢ ︽ᠪᠡᠯᠡ ᠮᠥᠩᠭᠦ ᠴᠤᠭᠯᠠᠭᠤᠯᠬᠤ ᠢᠲᠡᠭᠡᠮᠵᠢ︾ ᠪᠣᠯᠭᠠᠨ ᠬᠤᠪᠢᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ︽ᠪᠡᠯᠡ ᠮᠥᠩᠭᠦ ᠴᠤᠭᠯᠠᠭᠤᠯᠬᠤ ᠳᠤ ᠬᠦᠴᠢᠷᠲᠡᠢ᠂ ᠪᠡᠯᠡ ᠮᠥᠩᠭᠦ ᠴᠤᠭᠯᠠᠭᠤᠯᠬᠤ ᠳᠤ ᠦᠨᠡᠲᠡᠢ︾ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ︽ᠨᠢᠭᠡ ᠲᠠᠯ᠎ᠠ ᠪᠠᠷ᠂ ᠪᠢᠳᠡ ᠭᠠᠶᠢᠯᠢ ᠭᠦᠶ᠋ᠴᠡᠳᠬᠡᠬᠦ ᠦᠶ᠋ᠯᠡᠴᠢᠯᠡᠭᠡᠨ ᠤ ᠲᠢᠩᠬᠢᠮ ᠂ ᠸᠢᠴᠠᠲ ᠤᠨ ᠠᠵᠢᠯ ᠤᠨ ᠪᠦᠯᠦᠭ᠂ ᠡᠭᠦᠯᠡᠨ MAS ᠣᠬᠤᠷ ᠮᠡᠳᠡᠭᠡ ᠵᠡᠷᠭᠡ ᠣᠯᠠᠨ ᠵᠦᠶ᠋ᠯ ᠤᠨ ᠠᠷᠭ᠎ᠠ ᠵᠠᠮ ᠢᠶᠠᠷ ᠳᠠᠮᠵᠢᠭᠤᠯᠤᠨ᠂ ᠭᠠᠶᠢᠯᠢ ᠲᠤᠰᠢᠶᠠᠬᠤ ᠠᠵᠤ ᠠᠬᠤᠶᠢᠯᠠᠯ ᠤᠨ ᠬᠠᠤᠯᠢ ᠶᠣᠰᠣᠭᠠᠷ ᠭᠠᠶᠢᠯᠢ ᠲᠤᠰᠢᠶᠠᠬᠤ ᠤᠬᠠᠮᠰᠠᠷ ᠢ ᠳᠡᠭᠡᠭᠰᠢᠯᠡᠭᠦᠯᠪᠡ᠃ ᠨᠥᠭᠦᠭᠡ ᠲᠠᠯ᠎ᠠ ᠪᠠᠷ᠂ ᠪᠢᠳᠡ ᠭᠠᠶᠢᠯᠢ ᠲᠤᠰᠢᠶᠠᠬᠤ ᠢᠲᠡᠭᠡᠮᠵᠢ ᠶᠢᠨ ᠲᠠᠰ ᠤᠨ ᠨᠡᠶᠢᠭᠡᠮᠴᠢᠯᠡᠭᠰᠡᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠵᠢᠯ ᠪᠦᠷᠢ ᠨᠡᠶᠢᠭᠡᠮ ᠳᠤ ᠣᠨ ᠤ A ᠲᠠᠰ ᠤᠨ ᠭᠠᠶᠢᠯᠢ ᠲᠤᠰᠢᠶᠠᠭᠴᠢ ᠶᠢᠨ ᠨᠡᠷᠡᠰ ᠢ ᠵᠠᠷᠯᠠᠨ ᠨᠡᠶᠢᠲᠡᠯᠡᠵᠦ᠂ 3 ᠵᠢᠯ ᠳᠠᠷᠠᠭᠠᠯᠠᠨ A ᠲᠠᠰ ᠤᠨ ᠢᠲᠡᠭᠡᠮᠵᠢ ᠶᠢᠨ ᠲᠠᠰ ᠢᠶᠠᠷ ᠦᠨᠡᠯᠡᠭᠳᠡᠭᠰᠡᠨ ᠭᠠᠶᠢᠯᠢ ᠲᠤᠰᠢᠶᠠᠭᠴᠢ ᠳᠤ ᠰᠠᠭᠠᠳ ᠥᠬᠡᠶ ᠨᠡᠪᠲᠡᠷᠡᠬᠦ ᠵᠠᠮ ᠤᠨ ᠦᠶ᠋ᠯᠡᠴᠢᠯᠡᠭᠡ ᠬᠠᠩᠭᠠᠵᠤ᠂ ᠦᠨᠡᠨᠴᠢ ᠢᠲᠡᠭᠡᠮᠵᠢᠲᠡᠶ ᠬᠡᠷᠡᠭᠯᠡᠭᠡ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠎ᠠ︾ ᠭᠡᠵᠦ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠪᠡ᠃
ᠭᠠᠶᠢᠯᠢ ᠶᠢᠨ ᠬᠠᠤᠯᠢ ᠶᠢᠨ ᠮᠡᠳᠡᠯᠭᠡ ᠶᠢ ᠤᠬᠠᠭᠤᠯᠬᠤ      ᠡᠨᠡᠬᠦ ᠰᠠᠭᠤᠷᠢᠨ ᠳᠡᠭᠡᠷ᠎ᠡ᠂ ᠳ᠋ᠦᠩ ᠡᡁᠧ ᠲᠣᠭᠤᠷᠢᠭ ᠤᠨ ᠬᠢᠨ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠳᠡᠪᠬᠢᠲᠡᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ︽ᠦᠨᠡᠨ ᠠᠯᠳᠠ ᠮᠥᠩᠭᠦ︾ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢ᠊ ᠡᠶ᠎ᠡ ᠪᠠᠷ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠵᠡᠢ᠃ ᠣᠲᠣ ᠪᠣᠯᠲᠠᠯ᠎ᠠ᠂ ᠤᠷᠢᠳ ᠬᠤᠵᠢᠳ ᠺᠠᠶᠢᠫᠰᠤᠨ ᠡᠯᠧᠺᠲᠷᠣᠨ ᠪᠣᠯᠤᠨ ᠪᠸᠢ ᠴᠧᠨ ᠳᠤ ᠮᠡᠷᠭᠡᠵᠢᠯ ᠤᠨ ᠥᠭᠡᠷᠡᠴᠢᠯᠡᠯᠲᠡ ᠬᠢᠵᠦ᠂ ︽ᠲᠤᠰᠬᠠᠶ ᠨᠠᠷᠢᠯᠢᠭ ᠣᠨᠴᠠ ᠰᠢᠨ᠎ᠡ︾ ᠵᠢᠱᠢᠶ᠎ᠡ ᠦᠵᠡᠭᠦᠯᠬᠦ ᠲᠥᠷᠥᠯ ᠵᠦᠶ᠋ᠯ᠂ ᠨᠠᠷᠢᠨ ᠬᠤᠪᠢᠶᠠᠭᠰᠠᠨ ᠬᠦᠷᠢᠶᠡᠨ ᠳᠠᠬᠢ ︽ᠵᠢᠵᠢᠭ ᠠᠪᠤᠷᠭᠤ ᠬᠥᠮᠦᠨ︾ ᠠᠵᠤ ᠠᠬᠤᠶᠢᠯᠠᠯ ᠤᠨ ᠲᠤᠰᠬᠠᠶ ᠪᠠᠯᠠ ᠮᠥᠩᠭᠦ ᠨᠡᠶᠢᠲᠡ 479 ᠲᠦᠮᠡᠨ ᠲᠥᠭᠦᠷᠢᠭ ᠬᠦᠷᠴᠦ᠂ ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠲᠠᠲᠠᠪᠤᠷᠢ ᠶᠢ ᠨᠡᠮᠡᠨ ᠪᠤᠳᠤᠵᠤ ᠰᠠᠭᠤᠯᠭᠠᠨ ᠠᠪᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      ᠣᠳᠣᠬᠠᠨ ᠳᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠠᠯᠬᠤᠮ ᠠᠯᠬᠤᠮ ᠢᠶᠠᠷ ᠬᠥᠭᠵᠢᠯᠲᠡ ᠶᠢᠨ ︽ᠬᠦᠴᠦᠷᠬᠡᠭ ᠰᠣᠷᠢᠨᠵᠢᠨ ᠣᠷᠣᠨ︾ ᠢ ᠪᠦᠷᠢᠯᠳᠦᠭᠦᠯᠵᠦ᠂ 191 ᠨᠡᠷᠡᠳᠦ ᠠᠵᠤ ᠠᠬᠤᠶᠢᠯᠠᠯ ᠤᠨ ᠠᠩᠬᠠᠷᠤᠯ ᠢ ᠲᠠᠲᠠᠵᠤ᠂ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ ᠪᠠᠶᠢᠨ᠎ᠠ᠃ ᠡᠨᠡ ᠵᠢᠯ ᠨᠡᠶᠢᠲᠡ 367 ᠠᠵᠤ ᠠᠬᠤᠶᠢᠯᠠᠯ ᠲᠠᠢ ᠵᠣᠯᠭᠠᠭᠤᠯᠵᠤ᠂ 91 ᠲᠥᠷᠥᠯ ᠵᠦᠶ᠋ᠯ ᠳᠤ ᠭᠡᠷ᠎ᠡ ᠲᠣᠭᠲᠠᠵᠤ᠂ ᠠᠳᠠᠯᠢ ᠬᠤᠭᠤᠴᠠᠭᠠᠨ ᠤ ᠬᠢ ᠠᠴᠠ 264% ᠪᠠᠷ ᠨᠡᠮᠡᠭᠳᠡᠪᠡ᠃                    
 
ᠢᠷᠡᠯᠲᠡ᠄ ᠥᠨᠥᠳᠦᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1