ᠬᠤᠶᠠᠷ ᠢ ᠤᠬᠤᠷᠢᠭᠤᠯᠵᠤ ᠨᠢᠭᠡ ᠶᠢ ᠤᠷᠤᠭᠰᠢᠯᠠᠭᠤᠯᠵᠤ᠂ ᠪᠠᠶᠢᠷᠢᠰᠢᠯ ᠰᠢᠨ᠎ᠡ ᠪᠠᠶᠢᠳᠠᠯ ᠲᠠᠢ ᠪᠣᠯᠪᠠ | ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ | ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ︵2021 ᠣᠨ ᠤ ᠬᠡᠪᠯᠡᠯ︶︾ ︵ᠳᠣᠷᠣᠭᠰᠢ ︽ | ᠭᠠᠷᠴᠠᠭ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ 2017 ᠣᠨ ᠤ ᠬᠡᠪᠯᠡᠯ ᠤᠨ ︽ᠭᠠᠷᠴᠠᠭ︾ ᠲᠠᠢ | ᠬᠠᠷᠢᠴᠠᠭᠤᠯᠪᠠᠯ᠂ ᠤᠷ᠎ᠠ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠳᠤ ︽ᠬᠤᠶᠠᠷ ᠢ | ᠤᠬᠤᠷᠢᠭᠤᠯᠵᠤ ᠨᠢᠭᠡ ᠶᠢ ᠠᠬᠢᠭᠤᠯᠬᠤ︾ ᠰᠢᠨ᠎ᠡ ᠪᠠᠶᠢᠷᠢᠰᠢᠯ ᠢᠯᠡᠷᠡᠪᠡ᠄ ᠨᠢᠭᠡ ᠳᠤ ᠬᠢᠷᠢ ᠲᠦᠪᠰᠢᠨ ᠤ | ᠦᠨᠡᠯᠡᠯᠲᠡ ᠶᠢᠨ ᠲᠥᠷᠥᠯ ᠤᠨ ᠤᠷ᠎ᠠ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠢ ᠪᠦᠬᠦᠨ ᠢ | ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠠᠴᠠ ᠭᠠᠷᠭᠠᠨ᠎ᠠ︔ ᠬᠤᠶᠠᠷ ᠲᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠤᠷ᠎ᠠ ᠴᠢᠳᠠᠪᠤᠷᠢ ᠲᠠᠢ | ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠠᠴᠠ ᠤᠬᠤᠷᠢᠨ ᠭᠤᠷᠪᠠ ᠳᠤ ᠠᠵᠢᠯᠲᠠᠨ ᠤ ᠬᠢᠷᠢ ᠬᠡᠮ ᠳᠤ | ᠬᠤᠯᠪᠣᠭᠳᠠᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠢ ᠵᠥᠪᠰᠢᠶᠡᠷᠡᠨ ᠣᠷᠣᠭᠤᠯᠬᠤ ᠲᠥᠷᠥᠯ ᠤᠨ | ᠮᠡᠷᠭᠡᠵᠢᠯ ᠴᠢᠳᠠᠪᠤᠷᠢ ᠲᠠᠢ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠬᠤᠪᠢ ᠪᠠᠷ ︽ᠭᠠᠷᠴᠠᠭ︾ ᠲᠤ | ᠣᠷᠣᠭᠤᠯᠵᠤ᠂ ︽ᠠᠶᠤᠯᠲᠠᠶ ᠡᠳ᠋ ᠪᠠᠷᠠᠭ᠎ᠠ᠂ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠠᠵᠢᠯ ᠡᠷᠬᠢᠯᠡᠭᠰᠡᠳ︾ ︽ | ᠵᠠᠮ ᠲᠡᠭᠡᠭᠡᠪᠦᠷᠢ ᠶᠢᠨ ᠠᠵᠢᠯ ᠡᠷᠬᠢᠯᠡᠭᠰᠡᠳ︾ ︽ᠣᠨᠴᠠ ᠲᠥᠷᠥᠯ ᠤᠨ ᠠᠵᠢᠯ ᠡᠷᠬᠢᠯᠡᠭᠰᠡᠳ︾ ︽ᠪᠠᠷᠢᠯᠭ᠎ᠠ ᠶᠢᠨ | ᠠᠵᠢᠯ ᠬᠢᠬᠦ ᠣᠨᠴᠠ ᠲᠥᠷᠥᠯ ᠤᠨ ᠠᠵᠢᠯ ᠡᠷᠬᠢᠯᠡᠭᠰᠡᠳ︾ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ | ᠠᠮᠤᠷ ᠲᠦᠪᠰᠢᠨ ᠤ ᠬᠠᠮᠢᠶᠠᠷᠤᠯᠲᠠ ᠪᠠ ᠠᠵᠢᠯ ᠡᠷᠬᠢᠯᠡᠭᠰᠡᠳ︾ ᠵᠡᠷᠭᠡ ᠵᠥᠪᠰᠢᠶᠡᠷᠡᠨ ᠣᠷᠣᠭᠤᠯᠬᠤ ᠲᠥᠷᠥᠯ ᠤᠨ | ᠮᠡᠷᠭᠡᠵᠢᠯ ᠴᠢᠳᠠᠪᠤᠷᠢ ᠲᠠᠢ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠢ ᠰᠢᠨ᠎ᠡ ᠪᠠᠷ ᠨᠡᠮᠡᠭᠳᠡᠭᠦᠯᠦᠨ᠎ᠡ᠃ | ︽ᠬᠤᠶᠠᠷ ᠢ ᠪᠤᠴᠠᠭᠠᠬᠤ︾ ᠨᠢ ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠶᠢᠨ ᠡᠷᠡᠭᠦᠯ | ᠮᠡᠨᠳᠦ ᠵᠡᠷᠭᠡ ᠲᠠᠢ ᠨᠢᠭᠲᠠ ᠬᠤᠯᠪᠣᠭ᠎ᠠ ᠲᠠᠢ ᠠᠵᠢᠯ ᠮᠡᠷᠭᠡᠵᠢᠯ ᠤᠨ ᠲᠥᠷᠥᠯ ᠢ ᠬᠠᠤᠯᠢ ᠶᠣᠰᠣᠭᠠᠷ ᠵᠥᠪᠰᠢᠶᠡᠷᠡᠨ | ᠣᠷᠣᠭᠤᠯᠬᠤ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠪᠣᠯᠭᠠᠨ ᠲᠣᠬᠢᠷᠠᠭᠤᠯᠤᠭᠰᠠᠨ ᠠᠴᠠ ᠭᠠᠳᠠᠨ᠎ᠠ᠂ ᠤᠷ᠎ᠠ | ᠴᠢᠳᠠᠪᠤᠷᠢ ᠲᠠᠢ ᠬᠥᠮᠦᠰ ᠤᠨ ᠠᠵᠢᠯ ᠤᠯᠬᠤ ᠪᠠ ᠠᠳᠠᠯ ᠦᠶ᠋ᠯᠡᠰ ᠴᠣᠭᠴᠠᠯᠠᠬᠤ ᠪᠠᠷᠢᠮᠵᠢᠶ᠎ᠠ ᠶᠢ ᠤᠯᠠᠮ ᠨᠢᠭᠡ | ᠠᠯᠬᠤᠮ ᠳᠣᠷᠣᠭᠰᠢᠯᠠᠭᠤᠯᠤᠭᠰᠠᠨ ᠢ ᠬᠠᠷᠠᠭᠤᠯᠵᠤ ᠪᠠᠶᠢᠨ᠎ᠠ︔ ᠡᠨᠡ ᠨᠢ ᠵᠠᠰᠠᠭ ᠤᠨ ᠣᠷᠳᠣᠨ ᠪᠤᠶᠤ ᠲᠡᠭᠦᠨ ᠤ ᠡᠷᠬᠡ | ᠣᠯᠭᠤᠭᠰᠠᠨ ᠨᠢᠭᠡᠴᠡ ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠴᠢᠳᠠᠪᠤᠷᠢᠲᠠᠨ ᠤ ᠠᠵᠢᠯ | ᠮᠡᠷᠭᠡᠵᠢᠯ ᠤᠨ ᠬᠢᠷᠢ ᠬᠡᠮ ᠢ ᠮᠠᠭᠠᠳᠯᠠᠨ ᠲᠣᠭᠲᠠᠭᠠᠵᠤ ᠦᠨᠡᠮᠯᠡᠯ ᠣᠯᠭᠤᠬᠤ ᠪᠣᠳᠠᠲᠠᠶ ᠬᠡᠷᠡᠭᠵᠢᠭᠦᠯᠬᠦ ᠠᠵᠢᠯ ᠳᠤ | ᠳᠠᠭᠢᠵᠤ ᠣᠷᠣᠯᠴᠠᠬᠤ ᠥᠬᠡᠶ ᠪᠣᠯᠤᠭᠰᠠᠨ ᠢ ᠬᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠴᠢᠳᠠᠪᠤᠷᠢᠲᠠᠨ ᠤ ᠦᠨᠡᠯᠡᠯᠲᠡ ᠶᠢᠨ ᠪᠡᠶᠡᠴᠢ ᠴᠣᠭᠴᠠ ᠶᠢᠨ ᠦᠶ᠋ᠯᠡᠳᠦᠯ ᠢ ᠪᠠᠳᠠᠷᠠᠭᠤᠯᠬᠤ ᠪᠣᠯᠤᠨ᠎ᠠ᠃ ︽ | ᠤᠷᠤᠭᠰᠢᠯᠠᠨ ᠳᠠᠪᠰᠢᠬᠤ︾ ᠨᠢ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠠᠮᠤᠷ ᠲᠦᠪᠰᠢᠨ ᠪᠠ ᠬᠥᠮᠦᠨ ᠤ | ᠪᠡᠶ᠎ᠡ ᠶᠢᠨ ᠡᠷᠡᠭᠦᠯ ᠮᠡᠨᠳᠦ ᠶᠢᠨ ᠬᠦᠷᠢᠶᠡᠨ ᠳᠠᠬᠢ ᠴᠢᠬᠤᠯᠠᠴᠢᠯᠠᠭ᠎ᠠ᠂ ᠠᠷᠠᠳ ᠢᠷᠭᠡᠳ ᠤᠨ ᠡᠷᠬᠡ ᠠᠰᠢᠭ ᠤᠨ | ᠬᠠᠮᠠᠭᠠᠯᠠᠯᠲᠠ᠂ ᠣᠯᠠᠨ ᠨᠡᠶᠢᠲᠡ ᠶᠢᠨ ᠡᠮᠬᠢ ᠵᠢᠷᠤᠮ ᠤᠨ ᠬᠠᠮᠠᠭᠠᠯᠠᠯᠲᠠ ᠶᠢ ᠴᠢᠩᠭᠠᠳᠬᠠᠵᠠᠶ᠃ ︽ᠬᠤᠶᠠᠷ ᠢ | ᠤᠬᠤᠷᠢᠭᠤᠯᠵᠤ ᠨᠢᠭᠡ ᠶᠢ ᠤᠷᠤᠭᠰᠢᠯᠠᠭᠤᠯᠬᠤ︾ ᠨᠢ ᠵᠠᠰᠠᠭ ᠤᠨ ᠣᠷᠳᠣᠨ ᠤ ᠬᠠᠮᠢᠶᠠᠷᠤᠯᠲᠠ ᠬᠢᠭᠡᠳ ᠵᠠᠬ᠎ᠠ | ᠳᠡᠯᠭᠡᠭᠦᠷ ᠤᠨ ᠦᠢᠯᠡᠴᠢᠯᠡᠭᠡᠨ ᠤ ᠵᠠᠭᠠᠭ ᠢ ᠲᠣᠳᠣᠷᠬᠠᠶᠢᠯᠠᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ | ᠬᠠᠷᠢᠴᠠᠭ᠎ᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠪᠠ᠃ ᠡᠨᠡᠬᠦ | ᠬᠤᠪᠢᠰᠤᠯᠲᠠ ᠶᠢᠨ ᠠᠷᠭ᠎ᠠ ᠬᠡᠮᠵᠢᠶ᠎ᠡ ᠨᠢ ᠰᠢᠨ᠎ᠡ ᠴᠠᠭ ᠦᠶ᠎ᠡ ᠶᠢᠨ ᠨᠡᠶᠢᠭᠡᠮ ᠤᠨ ᠵᠠᠰᠠᠯᠲᠠ ᠶᠢᠨ ᠲᠣᠭᠲᠠᠴᠠ ᠶᠢ | ᠪᠠᠶᠢᠭᠤᠯᠬᠤ ᠳᠤ ᠴᠢᠬᠤᠯᠠ ᠬᠦᠳᠦᠯᠦᠨ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ | ᠬᠥᠳᠡᠯᠮᠦᠷᠢᠴᠢᠨ ᠤ ᠠᠵᠢᠯ ᠤᠯᠬᠤ ᠪᠠ ᠠᠳᠠᠯ ᠦᠶ᠋ᠯᠡᠰ ᠴᠣᠭᠴᠠᠯᠠᠬᠤ ᠪᠠᠷᠢᠮᠵᠢᠶ᠎ᠠ ᠶᠢ ᠳᠣᠷᠣᠭᠰᠢᠯᠠᠭᠤᠯᠬᠤ ᠨᠢ | ᠬᠥᠳᠡᠯᠮᠦᠷᠢᠴᠢᠨ ᠤ ᠤᠷ᠎ᠠ ᠴᠢᠳᠠᠪᠤᠷᠢ ᠶᠢᠨ ᠱᠠᠭᠠᠷᠳᠠᠯᠭ᠎ᠠ ᠶᠢ ᠪᠠᠭᠤᠷᠠᠭᠤᠯᠬᠤ ᠭᠡᠰᠡᠨ ᠶᠠᠪᠤᠳᠠᠯ ᠪᠢᠰᠢ᠂ ︽ᠭᠠᠷᠴᠠᠭ︾ | ᠠᠴᠠ ᠭᠠᠷᠬᠤ ᠨᠢ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠪᠠᠷᠢᠮᠵᠢᠶ᠎ᠠ ᠪᠠ ᠤᠷ᠎ᠠ ᠴᠢᠳᠠᠪᠤᠷᠢ ᠶᠢᠨ | ᠦᠨᠡᠯᠡᠯᠲᠡ ᠶᠢ ᠬᠦᠴᠦᠨ ᠥᠬᠡᠶ ᠪᠣᠯᠭᠠᠬᠤ ᠭᠡᠰᠡᠨ ᠶᠠᠪᠤᠳᠠᠯ ᠪᠢᠰᠢ ᠶᠤᠮ᠃ ᠮᠡᠷᠭᠡᠵᠢᠯ ᠤᠨ ᠬᠤᠪᠢᠰᠤᠯᠲᠠ ᠶᠢᠨ | ᠥᠷᠨᠢᠯᠲᠡ ᠪᠣᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠨᠢ ᠶᠠᠭ ᠨᠢᠭᠡᠨ ᠰᠠᠯᠠᠭ᠎ᠠ ᠨᠡᠩ ᠥᠨᠳᠥᠷ ᠬᠡᠪ | ᠪᠣᠯᠪᠠᠰᠤᠷᠠᠯ ᠲᠠᠢ ᠬᠥᠳᠡᠯᠮᠦᠷᠢᠴᠢᠨ ᠤ ᠡᠩᠨᠡᠭᠡ᠂ ᠣᠨᠴᠠᠭᠠᠶᠢᠯᠠᠨ ᠮᠡᠳᠡᠯᠭᠡ ᠶᠢᠨ ᠬᠡᠯᠪᠡᠷᠢ ᠶᠢᠨ᠂ ᠬᠠᠮ ᠬᠡᠯᠪᠡᠷᠢ ᠶᠢᠨ᠂ | ᠰᠢᠨ᠎ᠡ ᠶᠢ ᠡᠭᠦᠳᠬᠦ ᠬᠡᠯᠪᠡᠷᠢ ᠶᠢᠨ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠶᠢ | ᠱᠠᠭᠠᠷᠳᠠᠵᠤ ᠪᠠᠶᠢᠨ᠎ᠠ᠃ ᠮᠡᠷᠭᠡᠵᠢᠯ ᠤᠨ ᠬᠤᠪᠢᠰᠤᠯᠲᠠ ᠪᠠ ᠠᠵᠤ ᠦᠶ᠋ᠯᠡᠰ ᠤᠨ ᠲᠠᠰ ᠳᠡᠪᠰᠢᠬᠦ ᠱᠠᠭᠠᠷᠳᠠᠯᠭ᠎ᠠ ᠳᠤ | ᠵᠣᠬᠢᠴᠠᠭᠤᠯᠬᠤ ᠶᠢᠨ ᠲᠥᠯᠥᠭᠡ᠂ ᠮᠠᠨ ᠤ ᠤᠯᠤᠰ ᠣᠲᠣ ᠶᠠᠭ ᠤᠷ᠎ᠠ ᠴᠢᠳᠠᠪᠤᠷᠢ ᠶᠢᠨ ᠬᠡᠯᠪᠡᠷᠢ ᠶᠢᠨ ᠨᠡᠶᠢᠭᠡᠮ ᠢ | ᠪᠠᠶᠢᠭᠤᠯᠵᠤ ᠪᠠᠶᠢᠨ᠎ᠠ᠂ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠤᠷ᠎ᠠ ᠴᠢᠳᠠᠪᠤᠷᠢ ᠶᠢᠨ | ᠬᠢᠷᠢ ᠲᠦᠪᠰᠢᠨ ᠢ ᠭᠡᠷᠡᠴᠢᠯᠡᠬᠦ ᠪᠣᠯ ᠴᠢᠪ ᠬᠡᠮᠡᠨ ︽ᠤᠷ᠎ᠠ ᠴᠢᠳᠠᠪᠤᠷᠢ ᠶᠢᠨ ᠳᠤᠮᠳᠠᠳᠤ ᠤᠯᠤᠰ ᠤᠨ ᠠᠵᠢᠯᠯᠠᠭ᠎ᠠ︾ | ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ | ᠬᠥᠳᠡᠯᠮᠦᠷᠢᠴᠢᠳ ᠤᠨ ᠮᠡᠳᠡᠯᠭᠡ ᠶᠢᠨ ᠰᠢᠨᠡᠴᠢᠯᠡᠯᠲᠡ ᠪᠠ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠳᠤ | ᠴᠢᠬᠤᠯᠠ ᠤᠳᠤᠷᠢᠳᠤᠮᠵᠢ ᠶᠢᠨ ᠦᠶ᠋ᠯᠡᠳᠦᠯ ᠲᠠᠢ ᠶᠤᠮ᠃ ᠪᠢᠳᠡᠨ ᠤ ︽ᠤᠬᠤᠷᠢᠨ ᠭᠠᠷᠬᠤ︾ ᠴᠢᠬᠤᠯᠠᠲᠠᠶ ᠨᠢ ᠦᠷ᠎ᠡ | ᠠᠰᠢᠭ ᠢᠶᠠᠷ ᠳᠣᠤᠷ᠎ᠠ᠂ ᠦᠷ᠎ᠡ ᠠᠰᠢᠭ ᠢᠶᠠᠷ ᠳᠣᠤᠷ᠎ᠠ ᠵᠠᠰᠠᠭ ᠵᠠᠬᠢᠷᠭᠠᠨ ᠤ ᠵᠢᠷᠤᠮ ᠤᠨ ᠴᠢᠨᠠᠷᠲᠠᠶ ︽ᠪᠣᠱᠤᠭ᠎ᠠ︾ | ᠪᠠᠶᠢᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠭᠦᠶ᠋ᠴᠡᠳ ᠢᠯᠡᠷᠡᠭᠦᠯᠬᠦ ᠲᠣᠬᠢᠶᠠᠯ ᠪᠠ ᠨᠥᠬᠦᠴᠡᠯ ᠲᠠᠢ ᠪᠣᠯᠭᠠᠬᠤ ᠶᠠᠪᠤᠳᠠᠯ ᠪᠣᠯᠤᠨ᠎ᠠ᠃ | ᠡᠨᠡ ᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ︽ᠤᠬᠤᠷᠢᠨ ᠭᠠᠷᠬᠤ︾ ᠨᠢ ᠵᠣᠷᠢᠯᠭ᠎ᠠ ᠪᠢᠰᠢ | ᠬᠠᠷᠢᠨ ᠠᠷᠭ᠎ᠠ ᠪᠠᠷᠢᠯ ᠮᠥᠨ᠂ ᠬᠥᠳᠡᠯᠮᠦᠷᠢᠴᠢᠳ ᠤᠨ ᠬᠡᠪ ᠴᠢᠨᠠᠷ ᠢ ᠨᠡᠩ ᠪᠦᠲᠦᠮᠵᠢᠲᠡᠶ ᠪᠠᠷ ᠳᠡᠭᠡᠭᠰᠢᠯᠡᠭᠦᠯᠵᠦ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠨᠡᠩ ᠰᠠᠶᠢᠲᠤᠷ ᠦᠢᠯᠡᠴᠢᠯᠡᠭᠦᠯᠬᠦ ᠶᠢᠨ ᠲᠥᠯᠥᠭᠡ ᠶᠤᠮ | ᠃ ᠡᠶᠢᠮᠦ ᠠᠴᠠ᠂ ︽ᠤᠬᠤᠷᠢᠨ ᠭᠠᠷᠬᠤ︾ ᠶᠢᠨ ᠵᠡᠷᠭᠡ ᠳᠤ ᠡᠷᠬᠡᠪᠰᠢ ᠤᠷ᠎ᠠ ᠴᠢᠳᠠᠪᠤᠷᠢᠲᠠᠨ ᠢ ᠦᠨᠡᠯᠡᠬᠦ ᠰᠢᠨ᠎ᠡ | ᠰᠢᠰᠲ᠋ᠧᠮ ᠢ ᠪᠠᠶᠢᠭᠤᠯᠵᠤ᠂ ᠤᠷ᠎ᠠ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠣᠶ ᠪᠣᠯᠭᠠᠬᠤ ᠬᠡᠷᠡᠭᠲᠡᠶ᠃ ᠣᠶᠢᠷ᠎ᠠ ᠶᠢᠨ ᠬᠡᠳᠦᠨ ᠵᠢᠯ ᠤᠨ ᠪᠣᠳᠣᠯᠬᠢᠯᠠᠯ ᠪᠠ ᠲᠤᠷᠰᠢᠯᠲᠠ ᠪᠠᠷ ᠳᠠᠮᠵᠢᠭᠠᠳ᠂ | ᠥᠨᠥᠳᠦᠷ ᠪᠢᠳᠡ ᠶᠠᠭ ᠰᠠᠶᠢᠬᠠᠨ ᠬᠥᠭᠵᠢᠵᠦ ᠪᠠᠶᠢᠭ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ | ᠳᠦᠷᠢᠮ ᠠᠴᠠ ᠡᠨᠡ ᠬᠦ ᠰᠢᠨ᠎ᠡ ᠰᠢᠰᠲ᠋ᠧᠮ ᠤᠨ ᠠᠩᠬᠠᠨ ᠤ ᠳᠦᠷᠰᠦ ᠪᠠ ᠪᠣᠷᠣ ᠲᠥᠯᠥᠪ ᠢ ᠣᠯᠵᠤ ᠬᠠᠷᠠᠵᠠᠶ᠃ | ᠰᠢᠨ᠎ᠡ ᠲᠡᠦᠬᠡᠨ ᠨᠥᠬᠦᠴᠡᠯ ᠳᠣᠣᠷ᠎ᠠ᠂ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠰᠢᠰᠲ᠋ᠧᠮ ᠤᠨ | ᠥᠭᠡᠷᠡᠴᠢᠯᠡᠯᠲᠡ ᠶᠢᠨ ᠭᠤᠣᠯᠳᠠᠯᠭ᠎ᠠ ᠪᠣᠯ ᠳᠠᠷᠤᠶ ᠬᠥᠳᠡᠯᠮᠦᠷᠢᠴᠢᠨ ᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠵᠡᠷᠭᠡ ᠳᠡᠰ ᠢ ᠬᠡᠨ ᠮᠠᠭᠠᠳᠯᠠᠨ ᠲᠣᠭᠲᠠᠭᠠᠬᠤ ᠠᠰᠠᠭᠤᠳᠠᠯ ᠪᠣᠯᠤᠨ᠎ᠠ᠃ ᠤᠷ᠎ᠠ ᠴᠢᠳᠠᠪᠤᠷᠢ ᠶᠢᠨ ᠴᠢᠳᠠᠪᠤᠷᠢᠲᠠᠨ ᠢ | ᠦᠨᠡᠯᠡᠬᠦ ᠬᠦᠷᠢᠶᠡᠨ ᠳᠤ᠂ ᠬᠥᠮᠦᠨ ᠬᠡᠷᠡᠭᠯᠡᠬᠦ ᠪᠡᠶᠡᠴᠢ ᠴᠣᠭᠴᠠ ᠪᠠ ᠬᠥᠮᠦᠵᠢᠯ ᠪᠣᠯᠪᠠᠰᠤᠷᠠᠭᠤᠯᠤᠯ ᠤᠨ | ᠬᠠᠩᠭᠠᠯᠭ᠎ᠠ ᠶᠢᠨ ᠪᠡᠶᠡᠴᠢ ᠴᠣᠭᠴᠠ ᠶᠢ ᠪᠠᠭᠲᠠᠭᠠᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠭᠡᠳᠡᠭ ᠨᠢ ᠤᠷ᠎ᠠ | ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠡᠷᠬᠡ ᠶᠢ ᠬᠥᠮᠦᠨ ᠬᠡᠷᠡᠭᠯᠡᠬᠦ ᠪᠡᠶᠡᠴᠢ ᠴᠣᠭᠴᠠ ᠪᠣᠯᠤᠭᠰᠠᠨ | ᠠᠵᠤ ᠠᠬᠤᠶᠢᠯᠠᠯ ᠪᠠ ᠲᠤᠰᠬᠠᠶᠢᠵᠢᠭᠰᠠᠨ ᠭᠤᠷᠪᠠᠳᠠᠬᠢ ᠡᠲᠡᠭᠡᠳ ᠤᠨ ᠤᠷ᠎ᠠ ᠴᠢᠳᠠᠪᠤᠷᠢ ᠶᠢᠨ ᠦᠨᠡᠯᠡᠯᠲᠡ ᠶᠢᠨ | ᠪᠠᠶᠢᠭᠤᠯᠤᠮᠵᠢ ᠳᠤ ᠲᠤᠰᠢᠶᠠᠨ ᠥᠭᠬᠦ ᠬᠡᠷᠡᠭᠲᠡᠶ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠵᠡᠨ ᠮᠡᠳᠡᠬᠦ ᠴᠢᠨᠠᠷ | ᠂ ᠢᠳᠡᠪᠬᠢᠵᠢᠯ ᠲᠠᠢ ᠪᠤᠯᠵᠤ᠂ ᠬᠠᠩᠭᠠᠯᠭ᠎ᠠ ᠪᠠ ᠬᠡᠷᠡᠭᠴᠡᠭᠡ ᠶᠢᠨ ᠮᠡᠳᠡᠭᠡ ᠵᠠᠩᠭᠢ ᠲᠡᠭᠰᠢ ᠬᠡᠮ ᠲᠠᠢ ᠪᠣᠯᠪᠠᠯ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠰᠠᠶ᠋ᠢ ᠵᠦᠭᠰᠢᠷᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠵᠡᠷᠭᠡ ᠳᠡᠰ ᠤᠨ ᠲᠦᠷᠢᠮ ᠢ ᠰᠠᠶ᠋ᠢ ᠦᠨᠡᠨ ᠬᠦ ᠦᠷ᠎ᠡ ᠪᠦᠲᠦᠮᠵᠢ ᠲᠠᠢ ᠪᠥᠭᠡᠳ ᠪᠦᠲᠦᠮᠵᠢ ᠲᠠᠢ ᠪᠣᠯᠭᠠᠵᠤ ᠴᠢᠳᠠᠨ᠎ᠠ᠃ | | ᠡᠭᠦᠨ ᠲᠠᠢ ᠠᠳᠠᠯᠢ ᠪᠠᠷ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠨ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ | ᠣᠯᠭᠤᠭᠰᠠᠨ ᠨᠢᠭᠡᠴᠡ ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠮᠡᠷᠭᠡᠵᠢᠯ ᠤᠨ ᠠᠵᠢᠯᠲᠠᠨ ᠤ ᠠᠵᠢᠯ | ᠮᠡᠷᠭᠡᠵᠢᠯ ᠤᠨ ᠬᠢᠷᠢ ᠬᠡᠮ ᠢ ᠮᠠᠭᠠᠳᠯᠠᠨ ᠲᠣᠭᠲᠠᠭᠠᠵᠤ ᠦᠨᠡᠮᠯᠡᠯ ᠣᠯᠭᠤᠬᠤ ᠪᠣᠳᠠᠲᠠᠶ ᠬᠡᠷᠡᠭᠵᠢᠭᠦᠯᠬᠦ ᠠᠵᠢᠯ ᠳᠤ | ᠣᠷᠣᠯᠴᠠᠬᠤ ᠦᠭᠡᠶ᠂ ᠮᠥᠨ ᠴᠦ ᠵᠠᠰᠠᠭ ᠤᠨ ᠣᠷᠳᠣᠨ ᠠᠴᠠ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ | ᠠᠵᠢᠯ ᠢ ᠬᠠᠮᠢᠶᠠᠷᠬᠤ ᠦᠭᠡᠢ ᠭᠡᠰᠡᠨ ᠶᠠᠪᠤᠳᠠᠯ ᠪᠢᠰᠢ᠂ ᠬᠠᠷᠢᠨ ᠪᠣᠳᠠᠲᠠᠶ ᠬᠡᠷᠡᠭᠵᠢᠭᠦᠯᠬᠦ ᠵᠠᠰᠠᠭ ᠵᠠᠬᠢᠷᠭᠠᠨ ᠤ | ᠵᠢᠷᠤᠮ ᠤᠨ ᠳᠤᠮᠳᠠ ᠠᠴᠠ ᠲᠦᠷᠢᠮ ᠢ ᠵᠢᠷᠤᠵᠤ ᠲᠥᠯᠥᠪᠯᠡᠬᠦ᠂ ᠶᠠᠰᠤ ᠴᠢᠨᠠᠷ ᠢ ᠬᠢᠨᠠᠨ ᠬᠠᠮᠢᠶᠠᠷᠬᠤ᠂ ᠲᠦᠷᠦ ᠶᠢᠨ | ᠪᠤᠳᠤᠯᠭ᠎ᠠ ᠪᠠᠷ ᠲᠦᠯᠬᠢᠨ ᠠᠬᠢᠭᠤᠯᠬᠤ ᠪᠠ ᠵᠣᠬᠢᠴᠠᠩᠭᠤᠶ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠲᠡᠶᠢᠰᠢ | ᠰᠢᠯᠵᠢᠭᠦᠯᠵᠦ᠂ ᠰᠢᠨ᠎ᠡ ᠲᠦᠷᠢᠮ ᠪᠠ ᠰᠢᠰᠲ᠋ᠧᠮ ᠢ ᠪᠦᠲᠦᠮᠵᠢᠲᠡᠶ ᠠᠵᠢᠯᠯᠠᠭᠤᠯᠬᠤ ᠶᠢᠨ ᠬᠠᠮᠲᠤ ᠦᠵᠡᠭᠦᠯᠪᠡᠰᠦ | ᠵᠣᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠶᠠᠪᠤᠳᠠᠯ ᠪᠣᠯᠤᠨ᠎ᠠ᠃ | ︽ᠬᠤᠶᠠᠷ ᠢ ᠤᠬᠤᠷᠢᠭᠤᠯᠵᠤ ᠨᠢᠭᠡ ᠶᠢ ᠠᠬᠢᠭᠤᠯᠬᠤ︾ ᠨᠢ ᠵᠣᠬᠢᠬᠤ ᠬᠡᠮᠵᠢᠶᠡᠨ ᠳᠡᠭᠡᠷ᠎ᠡ ᠤᠷ᠎ᠠ | ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠠᠵᠢᠯ ᠤᠨ ᠰᠢᠨ᠎ᠡ ᠪᠠᠶᠢᠷᠢᠰᠢᠯ ᠨᠢᠭᠡᠨᠲᠡ ᠦᠨᠳᠦᠰᠦᠨ ᠲᠦᠷᠢᠮ ᠤᠨ | ᠰᠠᠭᠤᠷᠢ ᠶᠢ ᠲᠠᠯᠪᠢᠭᠰᠠᠨ ᠢ ᠬᠠᠷᠠᠭᠤᠯᠵᠤ ᠪᠠᠶᠢᠨ᠎ᠠ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠲᠦᠷᠢᠮ ᠢ | ᠬᠡᠷᠡᠭᠵᠢᠭᠦᠯᠬᠦ ᠰᠢᠰᠲ᠋ᠧᠮ ᠪᠠ ᠬᠢᠨᠠᠨ ᠬᠠᠮᠢᠶᠠᠷᠬᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠬᠦ ᠨᠢ ᠵᠠᠶᠢᠯᠠᠰᠢ | ᠥᠬᠡᠶ ᠶᠤᠮ᠃ ᠨᠢᠭᠡ ᠳᠤ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠰᠠᠭᠤᠷᠢ ᠠᠵᠢᠯ ᠢ ᠲᠦᠷᠭᠡᠪᠴᠢᠯᠡᠨ | ᠲᠡᠭᠦᠯᠳᠡᠷᠵᠢᠭᠦᠯᠦᠨ᠎ᠡ᠃ ᠤᠯᠤᠰ ᠤᠨ ᠠᠵᠢᠯ ᠮᠡᠷᠭᠡᠵᠢᠯ ᠤᠨ ᠠᠩᠭᠢᠯᠠᠯ ᠳᠤ ᠬᠥᠳᠡᠯᠦᠩᠭᠦᠶ ᠪᠠᠷ ᠲᠣᠬᠢᠷᠠᠭᠤᠯᠤᠯᠲᠠ | ᠬᠢᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠭᠰᠠᠨ ᠰᠡᠳᠦᠪ ᠭᠠᠷᠭᠠᠬᠤ ᠮᠡᠷᠭᠡᠵᠢᠯ ᠪᠠ ᠰᠢᠯᠭᠠᠯᠲᠠ ᠶᠢᠨ | ᠶᠠᠪᠤᠳᠠᠯ ᠤᠨ ᠮᠡᠷᠭᠡᠵᠢᠯ ᠤᠨ ᠲᠦᠷᠢᠮ ᠢ ᠲᠣᠭᠲᠠᠭᠠᠵᠤ᠂ ᠰᠢᠯᠭᠠᠨ ᠦᠨᠡᠯᠡᠬᠦ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠲᠤᠰᠬᠠᠶᠢᠵᠢᠭᠰᠠᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ | ᠪᠠᠶᠢᠭᠤᠯᠤᠮᠵᠢ ᠪᠠ ᠮᠡᠷᠭᠡᠵᠢᠯ ᠤᠨ ᠲᠠᠪᠴᠠᠩ ᠢ ᠪᠤᠶᠢᠵᠢᠭᠤᠯᠤᠨ᠎ᠠ᠃ ᠬᠤᠶᠠᠷ ᠲᠤ ᠤᠷ᠎ᠠ ᠮᠡᠷᠭᠡᠰᠢᠯᠳᠦ | ᠴᠢᠳᠠᠪᠤᠷᠢᠲᠠᠨ ᠤ ᠦᠨᠡᠯᠡᠯᠲᠡ ᠶᠢ ᠬᠡᠷᠡᠭᠵᠢᠭᠦᠯᠬᠦ ᠲᠣᠭᠲᠠᠴᠠ ᠶᠢ ᠲᠦᠷᠭᠡᠪᠴᠢᠯᠡᠨ ᠪᠦᠷᠢᠨᠰᠢᠬᠦᠯᠦᠨ᠎ᠠ᠃ ᠠᠵᠤ | ᠠᠬᠤᠶᠢᠯᠠᠯ ᠤᠨ ᠦᠨᠡᠯᠡᠯᠲᠡ ᠪᠠ ᠨᠡᠶᠢᠭᠡᠮ ᠤᠨ ᠪᠣᠯᠪᠠᠰᠤᠷᠠᠭᠤᠯᠤᠯ ᠤᠨ ᠦᠨᠡᠯᠡᠯᠲᠡ ᠶᠢ ᠲᠡᠭᠦᠯᠳᠡᠷᠵᠢᠭᠦᠯᠵᠦ᠂ | ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠦᠨᠡᠯᠡᠯᠲᠡ ᠶᠢᠨ ᠠᠵᠢᠯ ᠤᠨ ᠳᠠᠩᠰᠠᠯᠠᠬᠤ ᠲᠦᠷᠢᠮ ᠪᠠ ᠬᠡᠷᠡᠭᠵᠢᠭᠦᠯᠬᠦ | ᠲᠦᠷᠢᠮ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠤᠯᠤᠰ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ | ᠠᠵᠤ ᠠᠬᠤᠶᠢᠯᠠᠯ ᠤᠨ ᠪᠦᠯᠦᠭᠯᠡᠯ ᠪᠠ ᠪᠣᠯᠪᠠᠰᠤᠷᠠᠭᠤᠯᠤᠯ ᠤᠨ ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠲᠣᠰ | ᠭᠠᠵᠠᠷᠴᠢᠯᠠᠭᠰᠠᠨ ᠬᠠᠮᠢᠶᠠᠷᠤᠯᠲᠠ ᠶᠢᠨ ᠴᠤᠪᠤᠷᠠᠯ ᠢ ᠰᠠᠭᠠᠳ ᠥᠬᠡᠶ ᠨᠡᠪᠲᠡᠷᠡᠭᠦᠯᠵᠦ᠂ ᠭᠠᠵᠠᠷ ᠣᠷᠣᠨ ᠤ | ᠬᠤᠭᠤᠷᠣᠨᠳᠣᠬᠢ᠂ ᠠᠵᠢᠯ ᠲᠥᠷᠥᠯ ᠤᠨ ᠬᠤᠭᠤᠷᠣᠨᠳᠣᠬᠢ ᠵᠠᠰᠠᠭ ᠵᠠᠬᠢᠷᠭᠠᠨ ᠤ ᠴᠢᠨᠠᠷᠲᠠᠶ ᠪᠠᠬᠢᠯᠡᠯᠲᠡ ᠶᠢ ᠠᠷᠢᠯᠭᠠᠬᠤ | ᠬᠡᠷᠡᠭᠲᠡᠶ᠃ ᠨᠥᠬᠦᠴᠡᠯ ᠲᠠᠢ ᠲᠤᠮᠤ ᠬᠡᠯᠪᠡᠷᠢ ᠶᠢᠨ ᠠᠵᠤ ᠠᠬᠤᠶᠢᠯᠠᠯ ᠪᠠ ᠨᠡᠶᠢᠭᠡᠮ ᠤᠨ ᠪᠣᠯᠪᠠᠰᠤᠷᠠᠭᠤᠯᠤᠯ ᠤᠨ | ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠪᠠᠶᠢᠭᠠᠳ ᠳᠤᠮᠳᠠ ᠵᠢᠵᠢᠭ ᠠᠵᠤ | ᠠᠬᠤᠶᠢᠯᠠᠯ ᠳᠤ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠦᠢᠯᠡᠴᠢᠯᠡᠭᠡ ᠭᠤᠷᠪᠠ ᠳᠤ ᠤᠷ᠎ᠠ ᠮᠡᠷᠭᠡᠰᠢᠯᠳᠦ | ᠴᠢᠳᠠᠪᠤᠷᠢᠲᠠᠨ ᠢ ᠦᠨᠡᠯᠡᠵᠦ ᠬᠢᠨᠠᠨ ᠬᠠᠮᠢᠶᠠᠷᠬᠤ ᠲᠣᠭᠲᠠᠴᠠ ᠶᠢ ᠲᠦᠷᠭᠡᠪᠴᠢᠯᠡᠨ ᠪᠦᠷᠢᠨᠰᠢᠬᠦᠯᠦᠨ᠎ᠠ᠃ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠶᠢᠨ ᠶᠠᠰᠤ ᠴᠢᠨᠠᠷ ᠢ ᠬᠢᠨᠠᠨ | ᠵᠢᠯᠣᠭᠤᠳᠬᠤ ᠠᠷᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠦᠨᠡᠯᠡᠯᠲᠡ ᠪᠠ ᠨᠡᠶᠢᠭᠡᠮ ᠤᠨ | ᠪᠣᠯᠪᠠᠰᠤᠷᠠᠭᠤᠯᠤᠯ ᠤᠨ ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠦᠨᠡᠯᠡᠨ ᠵᠢᠱᠢᠬᠦ ᠲᠦᠷᠢᠮ ᠪᠠ ᠬᠢᠷᠢ | ᠲᠡᠩᠴᠡᠭᠦ ᠥᠬᠡᠶ ᠪᠠᠷ ᠤᠬᠤᠷᠢᠨ ᠭᠠᠷᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠦᠷᠪᠡ ᠳᠤ᠂ ᠤᠷ᠎ᠠ | ᠮᠡᠷᠭᠡᠰᠢᠯᠳᠦ ᠴᠢᠳᠠᠪᠤᠷᠢᠲᠠᠨ ᠢ ᠦᠨᠡᠯᠡᠵᠦ ᠬᠡᠷᠡᠭᠯᠡᠬᠦ ᠲᠣᠭᠲᠠᠴᠠ ᠶᠢ ᠪᠦᠷᠢᠨᠰᠢᠬᠦᠯᠦᠨ᠎ᠠ᠃ ᠡᠷᠬᠢᠯᠡᠭᠰᠡᠨ ᠠᠵᠢᠯ ᠤᠨ | ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠦᠨᠡᠮᠰᠢᠬᠦ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠲᠠᠪᠴᠠᠩ ᠢ | ᠲᠡᠭᠦᠯᠳᠡᠷᠵᠢᠭᠦᠯᠦᠨ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠦᠨᠡᠮᠰᠢᠭᠰᠡᠨ | ᠦᠷ᠎ᠡ ᠳ᠋ᠦᠩ ᠢ ᠪᠣᠯᠪᠠᠰᠤᠷᠠᠭᠤᠯᠤᠯ᠂ ᠠᠵᠢᠯ ᠣᠯᠭᠤᠯᠲᠠ ᠬᠢᠭᠡᠳ ᠤᠨ ᠵᠠᠰᠠᠭ ᠤᠨ ᠨᠥᠬᠦᠪᠥᠷᠢ ᠵᠡᠷᠭᠡ | ᠲᠥᠷᠥ ᠶᠢᠨ ᠪᠤᠳᠤᠯᠭ᠎ᠠ ᠯᠤᠭ᠎ᠠ ᠬᠤᠯᠪᠣᠭᠳᠠᠭᠤᠯᠬᠤ ᠪᠠ ᠬᠡᠷᠡᠭᠯᠡᠬᠦ ᠶᠢ ᠲᠥᠯᠬᠢᠨ ᠠᠬᠢᠭᠤᠯᠵᠤ᠂ ᠬᠥᠮᠦᠨ ᠬᠡᠷᠡᠭᠯᠡᠬᠦ | ᠨᠢᠭᠡᠴᠡ ᠶᠢ ᠬᠥᠲᠥᠯᠥᠨ ᠵᠢᠯᠣᠭᠤᠳᠴᠤ ᠪᠠᠶᠢᠭᠠᠳ ᠬᠥᠮᠦᠵᠢᠭᠦᠯᠬᠦ᠂ ᠦᠨᠡᠯᠡᠬᠦ ᠬᠢᠭᠡᠳ ᠴᠠᠯᠢᠩ ᠣᠯᠭᠤᠮᠵᠢ᠂ | ᠬᠡᠷᠡᠭᠯᠡᠬᠦ ᠶᠢ ᠬᠠᠷᠢᠯᠴᠠᠨ ᠤᠶᠠᠯᠳᠤᠭᠤᠯᠤᠭᠰᠠᠨ ᠲᠣᠭᠲᠠᠴᠠ ᠶᠢ ᠪᠠᠶᠢᠭᠤᠯᠵᠤ᠂ ᠮᠡᠷᠭᠡᠵᠢᠯ ᠤᠨ ᠴᠢᠳᠠᠪᠤᠷᠢ ᠲᠠᠢ | ᠴᠢᠳᠠᠪᠤᠷᠢᠲᠠᠨ ᠬᠢᠭᠡᠳ ᠮᠡᠷᠭᠡᠵᠢᠯ ᠤᠨ ᠴᠢᠳᠠᠪᠤᠷᠢᠲᠠᠨ ᠤ ᠨᠡᠪᠳᠡᠷᠡᠨ ᠬᠥᠭᠵᠢᠬᠦ ᠶᠢ ᠲᠥᠯᠬᠢᠨ ᠠᠬᠢᠭᠤᠯᠬᠤ ᠬᠡᠷᠡᠭᠲᠡᠶ᠃ | ︵ᠵᠣᠬᠢᠶᠠᠭᠴᠢ᠄ ᠴᠧᠨ ᠯᠢ ᠰᠢᠶᠠᠩ᠂ ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠨᠡᠶᠢᠭᠡᠮᠯᠢᠭ ᠤᠨ ᠳᠡᠳ᠋ ᠳᠠᠷᠤᠭ᠎ᠠ︶ | ᠠᠵᠢᠯ ᠮᠡᠷᠭᠡᠵᠢᠯ ᠤᠨ ᠬᠢᠷᠢ ᠬᠡᠮ ᠤᠨ ᠥᠭᠡᠷᠡᠴᠢᠯᠡᠯᠲᠡ ᠶᠢᠨ ᠴᠢᠬᠤᠯᠠ ᠶᠡᠭᠡ ᠦᠷ᠎ᠡ ᠪᠦᠲᠦᠭᠡᠯ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ᠰᠢᠨ᠎ᠡ ︽ | ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ︾ ᠢ ᠨᠡᠶᠢᠲᠡᠯᠡᠵᠦ᠂ ᠡᠨᠡ ᠪᠣᠯ ᠠᠵᠢᠯ ᠮᠡᠷᠭᠡᠵᠢᠯ ᠤᠨ | ᠬᠢᠷᠢ ᠬᠡᠮ ᠤᠨ ᠥᠭᠡᠷᠡᠴᠢᠯᠡᠯᠲᠡ ᠶᠢᠨ ᠴᠢᠬᠤᠯᠠ ᠶᠡᠭᠡ ᠦᠷ᠎ᠡ ᠪᠦᠲᠦᠭᠡᠯ ᠮᠥᠨ᠂ ᠡᠨᠡ ᠨᠢ ᠮᠠᠨ ᠤ ᠤᠯᠤᠰ ᠤᠨ | ᠰᠢᠨ᠎ᠡ ᠮᠠᠶ᠋ᠢᠭ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠦᠷᠢᠮ ᠤᠨ ᠪᠠᠶᠢᠭᠤᠯᠤᠯᠲᠠ ᠰᠢᠨ᠎ᠡ | ᠠᠬᠢᠴᠠ ᠲᠠᠢ ᠪᠣᠯᠵᠣ᠂ ᠰᠢᠨ᠎ᠡ ᠬᠠᠭᠤᠴᠢᠨ ᠬᠡᠯᠪᠡᠷᠢ ᠶᠢᠨ ᠬᠤᠪᠢᠷᠠᠭᠤᠯᠤᠯᠲᠠ ᠶᠢ ᠦᠨᠳᠦᠰᠦᠨ ᠳᠡᠭᠡᠨ | ᠪᠡᠶᠡᠯᠡᠭᠦᠯᠦᠭᠰᠡᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠤᠷ᠎ᠠ ᠮᠡᠷᠭᠡᠰᠢᠯᠳᠦ ᠴᠢᠳᠠᠪᠤᠷᠢᠲᠠᠨ ᠢ | ᠦᠨᠡᠯᠡᠬᠦ ᠲᠦᠷᠢᠮ ᠦᠨᠳᠦᠰᠦᠨ ᠳᠡᠭᠡᠨ ᠪᠦᠷᠢᠯᠳᠦᠵᠦ᠂ ᠢᠷᠡᠭᠡᠳᠦᠶ ᠳᠤ ᠮᠠᠨ ᠤ ᠤᠯᠤᠰ ᠤᠨ ᠤᠷ᠎ᠠ ᠮᠡᠷᠭᠡᠰᠢᠯᠳᠦ | ᠴᠢᠳᠠᠪᠤᠷᠢᠲᠠᠨ ᠢ ᠦᠨᠡᠯᠡᠬᠦ ᠠᠵᠢᠯ ᠰᠢᠨ᠎ᠡ ᠲᠦᠷᠢᠮ ᠤᠨ ᠪᠣᠷᠣ ᠲᠥᠯᠥᠪ ᠤᠨ ᠳᠣᠤᠷ᠎ᠠ᠂ ᠰᠢᠨ᠎ᠡ ᠪᠠᠶᠢᠭᠤᠯᠤᠯ | ᠲᠣᠭᠲᠠᠴᠠ ᠶᠢᠨ ᠶᠣᠰᠣᠭᠠᠷ ᠡᠮᠬᠢ ᠵᠢᠷᠤᠮ ᠲᠠᠢ ᠶᠠᠪᠤᠭᠳᠠᠬᠤ ᠪᠣᠯᠤᠨ᠎ᠠ ᠭᠡᠳᠡᠭ ᠢ ᠬᠠᠷᠠᠭᠤᠯᠵᠤ ᠪᠠᠶᠢᠨ᠎ᠠ᠃ | ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠲᠦᠷᠢᠮ ᠤᠨ ᠥᠭᠡᠷᠡᠴᠢᠯᠡᠯᠲᠡ ᠪᠣᠯ ᠨᠢᠭᠡ ᠤᠳᠠᠭ᠎ᠠ ᠶᠢᠨ | ᠬᠤᠪᠢᠰᠬᠠᠯ ᠮᠥᠨ᠂ ᠡᠭᠦᠨ ᠳᠤ ᠡᠷᠡᠰ ᠪᠠᠲᠤ ᠵᠣᠷᠢᠭ ᠪᠠᠶᠢᠬᠤ ᠬᠡᠷᠡᠭᠲᠡᠶ ᠪᠥᠭᠡᠳ ᠶᠡᠭᠡ ᠬᠡᠮᠵᠢᠶᠡᠨ ᠤ ᠬᠠᠲᠠᠭᠤᠵᠢᠯᠲᠠᠶ | ᠠᠵᠢᠯ ᠬᠢᠬᠦ ᠬᠡᠷᠡᠭᠲᠡᠶ ᠶᠤᠮ᠃ ᠤᠢᠢᠷ᠎ᠠ ᠶᠢᠨ ᠵᠢᠯ ᠠᠴᠠ᠂ ᠪᠦᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠪᠤᠷᠢ ᠶᠢᠨ ᠰᠢᠰᠲᠧᠮ ᠨᠠᠮ ᠤᠨ ᠲᠥᠪ ᠬᠤᠷᠢ᠊ ᠡᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠴᠢᠷ | ᠪᠡᠷᠬᠡᠰᠢᠶᠡᠯ ᠬᠠᠷᠰᠢ ᠰᠠᠭᠠᠳ ᠢ ᠠᠷᠢᠯᠭᠠᠵᠤ᠂ ᠴᠢᠷᠮᠠᠶᠢᠨ ᠰᠦᠪᠡᠭᠴᠢᠯᠡᠨ ᠦᠢᠯᠡᠳᠦᠯᠭᠡᠵᠢᠭᠦᠯᠵᠦ᠂ ᠡᠪᠳᠡᠬᠦ ᠪᠠ | ᠪᠠᠶᠢᠭᠤᠯᠬᠤ ᠶᠢ ᠤᠶᠠᠯᠳᠤᠭᠤᠯᠵᠤ᠂ ᠭᠠᠷᠴᠠᠭ ᠠᠴᠠ ᠤᠬᠤᠷᠢᠨ ᠭᠠᠷᠬᠤ᠂ ᠤᠷ᠎ᠠ ᠴᠢᠳᠠᠪᠤᠷᠢ ᠶᠢᠨ ᠵᠡᠷᠭᠡ ᠳᠡᠰ ᠤᠨ | ᠦᠨᠡᠯᠡᠯᠲᠡ ᠶᠢ ᠡᠬᠢᠯᠡᠭᠦᠯᠬᠦ ᠵᠡᠷᠭᠡ ᠰᠢᠨ᠎ᠡ ᠬᠠᠭᠤᠴᠢᠨ ᠲᠦᠷᠢᠮ ᠢ ᠵᠣᠯᠭᠠᠭᠤᠯᠬᠤ ᠡᠯ᠎ᠡ ᠵᠦᠢᠯ ᠤᠨ ᠠᠵᠢᠯ ᠢ | ᠢᠳᠡᠪᠬᠢᠲᠡᠢ ᠰᠠᠶᠢᠲᠤᠷ ᠬᠢᠵᠦ᠂ ᠬᠡᠯᠪᠡᠷᠢ ᠪᠠᠨ ᠬᠤᠪᠢᠷᠠᠭᠤᠯᠬᠤ ᠡᠭᠦᠷᠭᠡ ᠶᠢ ᠪᠡᠶᠡᠯᠡᠭᠦᠯᠪᠡ᠃ ᠲᠥᠷᠥ ᠶᠢᠨ | ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ | ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠠᠴᠠ ᠨᠢᠭᠡᠨᠲᠡ ᠪᠦᠬᠦᠨ ᠢᠶᠠᠷ ᠢᠶᠠᠨ | ᠤᠬᠤᠷᠢᠨ ᠭᠠᠷᠴᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠦᠨᠡᠯᠡᠯᠲᠡ ᠶᠢ ᠥᠷᠨᠢᠭᠦᠨ ᠥᠷᠨᠢᠭᠦᠯᠵᠦ᠂ | ᠡᠨᠡ ᠵᠢᠯ ᠤᠨ 10 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ 9600 ᠭᠠᠷᠤᠶ ᠠᠵᠤ ᠠᠬᠤᠶᠢᠯᠠᠯ᠂ | 2700 ᠭᠠᠷᠤᠶ ᠨᠡᠶᠢᠭᠡᠮ ᠤᠨ ᠪᠣᠯᠪᠠᠰᠤᠷᠠᠭᠤᠯᠤᠯ ᠤᠨ ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠨᠢᠭᠡᠨᠲᠡ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠦᠨᠡᠯᠡᠬᠦ ᠪᠠᠶᠢᠭᠤᠯᠤᠮᠵᠢ ᠶᠢᠨ | ᠳᠡᠩᠰᠡᠯᠡᠯᠲᠡ ᠶᠢ ᠪᠡᠶᠡᠯᠡᠭᠦᠯᠵᠦ᠂ 540 ᠭᠠᠷᠤᠶ ᠲᠦᠮᠡᠨ ᠤᠷ᠎ᠠ ᠴᠢᠳᠠᠪᠤᠷᠢ ᠲᠠᠢ ᠠᠵᠢᠯᠲᠠᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠤᠭᠰᠠᠨ ᠪᠠᠶᠢᠨ᠎ᠠ᠃ ᠤᠷ᠎ᠠ ᠴᠢᠳᠠᠪᠤᠷᠢ ᠶᠢᠨ ᠦᠨᠡᠯᠡᠯᠲᠡ ᠶᠢᠨ | ᠲᠦᠷᠢᠮ ᠰᠢᠨ᠎ᠡ ᠵᠠᠮ ᠳᠤ ᠣᠷᠣᠪᠠ᠃ | ᠰᠢᠨ᠎ᠡ ᠬᠡᠯᠪᠡᠷᠢ ᠶᠢᠨ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠳᠣᠣᠷᠠᠬᠢ ᠬᠡᠳᠦᠨ ᠴᠢᠬᠤᠯᠠ ᠣᠨᠴᠠᠯᠢᠭ ᠪᠠ ᠴᠢᠭᠯᠡᠯ ᠢ | ᠢᠯᠡᠷᠡᠭᠦᠯᠵᠡᠢ᠄ | ᠨᠢᠭᠡ ᠳᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ ᠮᠠᠨ ᠤ | ᠤᠯᠤᠰ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠤᠷ᠎ᠠ ᠮᠡᠷᠭᠡᠰᠢᠯᠳᠦ ᠴᠢᠳᠠᠪᠤᠷᠢᠲᠠᠨ ᠢ | ᠦᠨᠡᠯᠡᠬᠦ ᠲᠦᠷᠢᠮ ᠨᠢ ᠬᠥᠳᠡᠯᠮᠦᠷᠢ ᠶᠢᠨ ᠬᠦᠴᠦᠨ ᠤ ᠵᠠᠬ᠎ᠠ ᠳᠡᠯᠭᠡᠭᠦᠷ ᠤᠨ ᠴᠢᠬᠤᠯᠠ ᠪᠦᠷᠢᠯᠳᠦᠯ ᠤᠨ ᠠᠭᠤᠯᠭ᠎ᠠ | ᠪᠣᠯᠤᠭᠰᠠᠨ ᠤ ᠬᠤᠪᠢ ᠳᠤ᠂ ᠮᠥᠨ ᠴᠦ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠦᠨᠳᠦᠰᠦᠨ | ᠵᠢᠮ᠎ᠡ ᠶᠣᠰᠣ ᠲᠠᠢ ᠵᠣᠬᠢᠴᠠᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠵᠠᠬ᠎ᠠ | ᠳᠡᠯᠭᠡᠭᠦᠷ ᠤᠨ ᠲᠣᠭᠲᠠᠴᠠ ᠶᠢ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷ ᠤᠨ ᠰᠢᠶ᠋ᠳᠪᠦᠷᠢᠯᠡᠭᠴᠢ ᠴᠢᠨᠠᠷᠲᠠᠶ | ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠴᠢᠬᠤᠯᠠ ᠴᠢᠭᠯᠡᠯ ᠪᠣᠯ ᠵᠠᠬ᠎ᠠ ᠳᠡᠯᠭᠡᠭᠦᠷ ᠤᠨ ᠵᠢᠮ᠎ᠡ | ᠶᠣᠰᠣ ᠶᠢ ᠦᠨᠳᠦᠰᠦᠯᠡᠨ᠂ ᠵᠣᠬᠢᠴᠠᠩᠭᠤᠶ ᠦᠨᠡᠯᠡᠬᠦ ᠰᠢᠰᠲ᠋ᠧᠮ ᠢ ᠪᠠᠶᠢᠭᠤᠯᠵᠤ᠂ ᠦᠨᠡᠯᠡᠬᠦ ᠪᠡᠶᠡᠴᠢ ᠴᠣᠭᠴᠠ ᠶᠢ | ᠵᠠᠬ᠎ᠠ ᠳᠡᠯᠭᠡᠭᠦᠷ ᠤᠨ ᠪᠡᠶᠡᠴᠢ ᠴᠣᠭᠴᠠ ᠠᠴᠠ ᠡᠭᠦᠷᠭᠡᠯᠡᠵᠦ᠂ ᠡᠷᠬᠡ ᠰᠦᠷᠲᠦ ᠴᠢᠨᠠᠷ ᠢ ᠵᠠᠬ᠎ᠠ ᠳᠡᠯᠭᠡᠭᠦᠷ ᠠᠴᠠ | ᠲᠣᠭᠲᠠᠭᠠᠬᠤ ᠶᠠᠪᠤᠳᠠᠯ ᠪᠣᠯᠤᠨ᠎ᠠ᠃ ᠭᠠᠭᠴᠠ ᠬᠦ ᠢᠩᠭᠢᠪᠡᠯ ᠰᠠᠶ᠋ᠢ ᠤᠷ᠎ᠠ ᠮᠡᠷᠭᠡᠰᠢᠯᠳᠦ ᠴᠢᠳᠠᠪᠤᠷᠢᠲᠠᠨ ᠤ ᠦᠰᠦᠨ | ᠪᠤᠶᠢᠵᠢᠬᠤ ᠪᠠ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠳᠤ ᠦᠵᠡᠭᠦᠯᠬᠦ ᠬᠢᠵᠠᠭᠠᠷᠯᠠᠯ ᠢ ᠡᠪᠳᠡᠵᠦ᠂ | ᠠᠵᠤ ᠦᠢᠯᠡᠰ ᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠴᠢᠳᠠᠨ᠎ᠠ᠃ ᠵᠠᠬ᠎ᠠ | ᠳᠡᠯᠭᠡᠭᠦᠷ ᠤᠨ ᠤᠳᠤᠷᠢᠳᠤᠮᠵᠢ ᠪᠠᠷ ᠰᠠᠭᠤᠷᠢ ᠪᠣᠯᠭᠠᠵᠤ᠂ ᠡᠨᠡ ᠪᠣᠯ ᠰᠢᠨ᠎ᠡ ᠲᠦᠷᠢᠮ ᠤᠨ ᠪᠣᠷᠣ ᠲᠥᠯᠥᠪ ᠪᠣᠯᠤᠨ | ᠤᠤᠯ ᠤᠨ ᠲᠦᠷᠢᠮ ᠤᠨ ᠬᠠᠮᠤᠭ ᠤᠨ ᠭᠤᠤᠯ ᠢᠯᠭᠠᠭ᠎ᠠ ᠮᠥᠨ᠂ ᠮᠥᠨ ᠴᠦ ᠡᠷᠬᠡᠪᠰᠢ ᠭᠡᠷᠡᠴᠢᠯᠡᠯ ᠤᠨ ᠪᠡᠶᠡᠴᠢ | ᠴᠣᠭᠴᠠ ᠪᠠ ᠭᠡᠷᠡᠴᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠬᠡᠷᠡᠭᠲᠡᠶ ᠭᠡᠳᠡᠭ ᠢ ᠲᠣᠭᠲᠠᠭᠠᠭᠰᠠᠨ ᠶᠤᠮ᠂ | ᠲᠤᠬᠠᠶᠢᠯᠠᠪᠠᠯ ︽ᠬᠥᠮᠦᠨ ᠬᠡᠷᠡᠭᠯᠡᠬᠦ ᠨᠢᠭᠡᠴᠢ ᠪᠠᠷ ᠭᠤᠤᠯ ᠴᠣᠭᠴᠠ ᠪᠣᠯᠭᠠᠵᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠᠷ ᠭᠤᠤᠯ ᠠᠷᠭ᠎ᠠ ᠮᠠᠶ᠋ᠢᠭ ᠪᠣᠯᠭᠠᠭᠰᠠᠨ︾ ᠰᠢᠨ᠎ᠡ | ᠬᠡᠯᠪᠡᠷᠢ ᠶᠢᠨ ᠲᠦᠷᠢᠮ ᠤᠨ ᠦᠨᠳᠦᠰᠦᠨ ᠪᠦᠲᠦᠴᠡ ᠶᠢ ᠪᠦᠷᠢᠯᠳᠦᠭᠦᠯᠬᠦ ᠶᠢᠨ ᠤᠯᠠᠮ ᠠᠴᠠ ᠵᠠᠰᠠᠭ ᠤᠨ | ᠣᠷᠳᠣᠨ ᠢᠶᠠᠷ ᠭᠤᠤᠯᠯᠠᠭᠤᠯᠵᠤ ᠪᠠᠶᠢᠭᠰᠠᠨ ᠠᠴᠠ ᠪᠠᠨ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠯᠡᠯᠲᠡ ᠶᠢᠨ ᠲᠦᠷᠢᠮ ᠤᠨ ᠦᠨᠳᠦᠰᠦᠨ ᠬᠤᠪᠢᠷᠠᠯᠲᠠ ᠶᠢ ᠪᠡᠶᠡᠯᠡᠭᠦᠯᠬᠦ | ᠬᠡᠷᠡᠭᠲᠡᠶ᠃ | ᠬᠤᠶᠠᠷ ᠲᠤ ᠤᠯᠤᠰ ᠤᠨ ᠦᠨᠳᠦᠰᠦᠨ ᠪᠠᠶᠢᠳᠠᠯ ᠳᠤ ᠨᠡᠶᠢᠴᠡᠵᠦ ᠪᠠᠶᠢᠨ᠎ᠠ᠃ ᠮᠠᠨ ᠤ ᠤᠯᠤᠰ ᠤᠨ ᠬᠥᠮᠦᠨ | ᠠᠮᠠ ᠤᠯᠠᠨ᠂ ᠬᠥᠳᠡᠯᠮᠦᠷᠢ ᠶᠢᠨ ᠬᠦᠴᠦᠨ ᠤ ᠡᠬᠢ ᠪᠠᠶᠠᠯᠢᠭ ᠡᠯᠪᠡᠭ ᠳᠡᠯᠪᠡᠭ᠂ ᠬᠥᠮᠦᠨ ᠬᠡᠷᠡᠭᠯᠡᠬᠦ ᠨᠢᠭᠡᠴᠢ ᠮᠢᠩᠭᠠᠨ | ᠢᠯᠭᠠᠭ᠎ᠠ ᠲᠦᠮᠡᠨ ᠵᠥᠷᠢᠶ᠎ᠡ ᠲᠠᠢ ᠪᠠᠶᠢᠳᠠᠭ ᠪᠣᠯᠬᠤᠷ ᠤᠯᠤᠰ ᠠᠴᠠ ᠭᠤᠣᠯᠯᠠᠨ ᠤᠳᠤᠷᠢᠳᠴᠤ ᠪᠠᠶᠢᠭᠠᠳ ᠪᠦᠬᠦᠨ ᠢ | ᠬᠠᠮᠤᠷᠤᠭᠰᠠᠨ ᠴᠢᠳᠠᠪᠤᠷᠢᠲᠠᠨ ᠢ ᠦᠨᠡᠯᠡᠬᠦ ᠨᠢᠭᠡᠳᠦᠯᠲᠡᠶ ᠠᠷᠭ᠎ᠠ ᠮᠠᠶ᠋ᠢᠭ ᠢ ᠪᠦᠷᠢᠯᠳᠦᠭᠦᠯᠬᠦ ᠳᠤ ᠪᠡᠷᠬᠡᠲᠡᠶ ᠶᠤᠮ᠃ | ᠵᠠᠬ᠎ᠠ ᠳᠡᠯᠭᠡᠭᠦᠷ ᠤᠨ ᠬᠡᠷᠡᠭᠴᠡᠭᠡ ᠠᠴᠠ ᠰᠠᠯᠵᠤ᠂ ᠬᠥᠮᠦᠨ ᠬᠡᠷᠡᠭᠯᠡᠬᠦ ᠠᠴᠠ ᠰᠠᠯᠪᠠᠯ᠂ ᠦᠨᠡᠮᠯᠡᠯ ᠤᠨ ᠶᠠᠰᠤ ᠴᠢᠨᠠᠷ᠂ | ᠵᠠᠰᠠᠭ ᠤᠨ ᠣᠷᠳᠣᠨ ᠤ ᠡᠷᠬᠡ ᠰᠦᠷᠲᠦ ᠴᠢᠨᠠᠷ ᠢ ᠴᠤ ᠪᠠᠲᠤᠯᠠᠬᠤ ᠳᠤ ᠪᠡᠷᠬᠡ ᠶᠤᠮ᠃ ᠮᠠᠨ ᠤ ᠤᠯᠤᠰ ᠤᠨ ᠠᠵᠢᠯ | ᠮᠡᠷᠭᠡᠵᠢᠯ ᠤᠨ ᠬᠢᠷᠢ ᠬᠡᠮ ᠤᠨ ᠲᠦᠷᠢᠮ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ᠂ ᠵᠠᠰᠠᠭ ᠤᠨ | ᠣᠷᠳᠣᠨ ᠠᠴᠠ ᠭᠤᠤᠯᠯᠠᠨ ᠠᠬᠢᠭᠤᠯᠵᠤ᠂ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠬᠠᠮᠤᠷᠬᠤ ᠬᠡᠪᠴᠢᠶ᠎ᠡ | ᠦᠳᠲᠡᠷ ᠲᠦᠷᠭᠡᠨ ᠥᠷᠭᠡᠳᠴᠦ᠂ ᠬᠥᠮᠦᠰ ᠤᠨ ᠰᠡᠳᠬᠢᠯ ᠳᠤ ᠬᠠᠳᠠᠩᠰᠢᠵᠤ᠂ ᠥᠨᠥᠳᠦᠷ ᠤᠨ ᠥᠭᠡᠷᠡᠴᠢᠯᠡᠯᠲᠡ ᠳᠤ | ᠰᠠᠭᠤᠷᠢ ᠲᠠᠯᠪᠢᠵᠤ ᠥᠭᠭᠦᠭᠰᠡᠨ ᠪᠣᠯᠪᠠᠴᠤ ᠡᠭᠦᠨ ᠤ ᠵᠡᠷᠭᠡ ᠳᠤ ᠪᠠᠰᠠ ᠮᠠᠰᠢ ᠣᠯᠠᠨ ᠠᠰᠠᠭᠤᠳᠠᠯ ᠢᠯᠡᠷᠡᠭᠰᠡᠨ | ᠪᠠᠶᠢᠨ᠎ᠠ᠃ 20 ᠭᠠᠷᠤᠶ ᠵᠢᠯ ᠤᠨ ᠡᠮᠦᠨᠡᠬᠢ ᠲᠠᠢ ᠬᠠᠷᠢᠴᠠᠭᠤᠯᠪᠠᠯ᠂ ᠣᠳᠣᠬᠠᠨ ᠤ ᠪᠠᠶᠢᠳᠠᠯ ᠳᠤ ᠨᠢᠭᠡᠨᠲᠡ ᠮᠠᠰᠢ ᠶᠡᠭᠡ | ᠬᠤᠪᠢᠷᠠᠯᠲᠠ ᠭᠠᠷᠴᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠥᠭᠡᠷᠡᠴᠢᠯᠡᠯᠲᠡ ᠲᠠᠰᠤᠷᠠᠯᠲᠠ ᠥᠬᠡᠶ | ᠭᠦᠨᠵᠡᠭᠡᠶᠢᠷᠡᠵᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠵᠦ᠂ ᠴᠢᠨᠠᠷ ᠰᠠᠶᠢᠲᠠᠶ | ᠬᠥᠭᠵᠢᠯᠲᠡ ᠶᠢᠨ ᠵᠠᠮ ᠳᠤ ᠣᠷᠣᠵᠤ᠂ ᠠᠵᠢᠯ ᠣᠯᠭᠤᠬᠤ ᠪᠠ ᠠᠳᠠᠯ ᠦᠶ᠋ᠯᠡᠰ ᠴᠣᠭᠴᠠᠯᠠᠬᠤ ᠳᠤ ᠰᠢᠨ᠎ᠡ ᠪᠠᠶᠢᠳᠠᠯ | ᠲᠤᠯᠭᠠᠷᠠᠵᠤ᠂ ᠠᠵᠢᠯ ᠣᠯᠭᠤᠬᠤ ᠪᠠ ᠠᠳᠠᠯ ᠦᠶ᠋ᠯᠡᠰ ᠴᠣᠭᠴᠠᠯᠠᠬᠤ ᠪᠠᠷᠢᠮᠵᠢᠶ᠎ᠠ ᠶᠢ ᠳᠣᠷᠣᠭᠰᠢᠯᠠᠭᠤᠯᠤᠨ᠂ | ᠬᠥᠳᠡᠯᠮᠦᠷᠢᠴᠢᠳ ᠤᠨ ᠢᠳᠡᠪᠬᠢᠵᠢᠯ ᠢ ᠳᠠᠶᠢᠴᠢᠯᠠᠵᠤ᠂ ᠴᠢᠳᠠᠪᠤᠷᠢᠲᠠᠨ ᠤ ᠦᠶ᠋ᠯᠡᠳᠦᠯ ᠢᠶᠠᠨ ᠪᠠᠳᠠᠷᠠᠭᠤᠯᠬᠤ᠂ ᠠᠪᠢᠶᠠᠰ | ᠴᠢᠳᠠᠪᠤᠷᠢ ᠪᠠᠨ ᠪᠠᠳᠠᠷᠠᠭᠤᠯᠬᠤ ᠳᠤ ᠨᠠᠩ ᠥᠷᠭᠡᠨ ᠠᠭᠤᠳᠠᠮ ᠣᠷᠣᠨ ᠵᠠᠶ ᠬᠠᠩᠭᠠᠬᠤ ᠴᠢᠬᠤᠯᠠᠲᠠᠶ ᠪᠠᠶᠢᠨ᠎ᠠ᠃ | ᠡᠶᠢᠮᠦᠷᠬᠦ ᠪᠠᠶᠢᠳᠠᠯ ᠤᠨ ᠳᠣᠣᠷ᠎ᠠ᠂ ᠦᠨᠡᠯᠡᠬᠦ ᠠᠷᠭ᠎ᠠ ᠮᠠᠶ᠋ᠢᠭ ᠢ ᠤᠯᠠᠨ ᠡᠰᠢᠵᠢᠬᠦᠯᠬᠦ ᠪᠣᠯ ᠬᠠᠨᠳᠤᠰᠢ ᠮᠥᠨ᠂ ᠠᠵᠢᠯ | ᠮᠡᠷᠭᠡᠵᠢᠯ ᠤᠨ ᠬᠢᠷᠢ ᠬᠡᠮ ᠤᠨ ᠲᠦᠷᠦᠯ ᠵᠦᠢᠯ ᠢ ᠪᠠᠭᠠᠰᠬᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ | ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠦᠷᠢᠮ ᠢ ᠪᠠᠶᠢᠭᠤᠯᠬᠤ ᠨᠢ ᠶᠠᠭ ᠴᠠᠭ ᠲᠠᠭᠠᠨ ᠲᠤᠬᠢᠷᠠᠵᠤ ᠪᠠᠶᠢᠨ᠎ᠠ᠃ | | ᠭᠤᠷᠪᠠ ᠳᠤ ᠤᠷ᠎ᠠ ᠮᠡᠷᠭᠡᠰᠢᠯᠳᠦ ᠴᠢᠳᠠᠪᠤᠷᠢᠲᠠᠨ ᠤ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠳᠤ | ᠨᠡᠶᠢᠴᠡᠨ᠎ᠡ᠃ ᠰᠢᠨ᠎ᠡ ᠮᠠᠶ᠋ᠢᠭ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠦᠷᠢᠮ ᠤᠨ ᠭᠤᠣᠯᠳᠠᠯᠭ᠎ᠠ ᠪᠣᠯ | ᠳᠠᠷᠤᠶ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠠᠪᠤᠳᠠᠯ ᠪᠣᠯᠤᠨ᠎ᠠ᠂ ᠡᠨᠡ ᠨᠢ | ᠦᠨᠡᠯᠡᠬᠦ ᠠᠵᠢᠯ ᠢ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠠᠵᠢᠯ ᠮᠡᠷᠭᠡᠵᠢᠯ ᠤᠨ | ᠤᠷ᠎ᠠ ᠮᠡᠷᠭᠡᠰᠢᠯᠳᠦ ᠴᠢᠳᠠᠪᠤᠷᠢ ᠶᠢᠨ ᠦᠨᠡᠯᠡᠯᠲᠡ ᠶᠢᠨ ᠶᠠᠰᠤ ᠴᠢᠨᠠᠷ ᠪᠠ ᠤᠷ᠎ᠠ ᠮᠡᠷᠭᠡᠰᠢᠯᠳᠦ ᠴᠢᠳᠠᠪᠤᠷᠢ ᠶᠢᠨ | ᠦᠨᠡᠯᠡᠯᠲᠡ ᠶᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠪᠣᠯᠪᠠᠰᠤᠷᠠᠭᠤᠯᠬᠤ᠂ ᠦᠨᠡᠯᠡᠬᠦ ᠪᠠ ᠬᠡᠷᠡᠭᠯᠡᠬᠦ | ᠬᠠᠷᠠᠭᠠᠯᠵᠠᠯ ᠢ ᠤᠶᠠᠯᠳᠤᠭᠤᠯᠤᠭᠰᠠᠨ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ | ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠷ᠎ᠠ ᠴᠢᠳᠠᠪᠤᠷᠢ ᠲᠠᠢ ᠴᠢᠳᠠᠪᠤᠷᠢᠲᠠᠨ ᠪᠣᠯ | ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠢᠳᠡᠪᠬᠢᠲᠡᠶ ᠠᠵᠢᠯᠯᠠᠵᠤ ᠪᠠᠶᠢᠭ᠎ᠠ ᠬᠥᠳᠡᠯᠮᠦᠷᠢᠴᠢᠨ ᠪᠠ ᠦᠷᠳᠡᠭ ᠤᠨ | ᠡᠭᠦᠳᠦᠭᠴᠢ ᠮᠥᠨ᠂ ᠲᠡᠳᠡᠨ ᠤ ᠦᠵᠡᠯ ᠰᠠᠨᠠᠭ᠎ᠠ ᠶᠣᠰᠣ ᠮᠣᠷᠠᠯ᠂ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ | ᠦᠢᠯᠡᠳᠪᠦᠷᠢᠯᠡᠯ ᠤᠨ ᠦᠢᠯᠡᠳᠦᠯᠭᠡ ᠳᠤᠮᠳᠠ ᠢᠯᠡᠷᠡᠭᠦᠯᠬᠦ ᠳᠤ ᠪᠠᠰᠠ ᠡᠷᠬᠡᠪᠰᠢ ᠦᠢᠯᠡᠳᠪᠦᠷᠢᠯᠡᠯ ᠤᠨ | ᠦᠢᠯᠡᠳᠦᠯᠭᠡ ᠳᠤ ᠲᠦᠰᠢᠭᠯᠡᠨ ᠰᠢᠯᠭᠠᠬᠤ ᠬᠡᠷᠡᠭᠲᠡᠶ᠃ ᠠᠵᠤ ᠠᠬᠤᠶᠢᠯᠠᠯ ᠪᠣᠯ ᠬᠥᠮᠦᠨ ᠬᠡᠷᠡᠭᠯᠡᠬᠦ ᠶᠢᠨ ᠪᠡᠶᠡᠴᠢ | ᠴᠣᠭᠴᠠ ᠮᠥᠨ᠂ ᠶᠠᠮᠠᠷ ᠬᠥᠮᠦᠨ ᠢ ᠬᠡᠷᠡᠭᠰᠡᠬᠦ ᠶᠢ ᠠᠵᠤ ᠠᠬᠤᠶᠢᠯᠠᠯ ᠬᠠᠮᠤᠭ ᠠᠴᠠ ᠲᠣᠳᠣᠷᠬᠠᠶ ᠮᠡᠳᠡᠳᠡᠭ᠂ ᠤᠷ᠎ᠠ | ᠴᠢᠳᠠᠪᠤᠷᠢ ᠲᠠᠢ ᠬᠥᠳᠡᠯᠮᠦᠷᠢᠴᠢᠨ ᠤ ᠵᠠᠩ ᠮᠣᠷᠠᠯ᠂ ᠴᠢᠳᠠᠪᠤᠷᠢ ᠪᠠ ᠬᠢᠷᠢ ᠬᠡᠮᠵᠢᠶ᠎ᠡ᠂ ᠠᠵᠤ ᠠᠬᠤᠶᠢᠯᠠᠯ ᠬᠠᠮᠤᠭ ᠠᠴᠠ | ᠲᠣᠳᠣᠷᠬᠠᠶ ᠮᠡᠳᠡᠳᠡᠭ᠂ ᠬᠡᠷᠬᠢᠨ ᠦᠨᠡᠯᠡᠬᠦ᠂ ᠬᠡᠷᠡᠭᠯᠡᠬᠦ ᠶᠢ ᠠᠵᠤ ᠠᠬᠤᠶᠢᠯᠠᠯ ᠴᠤ ᠬᠠᠮᠤᠭ ᠠᠴᠠ ᠲᠣᠳᠣᠷᠬᠠᠶ | ᠮᠡᠳᠡᠳᠡᠭ᠃ ᠡᠶᠢᠮᠦ ᠠᠴᠠ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠦᠨᠡᠯᠡᠯᠲᠡ ᠬᠢᠬᠦ ᠶᠢ ᠶᠡᠭᠡ ᠪᠠᠷ | ᠬᠡᠷᠡᠭᠵᠢᠭᠦᠯᠬᠦ ᠨᠢ ᠪᠣᠯᠪᠠᠰᠤᠷᠠᠭᠤᠯᠬᠤ᠂ ᠦᠨᠡᠯᠡᠬᠦ ᠪᠠ ᠬᠡᠷᠡᠭᠯᠡᠬᠦ ᠬᠠᠷᠠᠭᠠᠯᠵᠠᠯ ᠢ ᠬᠠᠷᠢᠯᠴᠠᠨ ᠤᠶᠠᠯᠳᠤᠭᠤᠯᠤᠭᠰᠠᠨ | ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠬᠤ ᠳᠤ ᠠᠰᠢᠭᠲᠠᠶ ᠪᠠᠶᠢᠵᠤ᠂ | ᠰᠢᠨ᠎ᠡ ᠮᠠᠶ᠋ᠢᠭ ᠤᠨ ᠦᠨᠡᠯᠡᠯᠲᠡ ᠶᠢᠨ ᠲᠦᠷᠢᠮ ᠤᠨ ᠢᠯᠡ ᠲᠣᠳᠣ ᠣᠨᠴᠠᠯᠢᠭ ᠪᠣᠯᠬᠤ ᠪᠥᠭᠡᠳ ᠪᠠᠰᠠ ᠴᠤ ᠰᠢᠨ᠎ᠡ | ᠲᠦᠷᠢᠮ ᠤᠨ ᠠᠮᠢᠵᠢᠷᠠᠯ ᠤᠨ ᠬᠦᠴᠦᠨ ᠪᠣᠯᠬᠤ ᠶᠤᠮ᠃ | ᠲᠦᠷᠪᠡ ᠳᠤ᠂ ᠤᠯᠤᠰ ᠤᠨ ᠵᠠᠰᠠᠯᠲᠠ ᠶᠢᠨ ᠰᠢᠰᠲᠧᠮ᠂ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠱᠠᠭᠠᠷᠳᠠᠯᠭ᠎ᠠ ᠳᠤ ᠨᠡᠶᠢᠴᠡᠨ᠎ᠡ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠦᠬᠦᠳᠡ ᠬᠤᠷᠠᠯ ᠠᠴᠠ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠣᠳᠣᠬᠠᠨ ᠤ | ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠲᠦᠷᠢᠮ ᠤᠨ ᠥᠭᠡᠷᠡᠴᠢᠯᠡᠯᠲᠡ ᠨᠢ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠪᠦᠷᠢᠮᠦᠰᠦᠨ | ᠨᠡᠶᠢᠴᠡᠵᠦ ᠪᠠᠶᠢᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠵᠠᠬ᠎ᠠ ᠳᠡᠯᠭᠡᠭᠦᠷ ᠤᠨ | ᠦᠶ᠋ᠯᠡᠳᠦᠯ ᠢ ᠪᠠᠳᠠᠷᠠᠭᠤᠯᠬᠤ ᠵᠠᠷᠴᠢᠮ ᠶᠣᠰᠣᠭᠠᠷ᠂ ᠬᠢᠷᠢ ᠬᠡᠮᠵᠢᠶ᠎ᠡ ᠶᠢ ᠦᠨᠡᠯᠡᠬᠦ ᠲᠥᠷᠥᠯ ᠤᠨ ᠤᠷ᠎ᠠ ᠴᠢᠳᠠᠪᠤᠷᠢ ᠲᠠᠢ | ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠯᠡᠯᠲᠡ ᠶᠢ ᠨᠡᠶᠢᠭᠡᠮᠴᠢᠯᠡᠭᠰᠡᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠣᠯᠭᠠᠨ ᠥᠭᠡᠷᠡᠴᠢᠯᠡᠬᠦ ᠨᠢ ᠵᠠᠰᠠᠭ ᠤᠨ ᠣᠷᠳᠣᠨ ᠪᠣᠯᠤᠨ | ᠵᠠᠬ᠎ᠠ ᠳᠡᠯᠭᠡᠭᠦᠷ ᠤᠨ ᠬᠠᠷᠢᠴᠠᠭ᠎ᠠ ᠶᠢ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠴᠢᠳᠠᠪᠤᠷᠢ ᠶᠢ ᠲᠣᠭᠲᠠᠭᠠᠨ᠂ | ᠲᠣᠰ ᠲᠣᠰ ᠤᠨ ᠦᠶ᠋ᠯᠡᠳᠦᠯ ᠢ ᠪᠠᠳᠠᠷᠠᠭᠤᠯᠬᠤ ᠳᠤ ᠠᠰᠢᠭᠲᠠᠶ ᠶᠤᠮ᠃ | ᠡᠭᠦᠨ ᠤ ᠵᠡᠷᠭᠡ ᠳᠤ ᠰᠢᠨ᠎ᠡ ᠳᠦᠷᠢᠮ ᠳᠤ ᠪᠠᠰᠠ ᠵᠠᠰᠠᠭ ᠤᠨ ᠣᠷᠳᠣᠨ ᠤ ᠦᠢᠯᠡᠴᠢᠯᠡᠭᠡ ᠪᠣᠯᠤᠨ ᠬᠢᠨᠠᠨ | ᠬᠠᠮᠢᠶᠠᠷᠬᠤ ᠦᠢᠯᠡᠳᠦᠯ ᠢ ᠴᠢᠬᠤᠯᠠᠴᠢᠯᠠᠭᠰᠠᠨ ᠪᠠᠶᠢᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠦᠨᠡᠯᠡᠯᠲᠡ ᠶᠢᠨ ᠲᠦᠷᠢᠮ ᠢ ᠪᠠᠶᠢᠭᠤᠯᠬᠤ ᠳᠤ ᠤᠷ᠎ᠠ ᠴᠢᠳᠠᠪᠤᠷᠢ ᠶᠢᠨ ᠴᠢᠳᠠᠪᠤᠷᠢᠲᠠᠨ ᠤ | ᠦᠨᠡᠯᠡᠯᠲᠡ ᠶᠢᠨ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠪᠠᠷᠢᠮᠲᠠᠯᠠᠭᠰᠠᠨ ᠤᠷᠢᠲᠠᠯ ᠳᠣᠣᠷ᠎ᠠ᠂ ᠵᠠᠰᠠᠭ ᠤᠨ | ᠣᠷᠳᠣᠨ ᠤ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠂ ᠡᠨᠡ ᠪᠣᠯ ᠪᠠᠰᠠ ᠴᠤ ᠰᠢᠨ᠎ᠡ | ᠲᠦᠷᠢᠮ ᠤᠨ ᠪᠠᠶᠢᠪᠠᠰᠤ ᠵᠣᠬᠢᠬᠤ ᠠᠭᠤᠯᠭ᠎ᠠ ᠮᠥᠨ᠃ ᠡᠨᠡ ᠲᠠᠯ᠎ᠠ ᠪᠠᠷ᠂ ᠣᠯᠠᠨ ᠵᠢᠯ ᠤᠨ ᠲᠤᠷᠰᠢ ᠵᠠᠰᠠᠭ ᠤᠨ | ᠣᠷᠳᠣᠨ ᠢᠶᠠᠷ ᠭᠤᠤᠯᠯᠠᠭᠤᠯᠤᠭᠰᠠᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠪᠣᠷᠣ ᠲᠥᠯᠥᠪ ᠤᠨ | ᠳᠣᠲᠣᠷ᠎ᠠ ᠪᠠᠶᠢᠭᠤᠯᠤᠭᠰᠠᠨ ᠠᠵᠢᠯ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ᠂ ᠤᠷ᠎ᠠ ᠴᠢᠳᠠᠪᠤᠷᠢ ᠶᠢᠨ ᠬᠢᠨᠠᠨ | ᠲᠣᠭᠲᠠᠭᠠᠯᠲᠠ ᠶᠢᠨ ᠲᠦᠷᠢᠮ ᠵᠢᠴᠢ ᠦᠶ᠋ᠯᠡᠴᠢᠯᠡᠭᠡᠨ ᠤ ᠰᠢᠰᠲ᠋ᠧᠮ ᠵᠡᠷᠭᠡ ᠨᠢ ᠪᠠᠰᠠ ᠦᠶ᠋ᠯᠡᠳᠦᠯ ᠢᠶᠠᠨ ᠪᠠᠳᠠᠷᠠᠭᠤᠯᠬᠤ | ᠬᠡᠷᠡᠭᠲᠡᠶ᠂ ᠡᠭᠦᠨ ᠳᠤ ᠵᠠᠰᠠᠭ ᠵᠠᠬᠢᠷᠭᠠᠨ ᠤ ᠬᠢᠨᠠᠨ ᠵᠢᠯᠣᠭᠤᠳᠬᠤ ᠲᠦᠷᠢᠮ ᠵᠡᠷᠭᠡ ᠶᠢ ᠪᠠᠭᠲᠠᠭᠠᠭᠰᠠᠨ ᠴᠥᠮ | ᠪᠠᠷᠢᠮᠲᠠᠯᠠᠬᠤ ᠴᠢᠬᠤᠯᠠᠲᠠᠶ ᠶᠤᠮ᠃ ᠵᠠᠬ᠎ᠠ ᠳᠡᠯᠭᠡᠭᠦᠷ ᠤᠨ ᠤᠳᠤᠷᠢᠳᠤᠮᠵᠢ ᠪᠠᠷ ᠰᠠᠭᠤᠷᠢ ᠪᠣᠯᠭᠠᠵᠤ᠂ ᠬᠥᠮᠦᠨ | ᠬᠡᠷᠡᠭᠯᠡᠬᠦ ᠨᠢᠭᠡᠴᠢ ᠪᠠᠷ ᠭᠤᠣᠯ ᠴᠣᠭᠴᠠ ᠪᠣᠯᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ | ᠮᠠᠭᠠᠳᠯᠠᠨ ᠲᠣᠭᠲᠠᠭᠠᠬᠤ ᠪᠠᠷ ᠦᠨᠡᠯᠡᠬᠦ ᠠᠷᠭ᠎ᠠ ᠬᠡᠯᠪᠡᠷᠢ ᠪᠣᠯᠭᠠᠵᠤ᠂ ᠡᠭᠦᠨ ᠤ ᠳᠡᠭᠡᠷ᠎ᠡ ᠪᠠᠰᠠ ᠵᠠᠰᠠᠭ ᠤᠨ | ᠣᠷᠳᠣᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠪᠠᠷ ᠪᠠᠲᠤᠯᠠᠭ᠎ᠠ ᠪᠣᠯᠭᠠᠪᠠᠯ᠂ ᠰᠢᠨ᠎ᠡ ᠲᠦᠷᠢᠮ ᠤᠨ ᠨᠡᠯᠢᠶᠡᠳ | ᠪᠦᠷᠢᠨ ᠪᠦᠲᠦᠨ ᠪᠣᠷᠣ ᠲᠥᠯᠥᠪ ᠤᠨ ᠰᠢᠰᠲ᠋ᠧᠮ ᠢ ᠪᠦᠷᠢᠯᠳᠦᠭᠦᠯᠵᠦ ᠪᠣᠯᠤᠨ᠎ᠠ᠃ | ᠲᠦᠷᠢᠮ ᠤᠨ ᠬᠡᠯᠪᠡᠷᠢ ᠶᠢᠨ ᠬᠤᠪᠢᠷᠠᠯᠲᠠ ᠶᠢ ᠳᠠᠭᠠᠯᠳᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠵᠢᠴᠢ ︽ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠦᠨᠡᠯᠡᠯᠲᠡ ᠶᠢᠨ ᠶᠠᠰᠤ ᠴᠢᠨᠠᠷ ᠢ ᠬᠢᠨᠠᠨ ᠵᠢᠯᠣᠭᠤᠳᠬᠤ ᠠᠵᠢᠯ ᠤᠨ ᠲᠦᠷᠢᠮ ︵ᠲᠤᠷᠰᠢᠨ | ᠬᠡᠷᠡᠭᠵᠢᠭᠦᠯᠬᠦ︶︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠡᠭᠦᠨ ᠤ ᠤᠯᠠᠮ ᠠᠴᠠ ᠰᠢᠨ᠎ᠡ | ᠬᠠᠭᠤᠴᠢᠨ ᠲᠦᠷᠢᠮ ᠤᠨ ᠡᠮᠬᠢ ᠵᠢᠷᠤᠮ ᠲᠠᠢ ᠵᠣᠯᠭᠠᠯᠳᠤᠨ ᠰᠢᠯᠵᠢᠬᠦ ᠶᠢ ᠪᠠᠲᠤᠯᠠᠭᠰᠠᠨ ᠪᠠᠶᠢᠨ᠎ᠠ᠃ ᠵᠠᠰᠠᠭ ᠤᠨ | ᠣᠷᠳᠣᠨ ᠤ ᠦᠢᠯᠡᠴᠢᠯᠡᠭᠡ ᠪᠠ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠳᠣᠣᠷᠠᠬᠢ ᠬᠡᠳᠦᠨ ᠲᠠᠯ᠎ᠠ ᠪᠠᠷ | ᠴᠢᠩᠭᠠᠳᠬᠠᠬᠤ ᠬᠡᠷᠡᠭᠲᠡᠶ᠄ ᠨᠢᠭᠡ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠯᠡᠯᠲᠡ ᠶᠢᠨ ᠲᠦᠷᠢᠮ ᠳᠤ | ᠭᠦᠢᠴᠡᠳ ᠮᠡᠷᠭᠡᠵᠢᠯ ᠤᠨ ᠳᠡᠮᠵᠢᠯᠭᠡ ᠦᠵᠡᠭᠦᠯᠵᠦ᠂ ᠤᠯᠤᠰ ᠤᠨ ᠠᠵᠢᠯ ᠮᠡᠷᠭᠡᠵᠢᠯ ᠤᠨ ᠠᠩᠭᠢᠯᠠᠯ ᠤᠨ ᠶᠡᠭᠡ | ᠶᠣᠰᠣᠯᠠᠯ᠂ ᠤᠯᠤᠰ ᠤᠨ ᠠᠵᠢᠯ ᠮᠡᠷᠭᠡᠵᠢᠯ ᠤᠨ ᠪᠠᠷᠢᠮᠵᠢᠶ᠎ᠠ ᠶᠢᠨ ᠵᠢᠯᠣᠭᠤᠳᠬᠤ ᠦᠢᠯᠡᠳᠦᠯ ᠢ ᠪᠠᠷᠢᠮᠲᠠᠯᠠᠬᠤ ᠬᠡᠷᠡᠭᠲᠡᠶ᠃ | ᠬᠤᠶᠠᠷ ᠲᠤ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ | ᠦᠷᠭᠦᠯᠵᠢᠯᠡᠨ ᠪᠠᠳᠠᠷᠠᠭᠤᠯᠬᠤ ᠬᠡᠷᠡᠭᠲᠡᠶ᠃ ᠭᠤᠷᠪᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠤᠨ | ᠣᠷᠳᠣᠨ ᠬᠢᠨᠠᠨ ᠬᠠᠮᠢᠶᠠᠷᠬᠤ᠂ ᠪᠠᠶᠢᠭᠤᠯᠤᠮᠵᠢ ᠥᠪᠡᠷ ᠢ ᠪᠠᠨ ᠱᠠᠭᠠᠷᠳᠠᠬᠤ᠂ ᠨᠡᠶᠢᠭᠡᠮ ᠠᠴᠠ ᠬᠢᠨᠠᠯᠲᠠ ᠲᠠᠯᠪᠢᠬᠤ᠂ | ᠣᠯᠠᠨ ᠨᠡᠶᠢᠲᠡ ᠪᠠᠷ ᠢᠶᠠᠨ ᠣᠷᠣᠯᠴᠠᠬᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ | ᠬᠡᠷᠡᠭᠲᠡᠶ᠃ ᠦᠨᠡᠯᠡᠬᠦ ᠪᠠᠶᠢᠭᠤᠯᠤᠮᠵᠢ ᠶᠢᠨ ᠢᠲᠡᠭᠡᠮᠵᠢ ᠶᠢᠨ ᠲᠠᠩᠰᠠ ᠡᠪᠬᠡᠮᠡᠯ ᠪᠠ ᠪᠤᠴᠠᠭᠠᠨ ᠭᠠᠷᠭᠠᠬᠤ | ᠲᠣᠭᠲᠠᠴᠠ ᠶᠢ ᠪᠠᠶᠢᠭᠤᠯᠵᠤ᠂ ᠢᠯᠠᠩᠭᠤᠶ᠎ᠠ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠶᠢᠨ ᠮᠡᠳᠡᠭᠡ | ᠵᠠᠩᠭᠢ ᠶᠢᠨ ᠠᠷᠭ᠎ᠠ ᠪᠠᠷᠢᠯ ᠢ ᠬᠡᠷᠡᠭᠯᠡᠨ᠂ ᠦᠨᠡᠯᠡᠬᠦ ᠠᠵᠢᠯ ᠳᠤ ᠪᠥᠬᠦ ᠶᠠᠪᠤᠴᠠ ᠶᠢᠨ᠂ ᠪᠥᠬᠦ ᠲᠠᠯ᠎ᠠ ᠶᠢᠨ᠂ ᠥᠨᠴᠥᠭ | ᠪᠤᠯᠤᠩ ᠥᠬᠡᠶ ᠬᠢᠨᠠᠯᠲᠠ ᠲᠠᠯᠪᠢᠵᠤ᠂ ᠮᠡᠷᠭᠡᠵᠢᠯ ᠴᠢᠳᠠᠪᠤᠷᠢ ᠶᠢᠨ ᠦᠨᠡᠯᠡᠯᠲᠡ ᠶᠢᠨ ᠠᠵᠢᠯ ᠤᠨ ᠵᠢᠷᠤᠮᠵᠢᠯ ᠲᠠᠢ ᠡᠮᠬᠢ | ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠵᠤ᠂ ᠦᠨᠡᠯᠡᠯᠲᠡ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ︵ | ᠵᠣᠬᠢᠶᠠᠭᠴᠢ᠄ ᠼᠦᠢ ᠴᠢᠦ ᠯᠢ᠂ ᠱᠠᠨᠳᠦ᠋ᠩ ᠤᠨ ᠬᠥᠳᠡᠯᠮᠦᠷᠢ ᠶᠢᠨ ᠮᠡᠷᠭᠡᠵᠢᠯᠲᠡᠨ ᠤ ᠳᠡᠭᠡᠳᠦ ᠰᠤᠷᠭᠠᠭᠤᠯᠢ ᠶᠢᠨ | ᠤᠤᠯ ᠤᠨ ᠨᠠᠮ ᠤᠨ ᠬᠤᠷᠢᠶᠠᠨ ᠤ ᠱᠦᠵᠢ︶ | ᠮᠡᠷᠭᠡᠵᠢᠯ ᠤᠨ ᠴᠢᠳᠠᠪᠤᠷᠢᠲᠠᠨ ᠤ ᠦᠨᠡᠯᠡᠯᠲᠡ ᠰᠢᠨ᠎ᠡ ᠬᠥᠭᠵᠢᠯᠲᠡ ᠶᠢᠨ ᠱᠠᠲᠤᠨ ᠳᠤ ᠣᠷᠣᠪᠠ | ᠲᠦᠷᠦᠭᠦᠬᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 2021 | ᠣᠨ ᠤ ᠬᠡᠪᠯᠡᠯ ᠤᠨ ︽ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ︾ ᠢ ᠨᠡᠶᠢᠲᠡᠯᠡᠪᠡ᠂ 2017 | ᠣᠨ ᠤ ᠬᠡᠪᠯᠡᠯ ᠤᠨ ︽ᠭᠠᠷᠴᠠᠭ︾ ᠢ ᠪᠤᠳᠤᠪᠠᠯ ᠬᠠᠮᠤᠭ ᠤᠨ ᠶᠡᠭᠡ ᠬᠤᠪᠢᠷᠠᠯᠲᠠ ᠨᠢ ᠬᠢᠷᠢ ᠲᠦᠪᠰᠢᠨ ᠤ | ᠦᠨᠡᠯᠡᠯᠲᠡ ᠶᠢᠨ ᠲᠥᠷᠥᠯ ᠤᠨ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ︽ | ᠭᠠᠷᠴᠠᠭ︾ ᠠᠴᠠ ᠪᠦᠬᠦᠨ ᠢ ᠬᠠᠰᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ ᠶᠢ ᠬᠡᠷᠡᠭᠵᠢᠭᠦᠯᠦᠨ᠎ᠡ᠃ ᠡᠭᠦᠨ ᠠᠴᠠ ᠬᠤᠶᠢᠰᠢ᠂ 13 ᠵᠦᠶ᠋ᠯ ᠤᠨ ᠤᠷ᠎ᠠ ᠮᠡᠷᠭᠡᠰᠢᠯᠳᠦ ᠠᠵᠢᠯᠲᠠᠨ ᠤ | ᠠᠵᠢᠯ ᠮᠡᠷᠭᠡᠵᠢᠯ ᠤᠨ ᠬᠢᠷᠢ ᠬᠡᠮ ᠢ ᠬᠠᠷᠠᠬᠠᠨ ︽ᠭᠠᠷᠴᠠᠭ︾ ᠲᠤ ᠦᠯᠡᠳᠡᠭᠡᠵᠦ᠂ ᠮᠢᠩᠭ᠎ᠠ ᠭᠠᠷᠤᠶ ᠤᠷ᠎ᠠ | ᠮᠡᠷᠭᠡᠰᠢᠯ ᠤᠨ ᠲᠥᠷᠥᠯ ᠤᠨ ᠠᠵᠢᠯ ᠮᠡᠷᠭᠡᠵᠢᠯ ᠪᠠ ᠠᠵᠢᠯ ᠤᠨ ᠲᠥᠷᠥᠯ ᠳᠤ ᠠᠵᠢᠯ ᠮᠡᠷᠭᠡᠵᠢᠯ ᠤᠨ ᠤᠷ᠎ᠠ | ᠮᠡᠷᠭᠡᠰᠢᠯ ᠤᠨ ᠵᠡᠷᠭᠡ ᠳᠡᠰ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠪᠡ᠂ ᠡᠨᠡ ᠨᠢ ᠮᠠᠨ ᠤ ᠤᠯᠤᠰ ᠤᠨ ᠤᠷ᠎ᠠ | ᠮᠡᠷᠭᠡᠰᠢᠯᠳᠦ ᠴᠢᠳᠠᠪᠤᠷᠢᠲᠠᠨ ᠤ ᠦᠨᠡᠯᠡᠯᠲᠡ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ | ᠪᠠᠶᠢᠨ᠎ᠠ᠃ | ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ | ᠬᠢᠷᠢ ᠬᠡᠮ ᠤᠨ ︽ᠭᠠᠷᠴᠠᠭ︾ ᠠᠴᠠ ᠤᠬᠤᠷᠢᠨ ᠭᠠᠷᠬᠤ᠂ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠵᠡᠷᠭᠡ | ᠳᠡᠰ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠮᠠᠨ ᠤ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠪᠠᠶᠢᠭᠤᠯᠤᠭᠳᠠᠭᠰᠠᠨ ᠴᠠᠭ ᠠᠴᠠ ᠪᠠᠨ | ᠠᠪᠤᠭᠠᠳ ᠳᠠᠷᠤᠶ ᠤᠷ᠎ᠠ ᠮᠡᠷᠭᠡᠵᠢᠯ ᠤᠨ ᠲᠦᠷᠦᠯ ᠤᠨ ᠠᠵᠢᠯ ᠮᠡᠷᠭᠡᠵᠢᠯ ᠳᠤ ᠬᠠᠨᠳᠤᠭᠤᠯᠤᠭᠰᠠᠨ ᠠᠵᠢᠯ | ᠮᠡᠷᠭᠡᠵᠢᠯ ᠤᠨ ᠤᠷ᠎ᠠ ᠮᠡᠷᠭᠡᠵᠢᠯ ᠤᠨ ᠬᠢᠨᠠᠨ ᠲᠣᠭᠲᠠᠭᠠᠯᠲᠠ ᠪᠠ ᠲᠤᠰᠬᠠᠶ ᠮᠡᠷᠭᠡᠵᠢᠯ ᠤᠨ ᠲᠦᠷᠦᠯ ᠤᠨ ᠠᠵᠢᠯ | ᠮᠡᠷᠭᠡᠵᠢᠯ ᠳᠤ ᠬᠠᠨᠳᠤᠭᠤᠯᠤᠭᠰᠠᠨ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠯᠡᠯᠲᠡ ᠭᠡᠬᠦ ᠬᠤᠶᠠᠷ ᠲᠦᠷᠦᠯ ᠤᠨ | ᠬᠥᠮᠦᠰ ᠤᠨ ᠬᠢᠷᠢ ᠬᠡᠮ ᠢᠶᠠᠷ ᠪᠦᠷᠢᠯᠳᠦᠭᠰᠡᠨ ᠶᠤᠮ᠃ 1994 ᠣᠨ ᠳᠤ᠂ ᠤᠤᠯ ᠤᠨ ᠬᠥᠳᠡᠯᠮᠦᠷᠢ ᠶᠢᠨ ᠶᠠᠮᠤᠨ᠂ | ᠤᠤᠯ ᠤᠨ ᠠᠵᠢᠯᠲᠠᠨ ᠤ ᠶᠠᠪᠤᠳᠠᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽︿ᠠᠵᠢᠯ ᠮᠡᠷᠭᠡᠵᠢᠯ ᠤᠨ ᠬᠢᠷᠢ | ᠬᠡᠮ ᠤᠨ ᠦᠨᠡᠮᠯᠡᠯ ᠤᠨ ᠲᠣᠭᠲᠠᠭᠠᠯ﹀ ᠢ ᠣᠯᠭᠤᠬᠤ ᠲᠤᠬᠠᠶ ᠮᠡᠳᠡᠭᠳᠡᠯ︾ ︵ᠬᠥᠳᠡᠯᠮᠦᠷᠢ ᠶᠠᠮᠤᠨ ᠲᠠᠷᠬᠠᠭᠠᠭᠰᠠᠨ ﹇ | 1994﹈ 98 ᠳ᠋ᠤᠭᠠᠷ ᠲᠣᠭᠠᠲᠤ︶ ᠤᠨ ᠵᠢᠷᠭᠤᠳᠤᠭᠠᠷ ᠵᠦᠢᠯ ᠳᠤ᠄ ︽ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠳᠤ ᠵᠠᠰᠠᠭ ᠤᠨ ᠣᠷᠳᠣᠨ ᠤ ᠵᠢᠯᠤᠭᠤᠳᠤᠯᠭ᠎ᠠ ᠳᠣᠣᠷᠠᠬᠢ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠵᠦ | ᠂ ᠲᠦᠷᠦ ᠶᠢᠨ ᠶᠠᠪᠤᠳᠠᠯ ᠤᠨ ᠬᠤᠷᠢᠶᠠᠨ ᠤ ᠬᠥᠳᠡᠯᠮᠦᠷᠢ᠂ ᠠᠵᠢᠯᠲᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠶᠡᠷᠦᠩᠬᠡᠶᠢᠯᠡᠨ ᠬᠠᠮᠢᠶᠠᠷᠤᠨ᠎ᠠ᠃ ᠡᠳᠦᠶ ᠲᠡᠳᠦᠶ ᠲᠤᠰᠬᠠᠶ ᠮᠡᠷᠭᠡᠵᠢᠯ ᠤᠨ ᠬᠢᠷᠢ ᠬᠡᠮ ᠪᠠ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ︵ᠮᠠᠰᠲ᠋ᠧᠷ᠂ ᠳᠡᠭᠡᠳᠦ ᠵᠡᠷᠭᠡ ᠶᠢᠨ ᠮᠠᠰᠲ᠋ᠧᠷ ᠰᠢᠯᠭᠠᠨ | ᠲᠣᠭᠲᠠᠭᠠᠬᠤ ᠪᠠ ᠮᠡᠷᠭᠡᠵᠢᠯ ᠤᠨ ᠵᠡᠷᠭᠡ ᠳᠡᠰ ᠤᠨ ᠬᠢᠨᠠᠨ ᠰᠢᠯᠭᠠᠯᠲᠠ︶ ᠶᠢ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠤᠨ ᠲᠦᠷᠢᠮ ᠳᠤ ᠣᠷᠣᠭᠤᠯᠤᠨ᠎ᠠ᠃ ᠬᠥᠳᠡᠯᠮᠦᠷᠢ ᠶᠢᠨ ᠶᠠᠮᠤᠨ ᠮᠡᠷᠭᠡᠵᠢᠯ ᠴᠢᠳᠠᠪᠤᠷᠢ ᠪᠠᠷ ᠭᠤᠣᠯ | ᠪᠣᠯᠭᠠᠭᠰᠠᠨ ᠠᠵᠢᠯ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠯᠲᠠ ᠪᠠ ᠦᠨᠡᠮᠯᠡᠯ ᠢ ᠬᠢᠨᠠᠨ ᠣᠯᠭᠤᠬᠤ ᠪᠠ | ᠬᠠᠮᠢᠶᠠᠷᠬᠤ ᠶᠢ ᠬᠠᠷᠢᠭᠤᠴᠠᠨ᠎ᠠ ︵ᠦᠨᠡᠮᠯᠡᠯ ᠤᠨ ᠨᠡᠷᠡᠶᠢᠳᠦᠯ᠂ ᠲᠥᠷᠥᠯ ᠵᠦᠢᠯ ᠢ ᠣᠳᠣ ᠶᠢᠨ ᠬᠡᠷᠡᠭᠵᠢᠭᠦᠯᠵᠦ | ᠪᠠᠶᠢᠭ᠎ᠠ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︶᠃ ᠠᠵᠢᠯᠳᠡᠠ ᠤ ᠶᠠᠪᠤᠳᠠᠯ ᠤᠨ ᠶᠠᠮᠤᠨ ᠲᠤᠰᠬᠠᠶ ᠮᠡᠷᠭᠡᠵᠢᠯ ᠤᠨ | ᠠᠵᠢᠯᠳᠡᠠ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠯᠡᠯᠲᠡ ᠪᠠ ᠦᠨᠡᠮᠯᠡᠯ ᠢ ᠬᠢᠨᠠᠨ ᠣᠯᠭᠤᠬᠤ ᠪᠠ ᠬᠠᠮᠢᠶᠠᠷᠬᠤ | ᠠᠵᠢᠯ ᠢ ᠬᠠᠷᠢᠭᠤᠴᠠᠨ᠎ᠠ︾ ᠭᠡᠵᠦ ᠵᠠᠰᠠᠪᠠ᠃ ᠡᠭᠦᠨ ᠳᠤ᠂ ᠤᠷ᠎ᠠ ᠮᠡᠷᠭᠡᠰᠢᠯᠳᠦ ᠬᠥᠮᠦᠰ ᠲᠤ ᠬᠠᠨᠳᠤᠭᠤᠯᠤᠭᠰᠠᠨ | ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠬᠢᠨᠠᠨ ᠲᠣᠭᠲᠠᠭᠠᠬᠤ ᠲᠦᠷᠢᠮ ᠨᠢ ᠤᠯᠤᠰ ᠤᠨ ᠠᠵᠢᠯ ᠮᠡᠷᠭᠡᠵᠢᠯ ᠤᠨ ᠬᠢᠷᠢ | ᠬᠡᠮ ᠤᠨ ᠲᠦᠷᠢᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠠᠵᠤ ᠠᠬᠤᠶ ᠨᠡᠶᠢᠭᠡᠮ ᠤᠨ | ᠲᠦᠷᠭᠡᠨ ᠬᠥᠭᠵᠢᠯᠲᠡ ᠶᠢ ᠲᠤᠯᠭᠠᠭᠤᠷᠢᠯᠠᠬᠤ ᠳᠤ ᠴᠢᠬᠤᠯᠠ ᠦᠶ᠋ᠯᠡᠳᠦᠯ ᠪᠠᠳᠠᠷᠠᠭᠤᠯᠤᠭᠰᠠᠨ ᠪᠠᠶᠢᠨ᠎ᠠ᠃ ᠲᠡᠭᠦᠨ ᠠᠴᠠ | ᠬᠤᠶᠢᠰᠢᠬᠢ 20 ᠭᠠᠷᠤᠶ ᠵᠢᠯ ᠤᠨ ᠬᠥᠭᠵᠢᠯᠲᠡ ᠶᠢᠨ ᠶᠠᠪᠤᠴᠠ ᠳᠤ᠂ ᠮᠠᠨ ᠤ ᠤᠯᠤᠰ ᠤᠷᠢᠳ ᠬᠤᠵᠢᠳ 219 | ᠵᠦᠢᠯ ᠤᠨ ᠲᠤᠰᠬᠠᠶ ᠮᠡᠷᠭᠡᠵᠢᠯ ᠤᠨ ᠲᠦᠷᠦᠯ ᠪᠠ 399 ᠵᠦᠢᠯ ᠤᠨ ᠤᠷ᠎ᠠ ᠮᠡᠷᠭᠡᠵᠢᠯ ᠤᠨ ᠲᠦᠷᠦᠯ ᠤᠨ ᠤᠯᠤᠰ ᠤᠨ | ᠠᠵᠢᠯ ᠮᠡᠷᠭᠡᠵᠢᠯ ᠤᠨ ᠬᠢᠷᠢ ᠬᠡᠮ ᠢ ᠪᠠᠶᠢᠭᠤᠯᠪᠠ᠃ | 2017 ᠣᠨ ᠤ 9 ᠰᠠᠷ᠎ᠠ ᠳᠤ᠂ ︽ᠲᠤᠯᠤᠭᠠᠨ ᠵᠢᠯ ᠳᠠᠷᠠᠭᠠᠯᠠᠨ ᠲᠣᠳᠣᠷᠬᠠᠶᠢᠯᠠᠬᠤ︾ ᠶᠢ | ᠥᠩᠭᠡᠷᠡᠭᠦᠯᠦᠭᠰᠡᠨ ᠤ ᠳᠠᠷᠠᠭ᠎ᠠ᠂ 2017 ᠣᠨ ᠤ ︽ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ︾ | ᠢ ᠵᠢᠩᠬᠢᠨᠢ ᠪᠠᠷ ᠨᠡᠶᠢᠲᠡᠯᠡᠵᠦ᠂ ᠮᠠᠨ ᠤ ᠤᠯᠤᠰ ᠤᠨ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ 618 | ᠪᠠᠶᠢᠭᠰᠠᠨ ᠠᠴᠠ ᠪᠠᠨ 140 ᠪᠣᠯᠤᠨ ᠪᠠᠭᠠᠰᠴᠤ᠂ ᠤᠷ᠎ᠠ ᠮᠡᠷᠭᠡᠵᠢᠯ ᠤᠨ ᠲᠥᠷᠥᠯ ᠤᠨ ᠠᠵᠢᠯ ᠮᠡᠷᠭᠡᠵᠢᠯ ᠤᠨ ᠬᠢᠷᠢ | ᠬᠡᠮ 399 ᠪᠠᠶᠢᠭᠰᠠᠨ ᠠᠴᠠ ᠪᠠᠨ 81 ᠪᠣᠯᠤᠨ ᠪᠠᠭᠤᠷᠠᠪᠠ᠃ ᠮᠠᠨ ᠤ ᠤᠯᠤᠰ ᠤᠨ ᠠᠵᠢᠯ ᠮᠡᠷᠭᠡᠵᠢᠯ ᠤᠨ ᠬᠢᠷᠢ | ᠬᠡᠮ ᠤᠨ ᠲᠦᠷᠢᠮ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠤᠷ᠎ᠠ ᠮᠡᠷᠭᠡᠰᠢᠯᠳᠦ | ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠲᠤᠭ᠎ᠠ ᠬᠡᠮᠵᠢᠶ᠎ᠡ ᠶᠡᠭᠡ ᠪᠠᠷ ᠪᠠᠭᠠᠰᠴᠤ᠂ ᠨᠡᠶᠢᠭᠡᠮ ᠪᠠ ᠵᠠᠬ᠎ᠠ | ᠳᠡᠯᠭᠡᠭᠦᠷ ᠲᠠᠬᠢ ᠤᠷ᠎ᠠ ᠮᠡᠷᠭᠡᠰᠢᠯᠳᠦ ᠴᠢᠳᠠᠪᠤᠷᠢᠲᠠᠨ ᠤ ᠦᠨᠡᠯᠡᠯᠲᠡ ᠶᠢᠨ ᠠᠴᠢᠶᠠᠯᠠᠪᠤᠷᠢ ᠶᠢ ᠬᠦᠨᠳᠦ ᠨᠣᠴᠢᠲᠠᠶ | ᠳᠤᠲᠠᠭᠳᠠᠭᠤᠯᠵᠤ᠂ ᠵᠣᠬᠢᠴᠠᠩᠭᠤᠶ ᠠᠵᠢᠯ ᠮᠡᠷᠭᠡᠵᠢᠯ ᠤᠨ ᠴᠢᠳᠠᠪᠤᠷᠢ ᠶᠢᠨ ᠭᠡᠷᠡᠴᠢᠯᠡᠯ ᠥᠬᠡᠶ ᠭᠡᠵᠦ ᠠᠵᠤ ᠠᠬᠤᠶᠢᠯᠠᠯ | ᠪᠠ ᠬᠥᠳᠡᠯᠮᠦᠷᠢᠴᠢᠨ ᠬᠤᠶᠢᠨ᠎ᠠ ᠬᠤᠶᠢᠨ᠎ᠠ ᠠᠴᠠ ᠪᠠᠨ ᠲᠤᠰᠬᠠᠵᠤ᠂ ᠠᠵᠤ ᠠᠬᠤᠶᠢᠯᠠᠯ ᠤᠨ ᠬᠥᠮᠦᠨ ᠰᠣᠩᠭᠤᠵᠤ | ᠬᠥᠮᠦᠨ ᠬᠡᠷᠡᠭᠯᠡᠬᠦ ᠵᠢᠴᠢ ᠬᠥᠳᠡᠯᠮᠦᠷᠢᠴᠢᠨ ᠤ ᠠᠵᠢᠯ ᠡᠷᠢᠵᠦ ᠠᠵᠢᠯ ᠤᠯᠬᠤ ᠪᠠ ᠦᠰᠦᠨ ᠪᠤᠶᠢᠵᠢᠵᠤ ᠴᠢᠳᠠᠪᠤᠷᠢᠲᠠᠨ | ᠪᠣᠯᠬᠤ ᠶᠢ ᠨᠥᠯᠥᠭᠡᠯᠡᠵᠦ ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ | ᠶᠠᠪᠤᠴᠠ ᠳᠤ ᠤᠷ᠎ᠠ ᠴᠢᠳᠠᠪᠤᠷᠢ ᠶᠢᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠪᠠᠶᠢᠳᠠᠯ ᠳᠤ ᠲᠤᠯᠭᠠᠷᠠᠵᠤ᠂ | ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠠᠵᠢᠯ ᠢ ᠴᠢᠩᠭᠠᠳᠬᠠᠬᠤ ᠪᠠᠷ ᠳᠡᠮᠵᠢᠨ᠂ ᠤᠷ᠎ᠠ ᠮᠡᠷᠭᠡᠰᠢᠯᠳᠦ | ᠴᠢᠳᠠᠪᠤᠷᠢᠲᠠᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠬᠤ ᠳᠤ ᠤᠷ᠎ᠠ ᠮᠡᠷᠭᠡᠰᠢᠯᠳᠦ | ᠴᠢᠳᠠᠪᠤᠷᠢᠲᠠᠨ ᠢ ᠦᠨᠡᠯᠡᠬᠦ ᠲᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠵᠠᠬ᠎ᠠ | ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠤᠨ ᠬᠡᠷᠡᠭᠴᠡᠭᠡ ᠳᠤ ᠨᠡᠩ ᠨᠡᠶᠢᠴᠡᠭᠰᠡᠨ ᠦᠨᠡᠯᠡᠬᠦ ᠲᠣᠭᠲᠠᠴᠠ ᠶᠢ | ᠪᠠᠶᠢᠭᠤᠯᠵᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠪᠠ ᠥᠷᠭᠡᠨ ᠤᠯᠠᠨ ᠬᠥᠳᠡᠯᠮᠦᠷᠢᠴᠢᠳ ᠲᠤ ᠠᠵᠢᠯ | ᠮᠡᠷᠭᠡᠵᠢᠯ ᠤᠨ ᠤᠷ᠎ᠠ ᠮᠡᠷᠭᠡᠰᠢᠯ ᠢ ᠦᠨᠡᠯᠡᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠮᠦᠨ ᠰᠣᠩᠭᠤᠵᠤ | ᠬᠥᠮᠦᠨ ᠬᠡᠷᠡᠭᠯᠡᠬᠦ ᠵᠢᠴᠢ ᠬᠥᠳᠡᠯᠮᠦᠷᠢᠴᠢᠳ ᠤᠨ ᠠᠵᠢᠯ ᠡᠷᠢᠵᠦ ᠠᠵᠢᠯ ᠤᠯᠬᠤ ᠪᠠ ᠦᠰᠦᠨ ᠪᠤᠶᠢᠵᠢᠵᠤ | ᠴᠢᠳᠠᠪᠤᠷᠢᠲᠠᠨ ᠪᠣᠯᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ | ᠪᠠᠶᠢᠨ᠎ᠠ᠃ | ᠠᠵᠤ ᠠᠬᠤᠶᠢᠯᠠᠯ ᠪᠣᠯ ᠬᠥᠮᠦᠨ ᠬᠡᠷᠡᠭᠯᠡᠬᠦ ᠪᠡᠶᠡᠴᠢ ᠴᠣᠭᠴᠠ ᠮᠥᠨ ᠪᠣᠯᠬᠤᠷ ᠬᠥᠮᠦᠨ ᠰᠣᠩᠭᠤᠵᠤ ᠬᠥᠮᠦᠨ | ᠬᠡᠷᠡᠭᠯᠡᠬᠦ ᠪᠣᠳᠠᠲᠤ ᠪᠠᠶᠢᠳᠠᠯ ᠢ ᠣᠶᠢᠯᠠᠭᠠᠬᠤ ᠬᠡᠷᠡᠭᠲᠡᠶ ᠭᠡᠳᠡᠭ ᠢ ᠣᠯᠵᠤ ᠬᠠᠷᠠᠬᠤ ᠬᠡᠷᠡᠭᠲᠡᠶ᠃ ᠣᠷᠴᠢᠨ ᠲᠣᠭᠤᠷᠢᠨ ᠢ | ᠠᠵᠢᠭᠯᠠᠬᠤ ᠦᠶ᠋ᠯᠡᠳᠬᠦ ᠦᠶ᠋ᠯᠡᠰ ᠤᠨ ᠬᠥᠭᠵᠢᠭᠰᠡᠨ ᠤᠯᠤᠰ ᠤᠨ ᠬᠢᠳᠡᠯ ᠳᠤ᠂ ᠲᠡᠭᠦᠨ ᠤ ᠳᠡᠭᠡᠳᠦ ᠵᠡᠷᠭᠡ ᠶᠢᠨ | ᠮᠠᠰᠲ᠋ᠧᠷ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢᠨ ᠦᠨᠡᠯᠡᠯᠲᠡ ᠶᠢ ᠦᠨᠳᠦᠰᠦᠨ ᠳᠡᠭᠡᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠥᠬᠡᠶ᠂ ᠨᠡᠶᠢᠳᠡᠮ ᠳᠡᠭᠡᠨ ᠵᠠᠬ᠎ᠠ ᠳᠡᠯᠭᠡᠭᠦᠷ ᠪᠠ ᠨᠡᠶᠢᠭᠡᠮ ᠠᠴᠠ | ᠮᠠᠭᠠᠳᠯᠠᠨ ᠲᠣᠭᠲᠠᠭᠠᠭᠰᠠᠨ ᠶᠤᠮ᠃ ᠡᠭᠦᠨ ᠢ ᠦᠨᠳᠦᠰᠦᠯᠡᠨ᠂ ᠤᠷ᠎ᠠ ᠮᠡᠷᠭᠡᠵᠢᠯ ᠲᠠᠢ ᠬᠥᠮᠦᠰ ᠲᠤ | ᠬᠠᠨᠳᠤᠭᠤᠯᠤᠭᠰᠠᠨ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠵᠡᠷᠭᠡ ᠳᠡᠰ ᠤᠨ ᠳᠦᠷᠢᠮ ᠢ ᠪᠠᠶᠢᠭᠤᠯᠤᠨ | ᠬᠡᠷᠡᠭᠵᠢᠭᠦᠯᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ | ᠦᠨᠡᠯᠡᠯᠲᠡ ᠶᠢᠨ ᠬᠡᠪ ᠵᠠᠭᠪᠤᠷ ᠢ ᠬᠤᠪᠢᠷᠠᠭᠤᠯᠵᠤ᠂ ᠵᠠᠬ᠎ᠠ ᠳᠡᠯᠭᠡᠭᠦᠷ ᠪᠠ ᠬᠥᠮᠦᠨ ᠬᠡᠷᠡᠭᠯᠡᠬᠦ ᠨᠢᠭᠡᠴᠢ ᠳᠤ ᠡᠷᠬᠡ ᠶᠢ | ᠭᠦᠢᠴᠡᠳ ᠪᠠᠭᠤᠯᠭᠠᠬᠤ ᠪᠣᠯ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠶᠢᠨ ᠢᠯᠡᠷᠡᠯ | ᠪᠣᠯᠬᠤ ᠪᠠᠷ ᠪᠠᠷᠠᠬᠤ ᠦᠭᠡᠢ ᠨᠡᠩ ᠴᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠤᠷ᠎ᠠ ᠮᠡᠷᠭᠡᠰᠢᠯᠳᠦ | ᠴᠢᠳᠠᠪᠤᠷᠢᠲᠠᠨ ᠢ ᠬᠥᠮᠦᠵᠢᠭᠦᠯᠵᠦ ᠬᠡᠷᠡᠭᠯᠡᠬᠦ ᠲᠣᠭᠲᠠᠴᠠ ᠶᠢ ᠪᠤᠢ ᠪᠣᠯᠭᠠᠭᠰᠠᠨ ᠬᠤᠪᠢᠰᠬᠠᠯ ᠮᠥᠨ᠂ ᠠᠯᠤᠰ | ᠬᠤᠯᠠ ᠠᠴᠠ ᠠᠪᠴᠤ ᠦᠵᠡᠪᠡᠯ᠂ ᠤᠷ᠎ᠠ ᠮᠡᠷᠭᠡᠰᠢᠯᠳᠦ ᠴᠢᠳᠠᠪᠤᠷᠢᠲᠠᠨ ᠤ ᠦᠰᠦᠨ ᠪᠤᠶᠢᠵᠢᠬᠤ ᠪᠠ ᠤᠷᠠᠨ ᠲᠠᠷᠬᠠᠨ ᠤ | ᠵᠣᠷᠢᠭ ᠰᠠᠨᠠᠭ᠎ᠠ ᠶᠢ ᠪᠠᠳᠠᠷᠠᠭᠤᠯᠬᠤ ᠳᠤ ᠦᠵᠡᠭᠦᠯᠬᠦ ᠬᠢᠵᠠᠭᠠᠷᠯᠠᠯ ᠢ ᠡᠪᠳᠡᠵᠦ᠂ ᠠᠵᠤ ᠦᠢᠯᠡᠰ ᠤᠨ ᠲᠡᠰ ᠳᠡᠪᠰᠢᠬᠦ | ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠶᠤᠮ᠃ | 2021 ᠣᠨ ᠤ ︽ᠭᠠᠷᠴᠠᠭ︾ ᠢ ᠨᠡᠶᠢᠲᠡᠯᠡᠭᠰᠡᠨ ᠨᠢ ᠮᠠᠨ ᠤ ᠤᠯᠤᠰ ᠤᠨ ᠠᠵᠢᠯ ᠮᠡᠷᠭᠡᠵᠢᠯ ᠤᠨ ᠬᠢᠷᠢ | ᠬᠡᠮ ᠤᠨ ᠲᠦᠷᠢᠮ ᠤᠨ ᠥᠭᠡᠷᠡᠴᠢᠯᠡᠯᠲᠡ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ | ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠦᠨᠡᠯᠡᠯᠲᠡ ᠶᠢᠨ ᠠᠵᠢᠯ ᠰᠢᠨ᠎ᠡ | ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ | ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ | ᠮᠡᠷᠭᠡᠵᠢᠯ ᠤᠨ ᠬᠢᠷᠢ ᠬᠡᠮ ᠤᠨ ︽ᠭᠠᠷᠴᠠᠭ︾ ᠠᠴᠠ ᠤᠬᠤᠷᠢᠨ ᠭᠠᠷᠬᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠵᠠᠰᠠᠭ ᠤᠨ ᠣᠷᠳᠣᠨ ᠤ ︽ | ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠠᠵᠢᠯ | ᠮᠡᠷᠭᠡᠵᠢᠯ ᠤᠨ ᠬᠢᠷᠢ ᠬᠡᠮ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠢ ᠲᠥᠷᠥᠯ | ᠬᠤᠪᠢᠶᠠᠨ ᠦᠨᠡᠯᠡᠬᠦ ᠲᠦᠷᠢᠮ ᠢ ᠳᠥᠯᠭᠢᠨ ᠠᠬᠢᠭᠤᠯᠬᠤ ᠶᠢᠨ ᠵᠠᠶᠢᠯᠠᠰᠢ ᠥᠬᠡᠶ ᠶᠠᠪᠤᠳᠠᠯ ᠮᠥᠨ᠃ | ︽ᠭᠠᠷᠴᠠᠭ︾ ᠢ ᠪᠠᠶᠢᠭᠤᠯᠬᠤ ᠪᠣᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠ ᠴᠢᠳᠠᠪᠤᠷᠢᠲᠠᠨ ᠤ | ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠬᠤᠪᠢᠷᠠᠭᠤᠯᠬᠤ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠮᠥᠨ᠂ | ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ | ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠢᠯᠡ ᠲᠣᠳᠣ᠂ ᠰᠢᠨᠵᠢᠯᠡᠬᠦ ᠤᠬᠠᠭᠠᠨᠴᠢ᠂ | ᠵᠢᠷᠤᠮᠵᠢᠭᠰᠠᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠢ ᠪᠠᠶᠢᠭᠤᠯᠬᠤ ᠨᠢ ᠵᠠᠰᠠᠭ ᠤᠨ ᠣᠷᠳᠣᠨ ᠠᠴᠠ | ᠬᠠᠮᠢᠶᠠᠷᠴᠤ ᠪᠠᠶᠢᠭ᠎ᠠ ᠠᠵᠢᠯ ᠮᠡᠷᠭᠡᠵᠢᠯ ᠤᠨ ᠬᠢᠷᠢ ᠬᠡᠮ ᠤᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠠᠵᠢᠯ | ᠮᠡᠷᠭᠡᠵᠢᠯ ᠤᠨ ᠬᠢᠷᠢ ᠬᠡᠮ ᠬᠡᠳᠤ ᠤᠯᠠᠨ ᠬᠡᠳᠤ ᠰᠠᠮᠠᠭᠤᠷᠠᠭᠰᠠᠨ ᠠᠰᠠᠭᠤᠳᠠᠯ ᠢ ᠰᠢᠶ᠋ᠳᠪᠦᠷᠢᠯᠡᠵᠦ᠂ ᠠᠵᠢᠯ ᠤᠯᠬᠤ ᠪᠠ | ᠠᠳᠠᠯ ᠦᠢᠯᠡᠰ ᠴᠣᠭᠴᠠᠯᠠᠬᠤ ᠪᠠᠷᠢᠮᠵᠢᠶ᠎ᠠ ᠶᠢ ᠳᠣᠷᠣᠭᠰᠢᠯᠠᠭᠤᠯᠬᠤ ᠳᠤ ᠠᠰᠢᠭᠲᠠᠶ︔ ᠲᠣᠭᠲᠠᠭᠠᠯ ᠠᠴᠠ ᠵᠥᠷᠢᠴᠡᠨ | ᠰᠢᠯᠭᠠᠯᠲᠠ ᠬᠢᠬᠦ᠂ ᠬᠢᠨᠠᠨ ᠲᠣᠭᠲᠠᠭᠠᠯᠲᠠ ᠬᠢᠬᠦ᠂ ᠪᠣᠯᠪᠠᠰᠤᠷᠠᠭᠤᠯᠤᠯ ᠬᠢᠬᠦ᠂ ᠦᠨᠡᠮᠯᠡᠯ ᠣᠯᠭᠤᠬᠤ ᠵᠡᠷᠭᠡ | ᠠᠵᠢᠯᠯᠠᠭ᠎ᠠ ᠶᠢ ᠤᠯᠠᠮ ᠨᠢᠭᠡ ᠠᠯᠬᠤᠮ ᠢᠯᠭᠠᠷᠠᠭᠤᠯᠤᠨ ᠳᠢᠭᠯᠡᠵᠦ᠂ ᠴᠢᠳᠠᠪᠤᠷᠢᠲᠠᠨ ᠤ ᠳᠠᠷᠤᠭᠠᠰᠤ ᠶᠢ | ᠬᠥᠩᠭᠡᠷᠡᠭᠦᠯᠬᠦ ᠳᠤ ᠠᠰᠢᠭᠲᠠᠶ ᠪᠠᠶᠢᠵᠤ᠂ ᠠᠵᠢᠯ ᠮᠡᠷᠭᠡᠵᠢᠯ ᠤᠨ ᠬᠢᠷᠢ ᠬᠡᠮ ᠤᠨ ᠲᠣᠬᠢᠷᠠᠭᠤᠯᠤᠯᠲᠠ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠦᠷᠭᠦᠯᠵᠢᠯᠡᠨ | ᠬᠥᠭᠵᠢᠭᠡᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ | ᠡᠭᠦᠨ ᠢ ᠡᠷᠬᠡᠪᠰᠢ ᠲᠠᠨᠢᠵᠤ ᠠᠪᠬᠤ ᠬᠡᠷᠡᠭᠲᠡᠶ᠃ ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ | ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠢ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ | ᠵᠣᠬᠢᠬᠤ ᠠᠵᠢᠯ ᠮᠡᠷᠭᠡᠵᠢᠯ ᠪᠠ ᠠᠵᠢᠯ ᠮᠡᠷᠭᠡᠵᠢᠯ ᠤᠨ ᠪᠠᠷᠢᠮᠵᠢᠶ᠎ᠠ ᠶᠢ ᠬᠦᠴᠦᠨ ᠦᠭᠡᠶ ᠪᠣᠯᠭᠠᠬᠤ ᠭᠡᠰᠡᠨ ᠶᠠᠪᠤᠳᠠᠯ | ᠪᠢᠰᠢ᠂ ᠨᠡᠩ ᠴᠤ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠦᠨᠡᠯᠡᠯᠲᠡ ᠶᠢ ᠬᠦᠴᠦᠨ ᠦᠭᠡᠢ ᠪᠣᠯᠭᠠᠬᠤ ᠪᠢᠰᠢ᠂ | ᠬᠠᠷᠢᠨ ᠬᠢᠷᠢ ᠬᠡᠮ ᠤᠨ ᠦᠨᠡᠯᠡᠯᠲᠡ ᠶᠢ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠣᠯᠭᠠᠨ | ᠥᠭᠡᠷᠡᠴᠢᠯᠡᠵᠦ᠂ ᠦᠨᠡᠯᠡᠯᠲᠡ ᠬᠢᠵᠦ ᠦᠨᠡᠮᠯᠡᠯ ᠣᠯᠭᠤᠬᠤ ᠪᠡᠶᠡᠴᠢ ᠴᠣᠭᠴᠠ ᠪᠠ ᠬᠠᠮᠢᠶᠠᠷᠤᠯᠲᠠ ᠦᠢᠯᠡᠴᠢᠯᠡᠭᠡᠨ ᠤ | ᠠᠷᠭ᠎ᠠ ᠮᠠᠶ᠋ᠢᠭ ᠢ ᠬᠤᠪᠢᠷᠠᠭᠤᠯᠵᠤ᠂ ᠭᠤᠣᠯᠳᠠᠭᠤ ︽ᠬᠡᠨ ᠬᠥᠮᠦᠨ ᠬᠡᠷᠡᠭᠯᠡᠪᠡᠯ ᠬᠡᠨ ᠦᠨᠡᠯᠡᠬᠦ᠂ ᠬᠡᠨ ᠦᠨᠡᠮᠯᠡᠯ | ᠣᠯᠭᠤᠪᠠᠯ ᠬᠡᠨ ᠬᠠᠷᠢᠭᠤᠴᠠᠬᠤ︾ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠭᠤᠣᠯᠳᠠᠭᠤ ᠠᠵᠢᠯ | ᠮᠡᠷᠭᠡᠵᠢᠯ ᠤᠨ ᠪᠠᠷᠢᠮᠵᠢᠶ᠎ᠠ ᠶᠢ ᠨᠡᠭᠡᠭᠡᠨ ᠬᠥᠭᠵᠢᠭᠦᠯᠬᠦ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠲᠤᠷ ᠬᠢᠵᠦ | ᠂ ᠦᠨᠡᠯᠡᠬᠦ ᠪᠡᠶᠡᠴᠢ ᠴᠣᠭᠴᠠ ᠳᠤ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠬᠢᠨ᠎ᠠ᠃ ᠵᠠᠬ᠎ᠠ | ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠤᠨ ᠬᠡᠷᠡᠭᠴᠡᠭᠡ ᠳᠤ ᠨᠡᠩ ᠨᠡᠶᠢᠴᠡᠬᠦ᠂ ᠵᠠᠰᠠᠭ ᠤᠨ ᠣᠷᠳᠣᠨ ᠬᠢᠭᠡᠳ | ᠵᠠᠬ᠎ᠠ ᠳᠡᠯᠭᠡᠭᠦᠷ ᠤᠨ ᠬᠠᠷᠢᠴᠠᠭ᠎ᠠ ᠳᠤ ᠨᠡᠩ ᠰᠢᠨᠵᠢᠯᠡᠬᠦ ᠤᠬᠠᠭᠠᠨᠴᠢ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ | ᠲᠦᠷᠢᠮ ᠢ ᠪᠠᠶᠢᠭᠤᠯᠵᠤ᠂ ᠬᠥᠮᠦᠨ ᠬᠡᠷᠡᠭᠯᠡᠬᠦ ᠪᠡᠶᠡᠴᠢ ᠴᠣᠭᠴᠠ ᠶᠢᠨ ᠦᠢᠯᠡᠳᠦᠯ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠤᠷ᠎ᠠ ᠮᠡᠷᠭᠡᠰᠢᠯᠳᠦ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢ ᠨᠡᠩ ᠰᠠᠶᠢᠲᠤᠷ ᠲᠡᠮᠵᠢᠵᠤ᠂ ᠤᠷ᠎ᠠ ᠮᠡᠷᠭᠡᠰᠢᠯᠳᠦ ᠴᠢᠳᠠᠪᠤᠷᠢᠲᠠᠨ ᠤ ᠦᠰᠦᠨ ᠪᠤᠶᠢᠵᠢᠵᠤ | ᠴᠢᠳᠠᠪᠤᠷᠢᠲᠠᠨ ᠪᠣᠯᠬᠤ ᠳᠤ ᠨᠡᠩ ᠥᠷᠭᠡᠨ ᠠᠭᠤᠳᠠᠮ ᠣᠷᠣᠨ ᠵᠠᠶ ᠶᠢ ᠬᠠᠩᠭᠠᠬᠤ ᠬᠡᠷᠡᠭᠲᠡᠶ᠃ | ᠬᠢᠷᠢ ᠬᠡᠮᠵᠢᠶ᠎ᠡ ᠶᠢ ᠦᠨᠡᠯᠡᠬᠦ ᠲᠥᠷᠥᠯ ᠤᠨ ᠤᠷ᠎ᠠ ᠴᠢᠳᠠᠪᠤᠷᠢ ᠲᠠᠢ ᠠᠵᠢᠯᠲᠠᠨ ᠤ ᠠᠵᠢᠯ ᠮᠡᠷᠭᠡᠵᠢᠯ ᠤᠨ ᠬᠢᠷᠢ | ᠬᠡᠮ ᠢ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠠᠴᠠ ᠭᠠᠷᠭᠠᠬᠤ᠂ ᠤᠷ᠎ᠠ ᠴᠢᠳᠠᠪᠤᠷᠢ ᠲᠠᠢ | ᠠᠵᠢᠯᠲᠠᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ ᠶᠢ ᠬᠡᠷᠡᠭᠵᠢᠭᠦᠯᠬᠦ ᠨᠢ ᠣᠯᠠᠨ ᠲᠠᠯ᠎ᠠ ᠶᠢᠨ ᠣᠳᠣᠬᠠᠨ ᠤ ᠪᠠᠶᠢᠳᠠᠯ ᠠᠴᠠ ᠦᠵᠡᠪᠡᠯ᠂ ᠨᠢᠭᠡ ᠳᠤ | ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠪᠣᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠵᠡᠷᠭᠡ ᠳᠡᠰ ᠤᠨ ᠳᠦᠷᠢᠮ ᠤᠨ ᠬᠠᠷᠢᠴᠠᠭ᠎ᠠ ᠶᠢ ᠲᠣᠳᠣᠷᠬᠠᠶ ᠪᠣᠯᠭᠠᠬᠤ ᠳᠤ ᠠᠰᠢᠭᠲᠠᠶ᠃ ᠬᠤᠶᠠᠷ ᠲᠤ ᠤᠷᠤᠢ ᠶᠢᠨ | ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠡᠭᠦᠳᠡᠨ ᠠᠴᠠ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ | ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢᠯᠠᠭᠰᠠᠨ᠂ ᠨᠡᠶᠢᠭᠡᠮᠴᠢᠯᠡᠭᠰᠡᠨ᠂ ᠤᠯᠠᠨ | ᠡᠰᠢᠴᠢᠯᠡᠭᠰᠡᠨ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠪᠤᠢ ᠪᠣᠯᠭᠠᠬᠤ ᠳᠤ ᠠᠰᠢᠭᠲᠠᠶ ᠶᠤᠮ᠃ | ᠭᠤᠷᠪᠠ ᠳᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠲᠣᠳᠣᠷᠬᠠᠢ ᠪᠣᠯᠭᠠᠵᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠬᠥᠮᠦᠨ ᠬᠡᠷᠡᠭᠯᠡᠬᠦ ᠨᠢᠭᠡᠴᠢ ᠪᠠ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠦᠷᠪᠡ ᠳᠤ᠂ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠥᠪᠡᠷ ᠢ ᠪᠠᠨ ᠬᠥᠭᠵᠢᠭᠦᠯᠬᠦ ᠬᠥᠳᠡᠯᠭᠡᠬᠦ ᠬᠦᠴᠦᠨ ᠢ ᠨᠡᠩ ᠰᠠᠶᠢᠨ ᠬᠥᠭᠵᠢᠭᠡᠵᠦ᠂ ᠤᠷ᠎ᠠ | ᠴᠢᠳᠠᠪᠤᠷᠢ ᠶᠢᠨ ᠲᠦᠪᠰᠢᠨ ᠢ ᠰᠠᠨᠠᠭᠠᠴᠢᠯᠠᠭ᠎ᠠ ᠠᠴᠠ ᠪᠠᠨ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠠᠯᠤᠰ ᠬᠡᠲᠦ ᠶᠢᠨ ᠡᠭᠦᠳᠡᠨ ᠠᠴᠠ ᠠᠪᠴᠤ ᠦᠵᠡᠪᠡᠯ᠂ ᠮᠡᠷᠭᠡᠵᠢᠯ | ᠴᠢᠳᠠᠪᠤᠷᠢ ᠶᠢᠨ ᠠᠵᠢᠯᠲᠠᠨ ᠤ ᠬᠢᠷᠢ ᠲᠦᠪᠰᠢᠨ ᠤ ᠦᠨᠡᠯᠡᠯᠲᠡ ᠶᠢ ᠵᠠᠰᠠᠭ ᠤᠨ ᠣᠷᠳᠣᠨ ᠠᠴᠠ ᠮᠠᠭᠠᠳᠯᠠᠨ | ᠲᠣᠭᠲᠠᠭᠠᠵᠤ ᠪᠠᠶᠢᠭᠰᠠᠨ ᠢ ᠨᠡᠶᠢᠭᠡᠮᠴᠢᠯᠡᠭᠰᠡᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠢ ᠵᠠᠬ᠎ᠠ | ᠳᠡᠯᠭᠡᠭᠦᠷ ᠪᠠ ᠨᠡᠶᠢᠭᠡᠮ ᠤᠨ ᠵᠥᠪᠰᠢᠶᠡᠷᠡᠯ ᠪᠠ ᠰᠢᠯᠭᠠᠯᠲᠠ ᠶᠢ ᠬᠦᠯᠢᠶᠡᠬᠦ ᠨᠢ ᠤᠷ᠎ᠠ ᠮᠡᠷᠭᠡᠰᠢᠯᠳᠦ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ | ᠮᠡᠷᠭᠡᠰᠢᠯ ᠤᠨ ᠪᠣᠯᠪᠠᠰᠤᠷᠠᠯ ᠤᠨ ᠲᠦᠷᠢᠮ ᠢ ᠬᠡᠷᠡᠭᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠦᠷᠢᠮ ᠢ ᠲᠡᠭᠦᠯᠳᠡᠷᠵᠢᠭᠦᠯᠬᠦ᠂ ᠮᠠᠨ ᠤ ᠤᠯᠤᠰ ᠤᠨ ᠤᠷ᠎ᠠ ᠮᠡᠷᠭᠡᠰᠢᠯᠳᠦ ᠲᠤᠮᠤ ᠤᠯᠤᠰ ᠠᠴᠠ ᠤᠷ᠎ᠠ ᠮᠡᠷᠭᠡᠰᠢᠯᠳᠦ | ᠴᠢᠳᠠᠪᠤᠷᠢᠲᠠᠨ ᠤ ᠬᠦᠴᠦᠷᠬᠡᠭ ᠤᠯᠤᠰ ᠲᠡᠰᠢ ᠤᠷᠤᠭᠰᠢᠯᠠᠬᠤ ᠶᠢ ᠠᠬᠢᠭᠤᠯᠬᠤ᠂ ᠳᠤᠮᠳᠠᠳᠤ ᠤᠯᠤᠰ ᠤᠨ ᠦᠢᠯᠡᠳᠬᠦ | ᠦᠢᠯᠡᠰ ᠤᠨ 2025 ᠪᠠᠶᠢᠯᠳᠤᠬᠤ ᠪᠤᠳᠤᠯᠭ᠎ᠠ ᠶᠢ ᠨᠡᠩ ᠰᠠᠶᠢᠲᠤᠷ ᠲᠤᠯᠭᠠᠭᠤᠷᠢᠯᠠᠬᠤ᠂ ᠳᠤᠮᠳᠠᠳᠤ ᠤᠯᠤᠰ ᠤᠨ | ᠦᠢᠯᠡᠳᠬᠦ ᠦᠢᠯᠡᠰ ᠤᠨ ᠳᠤᠮᠳᠠᠳᠤ ᠤᠯᠤᠰ ᠤᠨ ᠡᠭᠦᠳᠦᠨ ᠪᠦᠲᠦᠭᠡᠯᠲᠡ ᠲᠡᠰᠢ ᠤᠷᠤᠭᠰᠢᠯᠠᠬᠤ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ | ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ | ᠮᠡᠷᠭᠡᠵᠢᠯ ᠤᠨ ᠬᠢᠷᠢ ᠬᠡᠮ ᠤᠨ ︽ᠭᠠᠷᠴᠠᠭ︾ ᠠᠴᠠ ᠤᠬᠤᠷᠢᠨ ᠭᠠᠷᠴᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠨᠢ ᠮᠠᠨ ᠤ ᠤᠯᠤᠰ ᠤᠨ ᠤᠷ᠎ᠠ | ᠴᠢᠳᠠᠪᠤᠷᠢ ᠶᠢᠨ ᠴᠢᠳᠠᠪᠤᠷᠢᠲᠠᠨ ᠤ ᠦᠨᠡᠯᠡᠯᠲᠡ ᠰᠢᠨ᠎ᠡ ᠬᠥᠭᠵᠢᠯᠲᠡ ᠶᠢᠨ ᠱᠡᠳᠦ | ᠤᠯᠤᠰ ᠪᠠᠶᠢᠭᠤᠯᠤᠭᠳᠠᠭᠰᠠᠨ ᠠᠴᠠ ᠨᠠᠰᠢ᠂ ᠮᠠᠨ ᠤ ᠤᠯᠤᠰ ᠤᠨ ᠤᠷ᠎ᠠ ᠮᠡᠷᠭᠡᠰᠢᠯᠳᠦ ᠴᠢᠳᠠᠪᠤᠷᠢᠲᠠᠨ ᠤ | ᠦᠨᠡᠯᠡᠯᠲᠡ ᠨᠢ ᠤᠷᠢᠳ ᠬᠤᠵᠢᠳ ᠠᠵᠢᠯᠴᠢᠨ ᠤ ᠮᠡᠷᠭᠡᠵᠢᠯ ᠤᠨ ᠲᠠᠰ ᠤᠨ ᠬᠢᠨᠠᠨ ᠰᠢᠯᠭᠠᠬᠤ ᠲᠦᠷᠢᠮ ᠤᠨ ᠱᠠᠲᠤ᠂ | ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ︵ᠤᠷ᠎ᠠ ᠮᠡᠷᠭᠡᠰᠢᠯ ᠤᠨ ᠬᠢᠨᠠᠨ ᠲᠣᠭᠲᠠᠭᠠᠯᠲᠠ︶ ᠤᠨ ᠲᠦᠷᠢᠮ ᠤᠨ | ᠱᠠᠲᠤ ᠦᠶ᠎ᠡ ᠶᠢ ᠥᠩᠭᠡᠷᠡᠭᠡᠵᠦ᠂ ᠣᠲᠣ ᠶᠠᠭ ᠰᠢᠨ᠎ᠡ ᠴᠠᠭ ᠦᠶ᠎ᠡ ᠶᠢᠨ ᠤᠷ᠎ᠠ ᠮᠡᠷᠭᠡᠰᠢᠯᠳᠦ ᠴᠢᠳᠠᠪᠤᠷᠢᠲᠠᠨ ᠤ | ᠦᠨᠡᠯᠡᠯᠲᠡ ᠶᠢᠨ ᠲᠦᠷᠢᠮ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ ᠪᠠᠶᠢᠨ᠎ᠠ᠃ | ᠰᠢᠨ᠎ᠡ ᠴᠠᠭ ᠦᠶ᠎ᠡ᠂ ᠰᠢᠨ᠎ᠡ ᠱᠠᠲᠤ ᠦᠶ᠎ᠡ ᠶᠢᠨ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠦᠷᠢᠮ ᠤᠨ | ᠰᠢᠰᠲ᠋ᠧᠮ ᠤᠷᠢᠳ ᠬᠤᠵᠢᠳ ︽ᠲᠤᠯᠤᠭᠠᠨ ᠵᠢᠯ ᠳᠠᠷᠠᠭᠠᠯᠠᠨ ᠲᠣᠳᠣᠷᠬᠠᠶᠢᠯᠠᠬᠤ︾᠂ ᠤᠯᠤᠰ ᠤᠨ ᠠᠵᠢᠯ | ᠮᠡᠷᠭᠡᠵᠢᠯ ᠤᠨ ᠬᠢᠷᠢ ᠬᠡᠮ ᠤᠨ ᠭᠠᠷᠴᠠᠭ ᠢ ᠪᠠᠶᠢᠭᠤᠯᠬᠤ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ | ᠳᠡᠰ ᠤᠨ ᠲᠦᠷᠢᠮ ᠢ ᠪᠠᠶᠢᠭᠤᠯᠤᠨ ᠬᠡᠷᠡᠭᠵᠢᠭᠦᠯᠬᠦ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠬᠢᠭᠡᠳ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠨᠡᠪᠲᠡᠷᠡᠯᠴᠡᠬᠦ ᠶᠢ ᠠᠬᠢᠭᠤᠯᠬᠤ ᠵᠡᠷᠭᠡ | ᠠᠳᠠᠯᠢ ᠪᠤᠰᠤ ᠬᠥᠭᠵᠢᠯᠲᠡ ᠶᠢᠨ ᠵᠠᠩᠭᠢᠯᠠᠭ᠎ᠠ ᠶᠢᠨ ᠴᠡᠭ ᠢ ᠥᠩᠭᠡᠷᠡᠭᠡᠵᠦ᠂ ᠤᠷ᠎ᠠ ᠮᠡᠷᠭᠡᠰᠢᠯᠳᠦ ᠴᠢᠳᠠᠪᠤᠷᠢᠲᠠᠨ ᠢ | ᠦᠨᠡᠯᠡᠬᠦ ᠲᠦᠷᠢᠮ ᠤᠨ ᠥᠭᠡᠷᠡᠴᠢᠯᠡᠯᠲᠡ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠪᠠ᠃ | 2021 ᠳ᠋ᠦᠭᠡᠷ ᠬᠡᠪᠯᠡᠯ ᠤᠨ ︽ᠭᠠᠷᠴᠠᠭ︾ ᠢ ᠨᠡᠶᠢᠲᠡᠯᠡᠭᠰᠡᠨ ᠨᠢ ᠮᠠᠨ ᠤ ᠤᠯᠤᠰ ᠤᠨ ᠤᠷ᠎ᠠ ᠮᠡᠷᠭᠡᠰᠢᠯᠳᠦ | ᠴᠢᠳᠠᠪᠤᠷᠢᠲᠠᠨ ᠤ ᠦᠨᠡᠯᠡᠯᠲᠡ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠂ | ᠲᠤᠬᠠᠶᠢᠯᠠᠪᠠᠯ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠤᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠬᠦ ᠱᠠᠲᠤᠨ ᠳᠤ ᠤᠷᠤᠭᠰᠠᠨ ᠪᠠᠶᠢᠨ᠎ᠠ᠃ ᠡᠨᠡ ᠱᠠᠲᠤᠨ ᠳᠤ ᠭᠤᠷᠪᠠᠨ ᠭᠤᠣᠯ ᠣᠨᠴᠠᠯᠢᠭ ᠲᠠᠢ ᠶᠤᠮ᠃ | ᠨᠢᠭᠡ ᠳᠤ ᠪᠠᠭᠲᠠᠭᠠᠮᠵᠢ ᠶᠢ ᠥᠷᠭᠡᠳᠬᠡᠨ᠎ᠡ᠂ ᠲᠤᠬᠠᠶᠢᠯᠠᠪᠠᠯ ᠦᠨᠡᠯᠡᠯᠲᠡ ᠶᠢᠨ ᠨᠡᠶᠢᠭᠡᠮᠴᠢᠯᠡᠯᠲᠡ ᠶᠢᠨ ᠬᠡᠮᠵᠢᠶ᠎ᠡ ᠶᠢ | ᠥᠷᠭᠡᠳᠬᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠠᠵᠤ ᠠᠬᠤᠶᠢᠯᠠᠯ ᠤᠨ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠦᠨᠡᠯᠡᠯᠲᠡ ᠶᠢ ᠪᠡᠶ᠎ᠡ ᠪᠠᠨ ᠳᠠᠭᠠᠭᠠᠨ ᠥᠷᠨᠢᠭᠦᠯᠬᠦ ᠶᠢ ᠳᠡᠮᠵᠢᠨ ᠠᠬᠢᠭᠤᠯᠬᠤ᠂ ᠨᠡᠶᠢᠭᠡᠮ ᠤᠨ | ᠪᠣᠯᠪᠠᠰᠤᠷᠠᠭᠤᠯᠤᠯ ᠤᠨ ᠦᠨᠡᠯᠡᠯᠲᠡ ᠶᠢ ᠵᠣᠬᠢᠶᠠᠨ ᠪᠠᠶᠢᠭᠤᠯᠤᠨ ᠰᠢᠯᠢᠨ ᠰᠣᠩᠭᠤᠬᠤ ᠡᠷᠴᠢᠮ ᠢ ᠴᠢᠩᠭᠠᠷᠠᠭᠤᠯᠬᠤ᠂ | ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ | ᠬᠥᠭᠵᠢᠯᠲᠡ ᠶᠢ ᠨᠡᠪᠲᠡᠷᠡᠭᠦᠯᠬᠦ ᠬᠦᠷᠢᠶ᠎ᠡ ᠬᠡᠪᠴᠢᠶ᠎ᠡ ᠪᠠ ᠬᠡᠪᠴᠢᠶ᠎ᠡ ᠶᠢ ᠰᠦᠪᠡᠭᠴᠢᠯᠡᠨ ᠥᠷᠭᠡᠳᠬᠡᠬᠦ᠂ ᠤᠷ᠎ᠠ | ᠴᠢᠳᠠᠪᠤᠷᠢ ᠶᠢᠨ ᠴᠢᠳᠠᠪᠤᠷᠢᠲᠠᠨ ᠤ ᠭᠤᠯᠳᠤ ᠪᠠᠷ ᠳᠡᠪᠰᠢᠬᠦ ᠵᠠᠮ ᠢ ᠤᠯᠠᠮ ᠨᠢᠭᠡ ᠠᠯᠬᠤᠮ ᠰᠠᠭᠠᠳ ᠥᠬᠡᠶ | ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠶᠡᠯᠡᠭᠦᠯᠦᠨ᠎ᠡ᠃ ᠬᠤᠶᠠᠷ ᠲᠤ ᠶᠠᠰᠤ ᠴᠢᠨᠠᠷ ᠢ | ᠳᠡᠭᠡᠭᠰᠢᠯᠡᠭᠦᠯᠦᠨ᠎ᠡ᠂ ᠲᠤᠬᠠᠶᠢᠯᠠᠪᠠᠯ ᠦᠨᠡᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠨᠡᠯᠡᠯᠲᠡ ᠶᠢᠨ ᠶᠠᠰᠤ | ᠴᠢᠨᠠᠷ ᠢ ᠬᠢᠨᠠᠨ ᠵᠢᠯᠣᠭᠤᠳᠬᠤ ᠠᠵᠢᠯ ᠢ ᠰᠠᠶᠢᠲᠤᠷ ᠬᠢᠬᠦ ᠪᠠᠷ ᠳᠠᠮᠵᠢᠭᠤᠯᠤᠨ᠂ ᠦᠨᠡᠯᠡᠬᠦ ᠪᠠᠶᠢᠭᠤᠯᠤᠮᠵᠢ᠂ | ᠠᠵᠢᠯᠲᠠᠨ ᠤ ᠢᠲᠡᠭᠡᠮᠵᠢ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠦᠨᠡᠯᠡᠯᠲᠡ ᠶᠢᠨ ᠰᠠᠬᠢᠯᠭ᠎ᠠ ᠪᠠᠲᠤ ᠲᠦᠷᠢᠮ ᠲᠣᠭᠲᠠᠭᠠᠯ ᠠᠴᠠ ᠵᠥᠷᠢᠴᠡᠭᠰᠡᠨ ᠦᠶ᠋ᠯᠡ | ᠠᠵᠢᠯᠯᠠᠭ᠎ᠠ ᠶᠢ ᠰᠢᠶ᠋ᠳᠪᠦᠷᠢᠯᠡᠬᠦ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ | ᠂ ᠤᠷ᠎ᠠ ᠴᠢᠳᠠᠪᠤᠷᠢ ᠶᠢᠨ ᠬᠥᠳᠡᠯᠮᠦᠷᠢᠴᠢᠨ ᠳᠤ ᠡᠵᠡᠯᠡᠬᠦ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠬᠠᠷᠢᠴᠠᠯ ᠢ | ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠪᠡᠶᠡᠯᠡᠭᠦᠯᠦᠨ᠎ᠡ᠃ ᠭᠤᠷᠪᠠ ᠳᠤ᠂ ᠦᠨᠳᠦᠰᠦ ᠶᠢ ᠪᠠᠬᠢᠵᠢᠭᠦᠯᠦᠨ᠎ᠡ᠂ | ᠳᠠᠷᠤᠢ ᠦᠨᠡᠯᠡᠯᠲᠡ ᠶᠢᠨ ᠰᠠᠭᠤᠷᠢ ᠶᠢ ᠪᠠᠲᠤᠳᠬᠠᠨ᠎ᠠ᠃ ᠰᠢᠨ᠎ᠡ ᠠᠵᠢᠯ ᠮᠡᠷᠭᠡᠵᠢᠯ ᠤᠨ ᠮᠡᠳᠡᠭᠡ ᠵᠠᠩᠭᠢ ᠨᠡᠶᠢᠲᠡᠯᠡᠬᠦ | ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠠᠵᠢᠯ ᠮᠡᠷᠭᠡᠵᠢᠯ ᠤᠨ ᠲᠥᠷᠥᠯ ᠠᠩᠭᠢᠯᠠᠯ ᠤᠨ ᠬᠥᠳᠡᠯᠦᠩᠭᠦᠶ | ᠲᠣᠬᠢᠷᠠᠭᠤᠯᠤᠯᠲᠠ ᠶᠢᠨ ᠲᠣᠭᠲᠠᠴᠠ ᠶᠢ ᠪᠦᠷᠢᠨᠰᠢᠬᠦᠯᠬᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠵᠢᠯ ᠮᠡᠷᠭᠡᠵᠢᠯ ᠤᠨ ᠲᠥᠷᠥᠯ ᠠᠩᠭᠢᠯᠠᠯ ᠤᠨ ᠲᠣᠮᠣ ᠲᠣᠯᠢ ︵2015 ᠣᠨ ᠤ ᠬᠡᠪᠯᠡᠯ︶︾ ᠳᠤ ᠵᠠᠰᠠᠪᠤᠷᠢ | ᠣᠷᠣᠭᠤᠯᠬᠤ ᠠᠵᠢᠯ ᠢ ᠰᠠᠶᠢᠲᠤᠷ ᠬᠢᠬᠦ᠂ ᠠᠵᠢᠯ ᠮᠡᠷᠭᠡᠵᠢᠯ ᠤᠨ ᠪᠠᠷᠢᠮᠵᠢᠶ᠎ᠠ ᠪᠠ ᠪᠣᠯᠪᠠᠰᠤᠷᠠᠭᠤᠯᠤᠯ ᠢ ᠳᠠᠭᠠᠭᠠᠴᠢᠯᠠᠨ | ᠨᠡᠭᠡᠭᠡᠨ ᠬᠥᠭᠵᠢᠭᠦᠯᠵᠦ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠪᠡᠶᠡᠯᠡᠭᠦᠯᠦᠨ᠎ᠡ᠃ ᠡᠴᠦᠰ ᠤᠨ ᠵᠣᠷᠢᠯᠭ᠎ᠠ ᠪᠣᠯ ᠳᠠᠷᠤᠶ ᠮᠡᠳᠡᠯᠭᠡ ᠶᠢᠨ ᠬᠡᠯᠪᠡᠷᠢ ᠶᠢᠨ᠂ ᠤᠷ᠎ᠠ ᠴᠢᠳᠠᠪᠤᠷᠢ ᠶᠢᠨ | ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠬᠥᠳᠡᠯᠮᠦᠷᠢᠴᠢᠳ ᠤᠨ ᠶᠡᠭᠡ ᠡᠩᠨᠡᠭᠡ ᠶᠢ ᠲᠦᠷᠭᠡᠪᠴᠢᠯᠡᠨ | ᠬᠥᠮᠦᠵᠢᠭᠦᠯᠵᠦ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ | ᠪᠠᠬᠢ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠰᠠᠭᠤᠷᠢ ᠶᠢ ᠲᠠᠯᠪᠢᠬᠤ ᠶᠠᠪᠤᠳᠠᠯ ᠪᠣᠯᠤᠨ᠎ᠠ᠃ ︵ | ᠵᠣᠬᠢᠶᠠᠭᠴᠢ᠄ ᠹᠠᠨ ᠸᠧᠢ᠂ ᠳᠤᠮᠳᠠᠳᠤ ᠤᠯᠤᠰ ᠤᠨ ᠠᠵᠢᠯᠳᠠᠨ ᠤ ᠶᠠᠪᠤᠳᠠᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ︶ | ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠢ ᠬᠥᠳᠡᠯᠦᠩᠭᠦᠶ ᠪᠠᠷ ᠲᠣᠬᠢᠷᠠᠭᠤᠯᠵᠤ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠠᠮᠢᠳᠤᠯᠢᠭ ᠬᠦᠴᠦᠨ ᠢ ᠦᠷᠭᠦᠯᠵᠢᠯᠡᠨ ᠬᠥᠭᠵᠢᠭᠡᠬᠦ ᠪᠠ ᠠᠵᠢᠯ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠤᠯᠤᠰ ᠤᠨ ᠠᠵᠢᠯ | ᠮᠡᠷᠭᠡᠵᠢᠯ ᠤᠨ ᠬᠢᠷᠢ ᠬᠡᠮ ᠤᠨ ᠭᠠᠷᠴᠠᠭ ︵2021 ᠣᠨ ᠤ ᠬᠡᠪᠯᠡᠯ︶︾ ᠢ ᠨᠡᠶᠢᠲᠡᠯᠡᠪᠡ᠂ ᠡᠨᠡ ᠪᠣᠯ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 73 ᠵᠦᠶ᠋ᠯ ᠤᠨ ᠬᠢᠷᠢ | ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ | ᠬᠡᠮ ᠠᠴᠠ ᠤᠬᠤᠷᠢᠨ ᠭᠠᠷᠬᠤ ᠭᠠᠷᠴᠠᠭ ᠵᠡᠷᠭᠡ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠤᠯᠤᠰ ᠤᠨ ᠠᠵᠢᠯ | ᠮᠡᠷᠭᠡᠵᠢᠯ ᠤᠨ ᠬᠢᠷᠢ ᠬᠡᠮ ᠤᠨ ᠭᠠᠷᠴᠠᠭ ᠲᠤ ᠬᠢᠭᠰᠡᠨ ᠵᠣᠬᠢᠴᠠᠩᠭᠤᠶ ᠲᠣᠬᠢᠷᠠᠭᠤᠯᠤᠯᠲᠠ ᠪᠣᠯᠤᠨ᠎ᠠ᠃ | ᠰᠢᠯᠢᠳᠡᠭᠵᠢᠭᠦᠯᠦᠭᠰᠡᠨ ᠤ ᠳᠠᠷᠠᠭᠠᠬᠢ ᠠᠵᠢᠯ ᠮᠡᠷᠭᠡᠵᠢᠯ ᠤᠨ ᠬᠢᠷᠢ ᠬᠡᠮ ᠤᠨ ᠶᠡᠷᠦᠩᠬᠡᠶ ᠬᠡᠮᠵᠢᠶ᠎ᠡ ᠨᠢ 2017 ᠣᠨ ᠤ | ᠭᠠᠷᠴᠠᠭ ᠠᠴᠠ 68 ᠵᠦᠶ᠋ᠯ ᠬᠠᠰᠤᠭᠳᠠᠵᠤ᠂ ᠬᠠᠰᠤᠭᠰᠠᠨ ᠬᠠᠷᠢᠴᠠᠯ ᠨᠢ 49% ᠬᠦᠷᠴᠡᠶ᠃ ᠰᠢᠨ᠎ᠡ ᠭᠠᠷᠴᠠᠭ ᠢ | ᠨᠡᠶᠢᠲᠡᠯᠡᠭᠰᠡᠨ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠳᠤ | ᠵᠣᠬᠢᠴᠠᠭᠰᠠᠨ᠂ ᠤᠯᠤᠰ ᠤᠨ ᠵᠠᠰᠠᠯᠲᠠ ᠶᠢᠨ ᠰᠢᠰᠲᠧᠮ ᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠬᠡᠯᠪᠡᠷᠢ ᠶᠢᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠲᠦᠷᠢᠮ ᠢ | ᠪᠠᠶᠢᠭᠤᠯᠬᠤ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ | ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠦᠷᠢᠮ ᠤᠨ ᠥᠭᠡᠷᠡᠴᠢᠯᠡᠯᠲᠡ ᠶᠢᠨ ᠶᠡᠷᠦᠩᠬᠡᠶ ᠰᠡᠳᠬᠢᠴᠡ | ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠂ ᠴᠢᠳᠠᠪᠤᠷᠢᠲᠠᠨ ᠤ ᠦᠨᠡᠯᠡᠯᠲᠡ ᠶᠢᠨ ︽ | ᠳᠣᠬᠢᠭᠤᠷ︾ ᠤᠨ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ᠴᠢᠳᠠᠪᠤᠷᠢᠲᠠᠨ ᠤ ᠦᠶ᠋ᠯᠡᠳᠦᠯ ᠢᠶᠠᠨ ᠪᠠᠳᠠᠷᠠᠭᠤᠯᠬᠤ᠂ | ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠨᠠᠩ ᠥᠷᠭᠡᠨ ᠠᠭᠤᠳᠠᠮ ᠣᠷᠣᠨ ᠵᠠᠶ ᠬᠠᠩᠭᠠᠵᠤ᠂ ᠬᠤᠪᠢ ᠨᠡᠮᠡᠷᠢ | ᠦᠵᠡᠭᠦᠯᠦᠭᠰᠡᠨ ᠴᠢᠳᠠᠪᠤᠷᠢᠲᠠᠨ ᠳᠤ ᠠᠮᠵᠢᠯᠲᠠ ᠶᠢᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ | ᠬᠡᠷᠡᠭᠲᠡᠶ ᠭᠡᠵᠡᠶ᠃ ᠤᠷ᠎ᠠ ᠴᠢᠳᠠᠪᠤᠷᠢ ᠶᠢᠨ ᠦᠨᠡᠯᠡᠯᠲᠡ ᠨᠢ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠨᠡᠭᠡᠭᠡᠨ | ᠬᠥᠭᠵᠢᠭᠦᠯᠬᠦ ᠠᠵᠢᠯ ᠤᠨ ᠳᠤᠮᠳᠠ ︽ᠳᠣᠬᠢᠭᠤᠷ︾ ᠤᠨ ᠦᠶ᠋ᠯᠡᠳᠦᠯ ᠢ ᠪᠠᠳᠠᠷᠠᠭᠤᠯᠬᠤ ᠪᠣᠯ ᠬᠥᠮᠦᠨ ᠤ ᠬᠦᠴᠦᠨ ᠤ | ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠤᠷ᠎ᠠ ᠴᠢᠳᠠᠪᠤᠷᠢ ᠶᠢᠨ ᠬᠥᠮᠦᠨ ᠤ | ᠬᠦᠴᠦᠨ ᠤ ᠬᠥᠷᠥᠩᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠤᠷᠢᠲᠠᠯ ᠪᠣᠯᠬᠤ ᠪᠥᠭᠡᠳ ᠨᠢᠭᠡᠳᠦᠭᠡᠷ | ᠹᠷᠣᠨᠲ ᠤᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠳᠤ ᠵᠥᠪ ᠴᠢᠭᠯᠡᠯ ᠤᠨ ᠤᠷᠮᠠᠰᠢᠭᠤᠯᠬᠤ | ᠦᠶ᠋ᠯᠡᠳᠦᠯ ᠢ ᠪᠠᠳᠠᠷᠠᠭᠤᠯᠬᠤ ᠪᠣᠯᠤᠨ᠎ᠠ᠃ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠰᠢᠨᠵᠢᠯᠡᠬᠦ ᠤᠬᠠᠭᠠᠨᠴᠢ | ᠲᠦᠷᠢᠮ ᠢ ᠪᠠᠶᠢᠭᠤᠯᠬᠤ ᠨᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ᠂ | ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ ᠤᠷᠮᠠᠰᠢᠭᠤᠯᠤᠨ | ᠬᠥᠲᠥᠯᠥᠨ ᠵᠢᠯᠣᠭᠤᠳᠬᠤ᠂ ᠬᠥᠳᠡᠯᠮᠦᠷᠢ ᠬᠦᠴᠦᠨ ᠤ ᠬᠡᠪ ᠴᠢᠨᠠᠷ ᠤᠨ ᠪᠦᠲᠦᠴᠡ ᠶᠢ ᠰᠢᠯᠢᠳᠡᠭᠵᠢᠭᠦᠯᠬᠦ᠂ | ᠬᠥᠳᠡᠯᠮᠦᠷᠢᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠳᠤ ᠵᠠᠩᠭᠢᠯᠠᠭ᠎ᠠ ᠶᠢᠨ ᠰᠠᠭᠤᠷᠢ | ᠴᠢᠨᠠᠷᠲᠠᠶ ᠦᠢᠯᠡᠳᠦᠯ ᠲᠠᠢ ᠶᠤᠮ᠃ | ᠣᠳᠣᠬᠠᠨ ᠳᠤ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠦᠷᠢᠮ ᠤᠨ ᠥᠭᠡᠷᠡᠴᠢᠯᠡᠯᠲᠡ ᠨᠢᠭᠡᠨᠲᠡ | ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠬᠦ ᠱᠠᠲᠤᠨ ᠳᠤ ᠣᠷᠣᠵᠤ᠂ ᠪᠠᠰᠠᠴᠤ ︽ᠴᠢᠳᠠᠪᠤᠷᠢᠲᠠᠨ ᠢ ᠦᠨᠡᠯᠡᠬᠦ | ᠲᠣᠭᠲᠠᠴᠠ ᠶᠢᠨ ᠥᠭᠡᠷᠡᠴᠢᠯᠡᠯᠲᠡ ᠶᠢ ᠲᠦᠷᠦᠯ ᠬᠤᠪᠢᠶᠠᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠵᠡᠷᠭᠡ | ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ | ᠪᠣᠯᠤᠨ᠎ᠠ᠃ ᠲᠣᠰ ᠬᠦᠷᠢᠶᠡᠨ ᠳᠠᠬᠢ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠣᠭ ᠰᠠᠨᠠᠭ᠎ᠠ ᠨᠢ | ᠴᠥᠮ ᠥᠭᠡᠷᠡᠴᠢᠯᠡᠯᠲᠡ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠵᠢᠮ᠎ᠡ ᠶᠣᠰᠣᠨ ᠳᠤ ᠨᠡᠶᠢᠴᠡᠬᠦ ᠪᠠ ᠠᠵᠤ | ᠠᠬᠤᠶᠢᠯᠠᠯ ᠤᠨ ᠬᠡᠷᠡᠭᠴᠡᠭᠡ ᠳᠤ ᠨᠡᠶᠢᠴᠡᠬᠦ᠂ ᠤᠷ᠎ᠠ ᠮᠡᠷᠭᠡᠰᠢᠯᠳᠦ ᠬᠥᠳᠡᠯᠮᠦᠷᠢᠴᠢᠨ ᠤ ᠠᠵᠢᠯ ᠮᠡᠷᠭᠡᠵᠢᠯ ᠤᠨ | ᠬᠥᠭᠵᠢᠯᠲᠡ ᠪᠠ ᠬᠤᠪᠢ ᠬᠥᠮᠦᠨ ᠤ ᠦᠨ᠎ᠡ ᠥᠷᠲᠡᠭ ᠢ ᠪᠡᠶᠡᠯᠡᠭᠦᠯᠬᠦ ᠳᠤ ᠠᠰᠢᠭᠲᠠᠶ᠂ ᠤᠷ᠎ᠠ ᠮᠡᠷᠭᠡᠰᠢᠯᠳᠦ | ᠴᠢᠳᠠᠪᠤᠷᠢᠲᠠᠨ ᠤ ᠡᠩᠨᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠴᠢᠳᠠᠬᠤ ᠪᠥᠭᠡᠳ ᠤᠯᠤᠰ ᠤᠨ | ᠦᠶ᠋ᠯᠡᠳᠬᠦ ᠦᠶ᠋ᠯᠡᠰ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ | ᠪᠣᠳᠣᠯᠭ᠎ᠠ ᠳᠤ ᠬᠦᠴᠦᠨ ᠨᠡᠮᠡᠷᠢᠯᠡᠵᠦ ᠴᠢᠳᠠᠬᠤ ᠣᠲᠣ ᠦᠶ᠎ᠡ ᠶᠢᠨ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ | ᠲᠦᠷᠢᠮ ᠤᠨ ᠰᠢᠰᠲ᠋ᠧᠮ ᠢ ᠪᠠᠶᠢᠭᠤᠯᠬᠤ ᠶᠢᠨ ᠲᠥᠯᠥᠭᠡ ᠶᠤᠮ᠃ ᠲᠣᠰ ᠤᠳᠠᠭᠠᠨ ᠤ ᠭᠠᠷᠴᠠᠭ ᠤᠨ | ᠲᠣᠬᠢᠷᠠᠭᠤᠯᠤᠯᠲᠠ ᠳᠤ᠂ ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠴᠢᠳᠠᠪᠤᠷᠢ ᠶᠢᠨ ᠠᠵᠢᠯᠲᠠᠨ ᠤ | ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠠᠴᠠ ᠤᠬᠤᠷᠢᠨ ᠭᠠᠷᠤᠭᠰᠠᠨ ᠨᠢ ᠠᠵᠢᠯ ᠮᠡᠷᠭᠡᠵᠢᠯ ᠪᠠ ᠠᠵᠢᠯ | ᠮᠡᠷᠭᠡᠵᠢᠯ ᠤᠨ ᠪᠠᠷᠢᠮᠵᠢᠶ᠎ᠠ ᠶᠢ ᠬᠦᠴᠦᠨ ᠥᠬᠡᠶ ᠪᠣᠯᠭᠠᠭᠰᠠᠨ ᠶᠠᠪᠤᠳᠠᠯ ᠪᠢᠰᠢ᠂ ᠨᠠᠩ ᠴᠤ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠦᠨᠡᠯᠡᠯᠲᠡ ᠶᠢ ᠬᠦᠴᠦᠨ ᠥᠬᠡᠶ ᠪᠣᠯᠭᠠᠭᠰᠠᠨ ᠶᠠᠪᠤᠳᠠᠯ ᠪᠢᠰᠢ᠂ ᠬᠠᠷᠢᠨ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠦᠨᠡᠯᠡᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶ ᠳᠥᠯᠭᠢᠨ | ᠠᠬᠢᠭᠤᠯᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠦᠶ᠋ᠯᠡᠴᠢᠯᠡᠭᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠬᠤᠪᠢᠷᠠᠭᠤᠯᠵᠤ᠂ ᠦᠨᠡᠯᠡᠯᠲᠡ ᠪᠠ ᠦᠨᠡᠮᠯᠡᠯ ᠣᠯᠭᠤᠬᠤ ᠪᠡᠶᠡᠴᠢ ᠴᠣᠭᠴᠠ ᠶᠢ ᠬᠤᠪᠢᠷᠠᠭᠤᠯᠵᠤ᠂ ᠵᠠᠰᠠᠭ ᠤᠨ | ᠣᠷᠳᠣᠨ ᠬᠢᠭᠡᠳ ᠵᠠᠬ᠎ᠠ ᠳᠡᠯᠭᠡᠭᠦᠷ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠠᠷᠢᠴᠠᠭ᠎ᠠ ᠶᠢ ᠲᠣᠬᠢᠷᠠᠭᠤᠯᠤᠨ᠎ᠠ᠃ | ᠬᠥᠳᠡᠯᠮᠦᠷᠢᠴᠢᠨ ᠦᠨᠡᠯᠡᠯᠲᠡ ᠳᠤ ᠬᠢᠷᠢ ᠲᠡᠩᠴᠡᠭᠡᠳ ᠣᠯᠤᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠵᠡᠷᠭᠡ ᠳᠡᠰ ᠤᠨ ᠦᠨᠡᠮᠯᠡᠯ ᠪᠠ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠨᠢ ᠠᠳᠠᠯᠢᠬᠠᠨ ᠬᠦᠴᠦᠨ ᠲᠠᠢ᠃ | ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ | ᠴᠢᠬᠤᠯᠠ ᠠᠴᠢ ᠬᠤᠯᠪᠣᠭᠳᠠᠯ | 2017 ᠣᠨ ᠠᠴᠠ ᠡᠬᠢᠯᠡᠨ ᠵᠢᠩᠬᠢᠨᠢ ᠪᠠᠷ ᠡᠬᠢᠯᠡᠭᠦᠯᠦᠭᠰᠡᠨ ᠤᠯᠤᠰ ᠤᠨ ᠠᠵᠢᠯ ᠮᠡᠷᠭᠡᠵᠢᠯ ᠤᠨ ᠬᠢᠷᠢ | ᠬᠡᠮ ᠤᠨ ᠭᠠᠷᠴᠠᠭ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠳᠦᠷᠢᠮ ᠪᠣᠯᠤᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠮᠥᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ | ᠬᠤᠪᠢᠷᠠᠭᠤᠯᠤᠯᠲᠠ ᠶᠢ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠤᠷ᠎ᠠ ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠲᠣᠭᠲᠠᠴᠠ ᠶᠢ | ᠪᠦᠷᠢᠯᠳᠦᠭᠦᠯᠬᠦ ᠨᠢᠭᠡ ᠤᠳᠠᠭ᠎ᠠ ᠶᠢᠨ ᠬᠤᠪᠢᠰᠬᠠᠯ ᠪᠣᠯᠤᠨ᠎ᠠ᠃ ᠡᠭᠦᠨ ᠤ ᠵᠣᠷᠢᠯᠭ᠎ᠠ ᠨᠢ ᠥᠷᠭᠡᠨ ᠣᠯᠠᠨ | ᠬᠥᠳᠡᠯᠮᠦᠷᠢᠴᠢᠳ ᠲᠤ ᠴᠢᠨᠠᠷ ᠰᠠᠶᠢᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠯᠡᠯᠲᠡ ᠶᠢᠨ ᠦᠶ᠋ᠯᠡᠴᠢᠯᠡᠭᠡ | ᠬᠠᠩᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠳᠡᠪᠬᠢᠵᠢᠯ ᠢ ᠬᠥᠭᠵᠢᠭᠡᠨ᠂ ᠠᠵᠤ ᠠᠬᠤᠶᠢᠯᠠᠯ ᠤᠨ | ᠬᠥᠮᠦᠨ ᠰᠣᠩᠭᠤᠵᠤ ᠬᠥᠮᠦᠨ ᠬᠡᠷᠡᠭᠯᠡᠬᠦ᠂ ᠬᠥᠳᠡᠯᠮᠦᠷᠢᠴᠢᠳ ᠤᠨ ᠠᠵᠢᠯ ᠡᠷᠢᠵᠦ ᠠᠵᠢᠯ ᠤᠯᠬᠤ ᠳᠤ ᠬᠦᠴᠦᠲᠡᠶ | ᠲᠦᠰᠢᠭ ᠲᠤᠯᠭᠠᠭᠤᠷᠢ ᠬᠠᠩᠭᠠᠵᠤ᠂ ᠠᠵᠤ ᠦᠶ᠋ᠯᠡᠰ ᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠶᠤᠮ᠃ ᠭᠠᠷᠴᠠᠭ ᠢ ᠨᠡᠶᠢᠲᠡᠯᠡᠭᠰᠡᠨ ᠠᠴᠠ ᠨᠠᠰᠢ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ | ᠭᠠᠷᠴᠠᠭ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢ ᠮᠠᠭᠠᠳᠯᠠᠨ | ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠦᠨᠡᠮᠯᠡᠯ ᠤᠨ ︽ᠦᠨ᠎ᠡ ᠴᠠᠨ᠎ᠠ ᠶᠢᠨ ᠬᠡᠮᠵᠢᠶ᠎ᠡ︾ | ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠪᠠ ᠠᠬᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠶ᠋ᠯᠡᠳᠦᠯ ᠦᠵᠡᠭᠦᠯᠪᠡ᠂ ᠡᠭᠦᠨ ᠳᠤ ᠭᠤᠷᠪᠠᠨ ᠲᠠᠯ᠎ᠠ ᠪᠠᠷ ᠪᠣᠳᠠᠲᠠᠶ | ᠢᠯᠡᠷᠡᠵᠦ ᠪᠠᠶᠢᠨ᠎ᠠ᠄ | ᠨᠢᠭᠡ ᠳᠤ᠂ ᠠᠵᠢᠯ ᠣᠯᠭᠤᠬᠤ ᠦᠢᠯᠡᠰ ᠪᠤᠰᠬᠠᠬᠤ ᠪᠠᠷᠢᠮᠵᠢᠶ᠎ᠠ ᠶᠢ ᠳᠣᠷᠣᠭᠰᠢᠯᠠᠭᠤᠯᠵᠤ᠂ ᠠᠵᠢᠯ ᠣᠯᠭᠤᠬᠤ | ᠦᠢᠯᠡᠰ ᠪᠤᠰᠬᠠᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠳᠠᠪᠤᠷᠢᠲᠠᠨ ᠤ ᠳᠠᠷᠤᠭᠠᠰᠤ ᠶᠢ ᠬᠥᠩᠭᠡᠷᠡᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠰᠢᠨ᠎ᠡ ᠶᠢ ᠡᠭᠦᠳᠬᠦ ᠪᠦᠲᠦᠭᠡᠯᠴᠢ | ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠳᠡᠯᠮᠦᠷᠢᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ | ᠨᠡᠩ ᠥᠷᠭᠡᠨ ᠠᠭᠤᠳᠠᠮ ᠣᠷᠣᠨ ᠵᠠᠢ ᠶᠢ ᠬᠠᠩᠭᠠᠬᠤ ᠬᠡᠷᠡᠭᠲᠡᠢ᠃ ᠬᠤᠶᠠᠷ ᠲᠤ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠤᠨ ᠱᠠᠭᠠᠷᠳᠠᠯᠭ᠎ᠠ ᠳᠤ | ᠨᠡᠩ ᠨᠡᠶᠢᠴᠡᠭᠰᠡᠨ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠨᠡᠩ ᠰᠢᠨᠵᠢᠯᠡᠬᠦ ᠤᠬᠠᠭᠠᠨᠴᠢ | ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠦᠨᠡᠯᠡᠬᠦ ᠳᠦᠷᠢᠮ ᠢ ᠪᠤᠶ ᠪᠣᠯᠭᠠᠵᠤ᠂ ᠬᠢᠷᠢ ᠬᠡᠮᠵᠢᠶ᠎ᠡ ᠶᠢ ᠦᠨᠡᠯᠡᠬᠦ | ᠲᠥᠷᠥᠯ ᠤᠨ ᠤᠷ᠎ᠠ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠳᠤ ᠨᠡᠶᠢᠭᠡᠮᠴᠢᠯᠡᠭᠰᠡᠨ ᠵᠡᠷᠭᠡ | ᠳᠡᠰ ᠢ ᠮᠠᠭᠠᠳᠯᠠᠨ ᠲᠣᠭᠲᠠᠭᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠪᠠ ᠨᠡᠶᠢᠭᠡᠮ ᠤᠨ ᠵᠥᠪᠰᠢᠶᠡᠷᠡᠯ ᠪᠠ | ᠰᠢᠯᠭᠠᠨ ᠪᠠᠶᠢᠴᠠᠭᠠᠯᠲᠠ ᠶᠢ ᠬᠦᠯᠢᠶᠡᠵᠦ᠂ ᠬᠥᠮᠦᠨ ᠬᠡᠷᠡᠭᠯᠡᠬᠦ ᠭᠤᠤᠯ ᠴᠣᠭᠴᠠ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠦᠰᠦᠨ | ᠪᠤᠶᠢᠵᠢᠬᠤ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠳᠤ ᠦᠵᠡᠭᠦᠯᠬᠦ ᠬᠢᠵᠠᠭᠠᠷᠯᠠᠯ ᠢ ᠡᠪᠳᠡᠵᠦ᠂ | ᠠᠵᠤ ᠦᠶ᠋ᠯᠡᠰ ᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ ᠠᠵᠢᠯ | ᠮᠡᠷᠭᠡᠵᠢᠯ ᠤᠨ ᠦᠨᠡᠯᠡᠯᠲᠡ ᠶᠢᠨ ᠲᠥᠷᠥᠯ ᠢᠯᠭᠠᠯ ᠢ ᠲᠣᠳᠣᠷᠬᠠᠶ ᠬᠤᠪᠢᠶᠠᠷᠢᠯᠠᠵᠤ᠂ ᠵᠠᠰᠠᠭ ᠤᠨ ᠣᠷᠳᠣᠨ ᠪᠣᠯᠤᠨ | ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠢᠯᠤᠭᠤᠳᠬᠠᠬᠤ ᠳᠤ ᠠᠰᠢᠭᠲᠠᠶ᠂ ᠵᠠᠰᠠᠭ ᠤᠨ ᠣᠷᠳᠣᠨ ᠤ ︽ᠬᠢᠨᠠᠭᠴᠢ︾ | ᠪᠣᠯᠤᠭᠰᠠᠨ ᠤ ᠬᠤᠪᠢ ᠳᠠᠬᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠡᠭᠦᠨ ᠤ ᠬᠠᠮᠲᠤ ᠴᠢᠳᠠᠪᠤᠷᠢᠲᠠᠨ ᠤ ᠦᠨᠡᠯᠡᠯᠲᠡ ᠶᠢᠨ ︽ᠦᠭᠡ ᠬᠡᠯᠡᠬᠦ ᠡᠷᠬᠡ︾ ᠶᠢ ᠬᠥᠮᠦᠨ ᠬᠡᠷᠡᠭᠯᠡᠬᠦ ᠭᠤᠣᠯ | ᠴᠣᠭᠴᠠ ᠳᠤ ᠭᠦᠢᠴᠡᠳ ᠲᠤᠰᠢᠶᠠᠵᠤ᠂ ᠵᠠᠬ᠎ᠠ ᠳᠡᠯᠭᠡᠭᠦᠷ ᠲᠤ ᠲᠤᠰᠢᠶᠠᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠶ᠋ᠳᠪᠦᠷᠢᠯᠡᠭᠴᠢ ᠴᠢᠨᠠᠷᠲᠠᠶ ᠦᠶ᠋ᠯᠡᠳᠦᠯ ᠢ ᠭᠦᠶ᠋ᠴᠡᠳ ᠪᠠᠳᠠᠷᠠᠭᠤᠯᠵᠤ | ᠂ ︽ᠬᠡᠨ ᠬᠥᠮᠦᠨ ᠬᠡᠷᠡᠭᠯᠡᠪᠡᠯ ᠬᠡᠨ ᠦᠨᠡᠯᠡᠬᠦ᠂ ᠬᠡᠨ ᠦᠨᠡᠮᠯᠡᠯ ᠣᠯᠭᠤᠪᠠᠯ ᠬᠡᠨ ᠬᠠᠷᠢᠭᠤᠴᠠᠬᠤ︾ ᠦᠨᠡᠯᠡᠯᠲᠡ ᠶᠢᠨ | ᠵᠠᠭᠪᠤᠷ ᠢ ᠪᠠᠶᠢᠭᠤᠯᠵᠤ᠂ ᠦᠨᠡᠯᠡᠯᠲᠡ ᠶᠢᠨ ᠦᠷ᠎ᠡ ᠳ᠋ᠦᠩ ᠢᠶᠠᠷ ᠵᠠᠬ᠎ᠠ ᠳᠡᠯᠭᠡᠭᠦᠷ ᠤᠨ ᠬᠥᠮᠦᠨ ᠬᠡᠷᠡᠭᠯᠡᠬᠦ ᠱᠠᠭᠠᠷᠳᠠᠯᠭ᠎ᠠ | ᠪᠠ ᠴᠢᠳᠠᠪᠤᠷᠢᠲᠠᠨ ᠤ ᠴᠢᠳᠠᠪᠤᠷᠢ ᠶᠢᠨ ᠦᠨ᠎ᠡ ᠥᠷᠲᠡᠭ ᠢ ᠨᠠᠩ ᠭᠦᠶ᠋ᠴᠡᠳ ᠢᠯᠡᠷᠡᠭᠦᠯᠵᠦ᠂ ᠠᠵᠤ ᠠᠬᠤᠶᠢᠯᠠᠯ ᠤᠨ | ᠨᠠᠩ ᠶᠡᠭᠡ ᠬᠡᠪᠴᠢᠶ᠎ᠡ ᠲᠠᠢ᠂ ᠨᠠᠩ ᠥᠨᠳᠥᠷ ᠶᠠᠰᠤ ᠴᠢᠨᠠᠷ ᠲᠠᠢ ᠮᠥᠷᠲᠡᠭᠡᠨ ᠣᠲᠣ ᠦᠶ᠎ᠡ ᠶᠢᠨ ᠠᠵᠤ ᠦᠶ᠋ᠯᠡᠰ ᠤᠨ | ᠬᠡᠷᠡᠭᠴᠡᠭᠡ ᠳᠤ ᠵᠣᠬᠢᠴᠠᠭᠰᠠᠨ ᠤᠷ᠎ᠠ ᠮᠡᠷᠭᠡᠵᠢᠯ ᠤᠨ ᠬᠥᠳᠡᠯᠮᠦᠷᠢᠴᠢᠳ ᠤᠨ ᠶᠡᠭᠡ ᠡᠩᠨᠡᠭᠡ ᠶᠢ ᠪᠤᠶᠢᠵᠢᠭᠤᠯᠬᠤ ᠶᠢ | ᠠᠬᠢᠭᠤᠯᠤᠨ᠎ᠠ᠃ | ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢᠨ | ᠨᠠᠶᠢᠳᠠᠪᠤᠷᠢᠵᠢᠭᠤᠯᠬᠤ | ᠬᠢᠷᠢ ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ | ᠬᠢᠷᠢ ᠬᠡᠮ ᠤᠨ ᠭᠠᠷᠴᠠᠭ ᠠᠴᠠ ᠭᠠᠷᠬᠤ ᠪᠣᠯ ᠤᠷ᠎ᠠ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠦᠷᠢᠮ ᠤᠨ | ᠥᠭᠡᠷᠡᠴᠢᠯᠡᠯᠲᠡ ᠶᠢᠨ ᠬᠡᠰᠡᠭ ᠠᠷᠭ᠎ᠠ ᠬᠡᠮᠵᠢᠶ᠎ᠡ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠤᠨ ᠲᠣᠳᠣᠷᠬᠠᠶ | ᠬᠠᠭᠤᠳᠠᠰᠤ ᠶᠢᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠮᠡᠷᠭᠡᠵᠢᠯ ᠤᠨ ᠬᠢᠷᠢ ᠬᠡᠮ ᠤᠨ | ᠦᠨᠡᠯᠡᠯᠲᠡ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ | ᠠᠵᠢᠯ ᠮᠡᠷᠭᠡᠵᠢᠯ ᠤᠨ ᠬᠢᠷᠢ ᠬᠡᠮ ᠤᠨ ᠦᠨᠡᠯᠡᠯᠲᠡ᠃ ᠵᠥᠪᠰᠢᠶᠡᠷᠡᠨ ᠣᠷᠣᠭᠤᠯᠬᠤ ᠲᠥᠷᠥᠯ ᠤᠨ ᠠᠵᠢᠯ | ᠮᠡᠷᠭᠡᠵᠢᠯ ᠤᠨ ᠬᠢᠷᠢ ᠬᠡᠮ ᠢ ᠬᠠᠤᠯᠢ ᠲᠣᠭᠲᠠᠭᠠᠯ ᠶᠣᠰᠣᠭᠠᠷ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ | ᠭᠠᠷᠴᠠᠭ ᠤᠨ ᠨᠠᠷᠢᠨ ᠬᠠᠭᠤᠳᠠᠰᠤᠨ ᠳᠤ ᠣᠷᠣᠭᠤᠯᠵᠤ᠂ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠠᠷᠢᠮᠵᠢᠶ᠎ᠠ ᠶᠢ ᠦᠨᠳᠦᠰᠦᠯᠡᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠴᠢᠩᠭ᠎ᠠ ᠬᠢᠨᠠᠯᠲᠠ ᠬᠠᠮᠢᠶᠠᠷᠤᠯᠲᠠ ᠶᠢᠨ | ᠳᠣᠤᠷ᠎ᠠ ᠦᠨᠡᠯᠡᠯᠲᠡ ᠬᠢᠵᠦ᠂ ᠭᠠᠷᠴᠠᠭ ᠠᠴᠠ ᠭᠠᠳᠠᠨᠠᠬᠢ ᠠᠵᠢᠯ ᠮᠡᠷᠭᠡᠵᠢᠯ ᠤᠨ ᠬᠢᠷᠢ ᠬᠡᠮ ᠢ ᠵᠥᠪᠰᠢᠶᠡᠷᠡᠬᠦ ᠪᠠ | ᠮᠠᠭᠠᠳᠯᠠᠨ ᠲᠣᠭᠲᠠᠭᠠᠵᠤ ᠪᠣᠯᠬᠤ ᠥᠬᠡᠶ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠭᠠᠷᠴᠠᠭ ᠤᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠬᠢᠷᠢ ᠬᠡᠮ ᠤᠨ | ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠢᠯ ᠮᠡᠷᠭᠡᠵᠢᠯ ᠤᠨ ᠬᠢᠷᠢ ᠬᠡᠮ ᠤᠨ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠰᠢᠯᠭᠠᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠰᠢᠯᠭᠠᠯᠲᠠ ᠶᠢᠨ ᠦᠨᠡᠨᠴᠢ ᠢᠲᠡᠭᠡᠮᠵᠢ ᠶᠢᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠤᠯᠤᠰ ᠤᠨ ᠠᠵᠢᠯ ᠮᠡᠷᠭᠡᠵᠢᠯ ᠤᠨ ᠬᠢᠷᠢ | ᠬᠡᠮ ᠤᠨ ᠭᠠᠷᠴᠠᠭ ᠤᠨ ᠨᠠᠷᠢᠨ ᠬᠠᠭᠤᠳᠠᠰᠤ ᠠᠴᠠ ᠭᠠᠳᠠᠨᠠᠬᠢ ᠠᠵᠢᠯ ᠮᠡᠷᠭᠡᠵᠢᠯ ᠵᠢᠴᠢ ᠭᠠᠷᠴᠠᠭ ᠤᠨ ᠨᠠᠷᠢᠨ | ᠬᠠᠭᠤᠳᠠᠰᠤ ᠶᠢ ᠤᠳᠠᠭ᠎ᠠ ᠳᠠᠷᠠᠭᠠᠯᠠᠨ ᠰᠢᠯᠵᠢᠭᠦᠯᠵᠦ ᠭᠠᠷᠭᠠᠭᠰᠠᠨ ᠤᠷ᠎ᠠ ᠴᠢᠳᠠᠪᠤᠷᠢ ᠲᠠᠢ ᠠᠵᠢᠯᠲᠠᠨ ᠤ ᠠᠵᠢᠯ | ᠮᠡᠷᠭᠡᠵᠢᠯ ᠤᠨ ᠬᠢᠷᠢ ᠬᠡᠮ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠳᠠᠩᠰᠠᠯᠠᠭᠤᠯᠤᠭᠰᠠᠨ ᠬᠥᠮᠦᠨ ᠬᠡᠷᠡᠭᠯᠡᠬᠦ ᠨᠢᠭᠡᠴᠡ ᠪᠠ ᠨᠡᠶᠢᠭᠡᠮ ᠤᠨ ᠪᠣᠯᠪᠠᠰᠤᠷᠠᠭᠤᠯᠤᠯ ᠤᠨ | ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠠᠴᠠ ᠦᠨᠡᠯᠡᠬᠦ ᠠᠵᠢᠯ ᠥᠷᠨᠢᠭᠦᠯᠦᠨ᠎ᠡ᠂ ᠠᠵᠢᠯ ᠮᠡᠷᠭᠡᠵᠢᠯ ᠤᠨ ᠬᠢᠷᠢ | ᠬᠡᠮ ᠤᠨ ᠵᠥᠪᠰᠢᠶᠡᠷᠡᠯ ᠪᠠ ᠦᠨᠡᠮᠰᠢᠯ ᠢ ᠬᠡᠯᠪᠡᠷᠢ ᠶᠢ ᠨᠢ ᠥᠭᠡᠷᠡᠲᠦᠭᠦᠯᠦᠨ ᠥᠷᠨᠢᠭᠦᠯᠵᠦ ᠪᠣᠯᠬᠤ ᠥᠬᠡᠶ᠂ | ᠴᠢᠳᠠᠪᠤᠷᠢ ᠶᠢᠨ ᠬᠢᠷᠢ ᠬᠡᠮᠵᠢᠶ᠎ᠡ ᠶᠢᠨ ᠦᠨᠡᠯᠡᠯᠲᠡ ᠶᠢᠨ ᠠᠵᠢᠯᠯᠠᠭ᠎ᠠ ᠪᠠᠷ ᠠᠵᠢᠯ ᠣᠯᠵᠤ ᠠᠳᠠᠯ ᠦᠶ᠋ᠯᠡᠰ ᠴᠣᠭᠴᠠᠯᠠᠬᠤ | ᠪᠠᠷᠢᠮᠵᠢᠶ᠎ᠠ ᠲᠣᠭᠲᠠᠭᠠᠵᠤ ᠪᠣᠯᠬᠤ ᠥᠬᠡᠶ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠪᠠᠰᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠲᠦᠷᠢᠮ ᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠵᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠲᠠᠢ ᠵᠣᠯᠭᠠᠯᠳᠤᠭᠰᠠᠨ᠂ ᠨᠠᠰᠤᠨ | ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠦᠷᠢᠮ ᠲᠠᠢ | ᠵᠣᠬᠢᠴᠠᠯᠳᠤᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠨᠢᠭᠡ ᠲᠠᠯ᠎ᠠ ᠪᠠᠷ ᠡᠯ᠎ᠡ ᠱᠠᠲᠤᠨ ᠤ | ᠡᠯ᠎ᠡ ᠲᠥᠷᠥᠯ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠤᠷ᠎ᠠ ᠮᠡᠷᠭᠡᠵᠢᠯ ᠤᠨ ᠴᠢᠳᠠᠪᠤᠷᠢᠲᠠᠨ ᠤ ᠨᠥᠭᠦᠭᠡ | ᠲᠠᠯ᠎ᠠ ᠪᠠᠷ ᠨᠡᠶᠢᠭᠡᠮ ᠤᠨ ᠪᠣᠯᠪᠠᠰᠤᠷᠠᠭᠤᠯᠤᠯ ᠤᠨ ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠶᠢ ᠰᠣᠩᠭᠤᠨ | ᠨᠡᠶᠢᠲᠡᠯᠡᠵᠦ᠂ ᠲᠣᠭᠲᠠᠭᠠᠯ ᠶᠣᠰᠣᠭᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ ᠠᠵᠢᠯ ᠢ ᠥᠷᠨᠢᠭᠦᠯᠵᠦ᠂ ᠨᠥᠬᠦᠴᠡᠯ ᠪᠦᠷᠢᠯᠳᠦᠭᠦᠯᠦᠭᠡᠳᠦᠶ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠪᠠ ᠨᠡᠶᠢᠭᠡᠮ ᠤᠨ ᠠᠵᠢᠯᠲᠠᠨ ᠳᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠦᠶ᠋ᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨᠴᠢᠯᠠᠭᠰᠠᠨ | ᠂ ᠨᠡᠶᠢᠭᠡᠮᠴᠢᠯᠡᠭᠰᠡᠨ᠂ ᠣᠯᠠᠨ ᠡᠰᠢᠴᠢᠯᠡᠭᠰᠡᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠪᠣᠶ | ᠪᠣᠯᠭᠠᠵᠤ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠠᠰᠢᠭᠲᠠᠶ | ᠲᠦᠷᠢᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠰᠢᠨ᠎ᠡ ᠬᠡᠪᠯᠡᠯ ᠤᠨ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠢ ᠨᠡᠶᠢᠲᠡᠯᠡᠭᠰᠡᠨ ᠨᠢ ᠠᠵᠢᠯ | ᠮᠡᠷᠭᠡᠵᠢᠯ ᠤᠨ ᠬᠢᠷᠢ ᠬᠡᠮ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ | ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠤᠭᠰᠠᠨ ᠢ ᠬᠠᠷᠠᠭᠤᠯᠵᠤ ᠪᠠᠶᠢᠨ᠎ᠠ᠃ ︽ᠬᠢᠷᠢ | ᠲᠦᠪᠰᠢᠨ ᠤ ᠦᠨᠡᠯᠡᠯᠲᠡ ᠶᠢᠨ ᠲᠥᠷᠥᠯ ᠤᠨ ᠤᠷ᠎ᠠ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ | ᠬᠡᠮ ᠠᠴᠠ ᠤᠬᠤᠷᠢᠨ ᠭᠠᠷᠬᠤ ᠭᠠᠷᠴᠠᠭ︾ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠤᠷ᠎ᠠ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠠᠴᠠ | ᠤᠬᠤᠷᠢᠨ ᠭᠠᠷᠬᠤ ᠶᠢ ᠪᠣᠳᠠᠲᠠᠶ ᠬᠡᠷᠡᠭᠵᠢᠭᠦᠯᠬᠦ ᠠᠵᠢᠯ︾ ᠪᠠ ︽ᠠᠵᠢᠯᠲᠠᠨ ᠤ ᠬᠢᠷᠢ ᠬᠡᠮ ᠳᠤ ᠬᠤᠯᠪᠣᠭᠳᠠᠬᠤ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠭᠠᠷᠴᠠᠭ ᠲᠤ ᠣᠷᠣᠭᠤᠯᠬᠤ ᠭᠠᠷᠴᠠᠭ︾ ᠭᠡᠬᠦ ︽ᠬᠤᠶᠠᠷ ᠢ | ᠤᠬᠤᠷᠢᠭᠤᠯᠵᠤ ᠨᠢᠭᠡ ᠶᠢ ᠳᠠᠪᠰᠢᠭᠤᠯᠬᠤ︾᠂ ᠡᠨᠡ ᠨᠢ ᠵᠠᠰᠠᠭ ᠤᠨ ᠣᠷᠳᠣᠨ ᠤ ᠬᠢᠨᠠᠨ ᠬᠠᠮᠢᠶᠠᠷᠤᠯᠲᠠ ᠪᠠ | ᠦᠶ᠋ᠯᠡᠴᠢᠯᠡᠭᠡᠨ ᠤ ᠲᠤᠬᠠᠶᠢᠯᠠᠭᠰᠠᠨ ᠠᠵᠢᠯ ᠳᠠᠭᠠᠨ ᠪᠤᠴᠠᠵᠤ᠂ ᠠᠵᠤ ᠠᠬᠤᠶᠢᠯᠠᠯ ᠤᠨ ᠦᠨᠡᠯᠡᠯᠲᠡ ᠶᠢᠨ ᠪᠡᠶᠡᠴᠢ | ᠴᠣᠭᠴᠠ ᠶᠢᠨ ᠦᠨᠳᠦᠰᠦᠨ ᠠᠵᠢᠯ ᠳᠠᠭᠠᠨ ᠪᠤᠴᠠᠵᠤ᠂ ᠠᠵᠤ ᠠᠬᠤᠶᠢᠯᠠᠯ ᠪᠠ ᠴᠢᠳᠠᠪᠤᠷᠢᠲᠠᠨ ᠤ ᠬᠦᠯᠢᠶᠡᠰᠦ ᠶᠢ | ᠬᠠᠮᠤᠭ ᠤᠨ ᠶᠡᠭᠡ ᠬᠡᠮᠵᠢᠶ᠎ᠡ ᠪᠠᠷ ᠰᠤᠯᠠᠷᠠᠭᠤᠯᠵᠤ ᠳᠠᠷᠤᠭᠠᠰᠤ ᠶᠢ ᠬᠥᠩᠭᠡᠷᠡᠭᠦᠯᠬᠦ ᠳᠤ ᠠᠰᠢᠭᠲᠠᠶ ᠪᠠᠶᠢᠬᠤ ᠶᠢ | ᠬᠠᠷᠠᠭᠤᠯᠵᠤ ᠪᠠᠶᠢᠨ᠎ᠠ᠃ ᠠᠯᠤᠰ ᠬᠡᠲᠦ ᠠᠴᠠ ᠠᠪᠴᠤ ᠦᠵᠡᠪᠡᠯ᠂ ᠤᠯᠤᠰ ᠤᠨ ᠠᠵᠢᠯ ᠮᠡᠷᠭᠡᠵᠢᠯ ᠤᠨ ᠬᠢᠷᠢ | ᠬᠡᠮ ᠤᠨ ᠭᠠᠷᠴᠠᠭ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ | ᠲᠡᠭᠦᠯᠳᠡᠷᠵᠢᠭᠦᠯᠬᠦ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠲᠠᠰᠤᠷᠠᠯᠲᠠ ᠥᠬᠡᠶ | ᠬᠥᠭᠵᠢᠭᠡᠬᠦ ᠪᠠ ᠠᠵᠢᠯ ᠣᠯᠭᠤᠯᠲᠠ ᠶᠢ ᠠᠬᠢᠭᠤᠯᠬᠤ ᠪᠣᠯᠤᠨ᠎ᠠ᠂ ᠡᠨᠡ ᠨᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠦᠷᠢᠮ ᠢ ᠲᠡᠭᠦᠯᠳᠡᠷᠵᠢᠭᠦᠯᠬᠦ᠂ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠲᠦᠷᠢᠮ ᠢ ᠳᠥᠯᠭᠢᠨ ᠠᠬᠢᠭᠤᠯᠬᠤ᠂ ᠠᠵᠤ ᠦᠶ᠋ᠯᠡᠰ ᠤᠨ ᠲᠠᠰ ᠳᠡᠪᠰᠢᠬᠦ ᠪᠠ | ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ︵ᠵᠣᠬᠢᠶᠠᠭᠴᠢ᠄ | ᠲᠦᠩ ᠲᠢᠶᠠᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠪᠤᠷᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ︶ | | | |