ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ 2021 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ | ᠴᠢᠨᠠᠷᠲᠠᠶ ᠠᠵᠢᠯ ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ | ᠪᠠ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠠᠵᠢᠯ ᠣᠯᠭᠤᠯᠲᠠ ᠶᠢᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠤᠨ ᠨᠠᠷᠠᠲᠤ ᠮᠠᠨ ᠤ ᠬᠤᠲᠠ ᠶᠢᠨ ᠥᠪᠥᠷ ᠮᠣᠩᠭᠤᠯ ᠤᠨ ᠨᠢᠭᠡᠳᠦᠭᠡᠷ | ᠮᠧᠬᠠᠨᠢᠭ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠬᠦᠩᠭᠡᠨ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠢᠨᠵᠧᠨᠧᠷᠢᠩ ᠤᠨ ᠮᠡᠷᠭᠡᠵᠢᠯ — ᠴᠠᠬᠢᠯᠭᠠᠨ ᠤ ᠠᠵᠢᠯᠴᠢᠨ᠂ ᠪᠤᠭᠤᠲᠤ ᠬᠤᠳᠠ ᠶᠢᠨ ᠪᠥᠸᠧ ᠬᠤᠢ ᠠᠵᠢᠯ | ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠡᠯᠧᠺᠲᠷᠣᠨ ᠬᠤᠳᠠᠯᠳᠤᠭᠴᠢ᠂ ᠥᠪᠥᠷ ᠮᠣᠩᠭᠤᠯ ᠤᠨ ᠰᠢᠨᠬᠤᠸᠠ | ᠲᠤᠰᠬᠠᠢ ᠪᠣᠯᠪᠠᠰᠤᠷᠠᠯ ᠤᠨ ᠳᠡᠭᠡᠳᠦ ᠰᠤᠷᠭᠠᠭᠤᠯᠢ ᠶᠢᠨ ᠲᠣᠭᠠᠴᠠᠭ᠎ᠠ ᠬᠢᠭᠴᠢ᠂ ᠥᠪᠥᠷ ᠮᠣᠩᠭᠤᠯ ᠤᠨ ᠨᠢᠭᠡᠳᠦᠭᠡᠷ | ᠮᠧᠬᠠᠨᠢᠭ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠣᠯᠪᠠᠰᠤᠷᠠᠯ ᠤᠨ ᠲᠥᠪ ᠤᠨ | ᠥᠷᠥᠯᠪᠢᠴᠢᠨ᠂ ᠥᠪᠥᠷ ᠮᠣᠩᠭᠤᠯ ᠤᠨ ᠨᠢᠭᠡᠳᠦᠭᠡᠷ ᠮᠧᠬᠠᠨᠢᠭ ᠤᠨ ᠪᠦᠯᠦᠭᠯᠡᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠪᠣᠯᠪᠠᠰᠤᠷᠠᠯ ᠤᠨ ᠲᠥᠪ ᠤᠨ ᠭᠠᠩᠨᠠᠭᠤᠷᠴᠢᠨ ᠷᠦᠩ ᠶᠣᠣ ᠨᠡᠷᠡᠰ ᠤᠨ ᠵᠢᠭᠰᠠᠭᠠᠯᠲᠠ ᠳᠤ | ᠣᠷᠣᠪᠠ᠃ ᠣᠲᠣ ᠪᠣᠯᠲᠠᠯ᠎ᠠ᠂ ᠮᠠᠨ ᠤ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ | ᠴᠢᠨᠠᠷᠲᠠᠶ ᠠᠵᠢᠯ ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ | 6᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ ᠤᠨᠴᠠᠯᠢᠭᠳᠤ | ᠪᠣᠯᠪᠠᠰᠤᠷᠠᠭᠤᠯᠤᠯ ᠤᠨ ᠨᠠᠷᠠᠲᠤ ᠲᠡᠮᠳᠡᠭ 20᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠤᠨ ᠨᠠᠷᠠᠲᠤ ᠲᠡᠮᠳᠡᠭ 2 ᠪᠣᠶ᠃ | ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ | ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠠᠷᠠᠲᠤ ᠲᠥᠷᠥᠯ ᠲᠡᠮᠳᠡᠭᠲᠦ ᠨᠢ ᠠᠵᠢᠯ | ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠶᠡᠬᠡᠪᠡᠷ ᠳᠥᠯᠭᠢᠨ ᠠᠬᠢᠭᠤᠯᠬᠤ᠂ ᠠᠵᠢᠯ | ᠣᠯᠭᠤᠬᠤ ᠪᠣᠯᠪᠠᠰᠤᠷᠠᠭᠤᠯᠤᠯ ᠤᠨ ᠶᠠᠰᠤ ᠴᠢᠨᠠᠷ ᠪᠠ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ | ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ ᠦᠶ᠋ᠯᠡᠳᠦᠯ ᠪᠠᠳᠠᠷᠠᠭᠤᠯᠵᠤ ᠪᠠᠶᠢᠨ᠎ᠠ᠃ 2021 ᠣᠨ ᠳᠤ᠂ | ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠦᠷᠭᠦᠯᠵᠢᠯᠡᠨ ︽ᠪᠣᠯᠪᠠᠰᠤᠷᠠᠯ ᠤᠨ ᠨᠡᠷᠡᠲᠦ ᠲᠡᠮᠳᠡᠭ | ︾ ᠪᠠ ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ | ᠪᠣᠳᠣᠯᠭ᠎ᠠ ᠪᠠᠷ ᠬᠥᠲᠥᠯᠦᠨ ᠳᠠᠭᠠᠭᠤᠯᠬᠤ ᠪᠠ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳᠠᠪᠠᠭᠤᠯᠢᠭ ᠢᠶᠠᠷ | ᠳᠠᠮᠵᠢᠭᠤᠯᠤᠨ᠂ ᠠᠵᠤ ᠦᠶ᠋ᠯᠡᠰ ᠲᠠᠢ ᠵᠣᠯᠭᠠᠭᠤᠯᠬᠤ᠂ ᠣᠨᠴᠠᠯᠢᠭ ᠢᠶᠠᠷ ᠬᠥᠲᠥᠯᠦᠨ ᠳᠠᠭᠠᠭᠤᠯᠬᠤ᠂ ᠪᠠᠶᠢᠷᠢ | ᠵᠥᠷᠢᠭᠦᠯᠦᠨ ᠬᠥᠭᠵᠢᠭᠦᠯᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠢᠭᠲᠠ ᠨᠡᠶᠢᠴᠡᠬᠦ ᠲᠤᠰᠬᠠᠶ | ᠮᠡᠷᠭᠡᠵᠢᠯ ᠤᠨ ᠪᠣᠯᠪᠠᠰᠤᠷᠠᠭᠤᠯᠤᠯ ᠤᠨ ᠨᠠᠷᠠᠲᠤ ᠲᠥᠷᠥᠯ ᠲᠡᠮᠳᠡᠭᠲᠦ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠪᠣᠶ ᠪᠣᠯᠭᠠᠵᠤ᠂ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠲᠡᠷᠢᠭᠦᠨ ᠤ ᠵᠠᠭᠪᠤᠷ ᠢ ᠬᠠᠶᠢᠨ | ᠰᠦᠪᠡᠭᠴᠢᠯᠡᠵᠦ᠂ ᠵᠠᠬᠢᠶᠠᠯᠠᠭ᠎ᠠ ᠶᠢᠨ ᠬᠠᠭᠤᠳᠠᠰᠤ᠂ ᠠᠵᠢᠯ ᠤᠨ ᠪᠠᠶᠢᠷᠢ ᠲᠣᠭᠲᠠᠭᠠᠬᠤ ᠮᠠᠶ᠋ᠢᠭ ᠤᠨ | ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠦᠨ᠎ᠡ᠃ ᠡᠨᠡ ᠵᠢᠯ ᠠᠴᠠ ᠨᠠᠰᠢ᠂ ᠭᠤᠤᠯᠳᠠᠯᠭ᠎ᠠ ᠲᠠᠢ ᠬᠠᠮᠲᠤᠯᠢᠭ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠲᠡ 5.07 ᠲᠦᠮᠡᠨ ᠬᠥᠮᠦᠨ ᠤᠳᠠᠭ᠎ᠠ ᠵᠣᠬᠢᠶᠠᠨ ᠪᠠᠶᠢᠭᠤᠯᠵᠤ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠭᠤᠯᠤᠯ ᠢ ᠨᠡᠶᠢᠲᠡ 2.35 ᠲᠦᠮᠡᠨ ᠬᠥᠮᠦᠨ ᠤᠳᠠᠭ᠎ᠠ ᠵᠣᠬᠢᠶᠠᠨ ᠪᠠᠶᠢᠭᠤᠯᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠣᠨᠴᠠᠯᠢᠭ ᠢᠶᠠᠷ ᠲᠣᠪᠤᠶᠢᠮ᠎ᠠ᠂ ᠴᠢᠳᠠᠮᠵᠢ ᠪᠠᠷ ᠪᠦᠷᠢᠨ᠂ | ᠳᠠᠭᠠᠭᠠᠴᠠ ᠪᠠᠷ ᠴᠢᠩᠭ᠎ᠠ᠂ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠶ᠋ᠯᠡᠳᠦᠯ ᠲᠠᠢ ᠠᠵᠢᠯ ᠣᠯᠭᠤᠯᠲᠠ ᠶᠢᠨ | ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠦᠷᠭᠦᠯᠵᠢᠯᠡᠨ ᠪᠣᠶ ᠪᠣᠯᠭᠠᠵᠤ᠂ | ᠨᠠᠩ ᠣᠯᠠᠨ ᠠᠵᠢᠯ ᠣᠯᠭᠤᠯᠲᠠ ᠶᠢᠨ ᠦᠨ᠎ᠡ ᠥᠷᠲᠡᠭ ᠪᠠ ᠨᠡᠶᠢᠭᠡᠮ ᠤᠨ ᠠᠴᠢ ᠬᠤᠯᠪᠣᠭᠳᠠᠯ ᠲᠠᠢ ᠠᠵᠢᠯ | ᠣᠯᠭᠤᠯᠲᠠ ᠶᠢᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠠᠷᠠᠲᠤ ᠲᠡᠮᠳᠡᠭᠲᠦ ᠶᠢ ᠢᠳᠡᠪᠬᠢᠲᠡᠶ ᠪᠠᠷ ᠨᠡᠭᠡᠭᠡᠨ | ᠬᠥᠭᠵᠢᠭᠦᠯᠵᠦ᠂ ᠨᠠᠩ ᠴᠢᠨᠠᠷ ᠰᠠᠶᠢᠲᠠᠶ ᠨᠠᠩ ᠭᠦᠶ᠋ᠴᠡᠳ ᠠᠵᠢᠯ ᠣᠯᠭᠤᠯᠲᠠ ᠶᠢ ᠪᠡᠶᠡᠯᠡᠭᠦᠯᠬᠦ ᠳᠤ ᠬᠦᠴᠦᠨ | ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠰᠢᠨ᠎ᠡ ᠪᠤᠭᠤᠲᠤ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ | ᠡᠷᠭᠦᠨ᠎ᠡ᠃ | |