ᠳ᠋ᠦᠩ ᠰᠢᠩ ᠵᠡᠭᠡᠯᠢ ᠭᠤᠳᠤᠮᠵᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/1/5
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠪᠦᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠤᠢᠢᠷ᠎ᠠ ᠶᠢᠨ ᠡᠳᠦᠷ᠂ ᠳ᠋ᠦᠩᠰᠢᠩ ᠵᠡᠭᠡᠯᠢ ᠭᠤᠳᠤᠮᠵᠢ ᠶᠢᠨ ᠬᠢᠨ ᠬᠤᠷᠠᠯ ᠤᠨ ᠭᠡᠷ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠵᠤ᠂ ᠣᠷᠣᠨ ᠤ ᠨᠠᠮ ᠤᠨ ᠬᠤᠷᠢ᠊ ᠡᠶ᠎ᠡ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠣᠷᠣᠨ ᠤ ᠨᠠᠮ ᠤᠨ ᠬᠤᠷᠢ᠊ ᠡᠶ᠎ᠡ ᠶᠢᠨ ᠨᠠᠮ ᠤᠨ ᠰᠤᠷᠭᠠᠭᠤᠯᠢ ᠶᠢᠨ ᠯᠧᠺᠲ᠋ᠣᠷ ᠴᠢᠶᠣᠤ ᠵᠢᠶᠠ ᠬᠤᠸᠠ ᠨᠥᠬᠦᠷ ᠤᠬᠠᠭᠤᠯᠤᠨ ᠲᠠᠶᠢᠯᠪᠤᠷᠢᠯᠠᠪᠠ᠃ ᠵᠡᠭᠡᠯᠢ ᠭᠤᠳᠤᠮᠵᠢ ᠶᠢᠨ ᠪᠦᠬᠦ ᠨᠠᠮ ᠤᠨ ᠭᠡᠰᠢᠭᠦᠨ ᠺᠠᠳ᠋ᠷ ᠨᠡᠶᠢᠳᠡ 40 ᠭᠠᠷᠤᠢ ᠬᠥᠮᠦᠨ ᠰᠤᠷᠤᠯᠴᠠᠯᠭ᠎ᠠ ᠳᠤ ᠣᠷᠣᠯᠴᠠᠪᠠ᠃      ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠯᠧᠺᠲ᠋ᠣᠷ ᠴᠢᠶᠣᠤ ᠵᠢᠶᠠ ᠬᠤᠸᠠ ︽︿ᠬᠤᠶᠠᠷ ᠢ ᠲᠣᠭᠲᠠᠭᠠᠬᠤ﹀ ᠶᠢᠨ ᠰᠢᠶ᠋ᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ︾ ︽︿ᠬᠤᠶᠠᠷ ᠢ ᠬᠠᠮᠠᠭᠠᠯᠠᠬᠤ﹀ ᠶᠢ ᠤᠬᠠᠮᠰᠠᠷ ᠠᠴᠠ ᠪᠠᠨ ᠦᠶ᠋ᠯᠡᠳᠦᠯᠭᠡᠵᠢᠭᠦᠯᠬᠦ︾ ᠵᠡᠷᠭᠡ ᠲᠠᠯ᠎ᠠ ᠶᠢᠨ ᠠᠭᠤᠯᠭ᠎ᠠ ᠶᠢᠨ ᠲᠤᠬᠠᠶ᠂ ᠪᠦᠬᠦ ᠲᠠᠯ᠎ᠠ ᠪᠠᠷ᠂ ᠭᠦᠨ ᠳᠠᠪᠬᠤᠷᠭ᠎ᠠ ᠠᠴᠠ᠂ ᠤᠯᠠᠨ ᠲᠠᠯ᠎ᠠ ᠠᠴᠠ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠨ ᠥᠭᠴᠦ᠂ ᠤᠬᠠᠭᠤᠯᠤᠨ ᠲᠠᠶᠢᠯᠪᠤᠷᠢᠯᠠᠬᠤ ᠳᠠᠭᠠᠨ ᠡᠯᠪᠡᠭ ᠪᠠᠶᠠᠯᠢᠭ᠂ ᠠᠮᠢᠳᠤᠯᠢᠭ ᠭᠦᠨᠵᠡᠭᠡᠢ᠂ ᠮᠠᠰᠢ ᠴᠢᠩᠭ᠎ᠠ ᠨᠥᠯᠥᠭᠡᠯᠡᠬᠦ ᠬᠦᠴᠦᠨ ᠲᠠᠢ ᠪᠠᠶᠢᠵᠤ᠂ ᠤᠯᠠᠨ ᠳᠤ ᠠᠪᠴᠤ ᠬᠡᠯᠡᠪᠡᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠴᠢᠬᠤᠯᠠ ᠵᠢᠯᠤᠭᠤᠳᠤᠯᠭ᠎ᠠ ᠪᠣᠯᠬᠤ ᠶᠤᠮ᠃ ᠨᠠᠮ ᠤᠨ ᠭᠡᠰᠢᠭᠦᠨ ᠺᠠᠳ᠋ᠷᠴᠤᠳ᠂ ᠪᠦᠬᠦᠳᠡ ᠬᠤᠷᠠᠯ ᠤᠨ ᠵᠣᠷᠢᠭ ᠰᠠᠨᠠᠭ᠎ᠠ ᠠᠴᠠ ᠤᠷᠤᠭᠰᠢᠯᠠᠯᠲᠠ ᠶᠢᠨ ᠬᠦᠴᠦᠨ ᠢ ᠣᠯᠵᠤ᠂ ᠪᠣᠳᠠᠲᠠᠢ ᠲᠠᠢ ᠤᠶᠠᠯᠳᠤᠭᠤᠯᠵᠤ᠂ ᠥᠪᠡᠷ ᠤᠨ ᠠᠵᠢᠯ ᠤᠨ ᠳᠤᠮᠳᠠ ᠪᠠᠨ ᠣᠷᠣᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠯᠴᠠᠭ᠎ᠠ ᠪᠠᠨ ᠡᠭᠦᠷᠢᠳᠡ ᠪᠠᠲᠤᠯᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠠᠷᠢᠯᠭᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠦᠭᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠦᠨ᠎ᠡ ᠭᠡᠵᠦ ᠢᠯᠡᠳᠬᠡᠵᠡᠭᠡᠪᠡ᠃
    ᠵᠠᠯᠭᠠᠭᠠᠳ᠂ ᠳ᠋ᠦᠩ ᠰᠢᠩ ᠵᠡᠭᠡᠯᠢ ᠭᠤᠳᠤᠮᠵᠢ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠬᠤ ᠳᠠᠭᠠᠨ ᠦᠨᠡᠨᠴᠢ ᠰᠢᠳᠤᠷᠭᠤ ᠪᠠᠷ ᠵᠢᠳᠬᠦᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠨ᠂ ᠬᠦᠰᠡᠯᠡᠩ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠣᠶᠢᠯᠠᠭᠠᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠢᠶᠠᠨ ᠰᠠᠶᠢᠲᠤᠷ ᠬᠢᠬᠦ ᠠᠵᠢᠯ ᠬᠢᠬᠦ ᠬᠠᠯᠠᠭᠤᠨ ᠰᠡᠳᠬᠢᠯᠭᠡ ᠪᠣᠯᠭᠠᠨ ᠬᠤᠪᠢᠷᠠᠭᠤᠯᠵᠤ᠂ ᠡᠩᠨᠡᠭᠡᠨ ᠤ ᠰᠢᠨ᠎ᠡ ᠲᠦᠷᠢ ᠲᠥᠷᠬᠦ᠂ ᠠᠵᠢᠯ ᠤᠨ ᠰᠢᠨ᠎ᠡ ᠠᠮᠵᠢᠯᠲᠠ ᠪᠦᠲᠦᠮᠵᠢ᠂ ᠲᠠᠯᠠᠪᠤᠷ ᠤᠨ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ︕    
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳ᠋ᠦᠩ ᠰᠢᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1