︽ᠳ᠋ᠦᠩ ᠾᠧ ᠲᠣᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠶ᠋ᠯᠡᠰᠬᠥ᠋ᠭᠵᠢᠭᠦᠯᠦᠯᠲᠡ ᠶᠢᠨ ᠲᠥᠯᠥᠪᠵᠢᠭᠦᠯᠭᠡ︾ | ᠶᠢᠨ ᠲᠥᠷᠥ ᠶᠢᠨ | ᠨᠢᠭᠡ᠂ ︽ᠲᠥᠯᠥᠪᠵᠢᠭᠦᠯᠭᠡ︾ ᠶᠢ ᠲᠤᠭᠤᠷᠪᠢᠭᠰᠠᠨ ᠠᠬᠤᠶ ᠪᠠᠶᠢᠳᠠᠯ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ︽ | ᠬᠤᠣᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢᠨ ᠲᠡᠦᠬᠡ ᠶᠢᠨ ᠰᠣᠯᠪᠢᠴᠠᠯ ᠤᠨ ᠬᠤᠭᠤᠴᠠᠭ᠎ᠠ ᠮᠥᠨ᠂ | ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠵᠠᠮ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠃ ᠰᠢᠨ᠎ᠡ ᠪᠠᠶᠢᠳᠠᠯ ᠤᠨ ᠳᠣᠣᠷᠠᠬᠢ ᠴᠠᠭ ᠦᠶ᠎ᠡ | ᠶᠢᠨ ᠣᠨᠴᠠᠯᠢᠭ ᠪᠣᠯᠤᠨ ᠬᠥᠭᠵᠢᠯᠲᠡ ᠶᠢᠨ ᠵᠢᠮ᠎ᠡ ᠶᠣᠰᠣ ᠢ ᠭᠦᠨᠵᠡᠭᠡᠶ ᠤᠢᠢᠯᠠᠭᠠᠨ ᠣᠨᠣᠪᠴᠢᠲᠠᠶ ᠡᠵᠡᠮᠳᠡᠵᠦ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠭᠠᠯ ᠤᠨᠲᠠᠷᠠᠭᠠᠵᠤ ᠠᠪᠤᠷᠠᠨ | ᠲᠤᠰᠠᠯᠠᠬᠤ ᠬᠥᠭᠵᠢᠯᠲᠡ ᠶᠢᠨ ᠦᠢᠯᠡᠰ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠨᠢ ᠬᠠᠷᠢᠶ᠎ᠠ ᠣᠷᠣᠨ ᠤ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠳᠠᠯ ᠤᠨ ᠲᠣᠭᠲᠠᠭᠤᠨ ᠪᠠᠶᠢᠬᠤ ᠢ ᠦᠨᠡᠨᠬᠦ ᠪᠠᠲᠤᠯᠠᠬᠤ ᠪᠠ | ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ | ᠬᠤᠶᠠᠷ᠂ ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠦᠨᠳᠦᠰᠦᠯᠡᠯ | 【 ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠭᠤᠣᠯ ᠦᠨᠳᠦᠰᠦᠯᠡᠯ ᠪᠣᠯ 】 ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ︽ᠭᠠᠯ ᠤᠨᠲᠠᠷᠠᠭᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ︽ᠭᠠᠯ ᠤᠨᠲᠠᠷᠠᠭᠠᠬᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠯ ᠤᠨᠲᠠᠷᠠᠭᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠶ᠋ᠯᠡᠰ ᠤᠨ ᠲᠥᠯᠥᠪᠵᠢᠭᠦᠯᠭᠡ | ︾ ᠪᠠ ︽ᠪᠤᠭᠤᠲᠤ ᠬᠤᠲᠠ ᠶᠢᠨ ᠤᠯᠤᠰ ᠠᠷᠠᠳ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠃ | ᠭᠤᠷᠪᠠ᠂ ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠭᠰᠠᠨ ᠶᠠᠪᠤᠴᠠ | 2020 ᠣᠨ ᠤ 3 ᠰᠠᠷ᠎ᠠ ᠳᠤ᠂ ᠶᠡᠭᠡ ᠠᠩᠬᠢ ᠠᠴᠠ ︽ᠳ᠋ᠦᠩ ᠾᠧ ᠲᠣᠭᠤᠷᠢᠭ ᠤᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠤᠨ ᠲᠥᠰᠦᠯ︾ ᠢ ᠲᠣᠭᠲᠠᠭᠠᠵᠤ᠂ ︽ᠲᠥᠯᠥᠪᠵᠢᠭᠦᠯᠭᠡ︾ ᠶᠢ ᠨᠠᠶᠢᠷᠠᠭᠤᠯᠤᠨ | ᠵᠣᠬᠢᠶᠠᠬᠤ ᠳᠤᠭᠤᠶᠢᠯᠠᠩ ᠢ ᠪᠠᠶᠢᠭᠤᠯᠪᠠ᠃ 4 ᠳ᠋ᠦᠭᠡᠷ ᠰᠠᠷ᠎ᠠ ᠳᠤ᠂ ᠨᠠᠶᠢᠷᠠᠭᠤᠯᠤᠨ ᠵᠣᠬᠢᠶᠠᠬᠤ ᠠᠵᠢᠯ ᠳᠤ ︽ | ᠲᠥᠯᠥᠪᠵᠢᠭᠦᠯᠭᠡ︾ ᠶᠢᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ 6 ᠰᠠᠷ᠎ᠠ ᠳᠤ᠂ | ︽ᠲᠥᠯᠥᠪᠵᠢᠭᠦᠯᠭᠡ︾ ᠶᠢ ᠡᠬᠢᠯᠡᠨ ᠲᠤᠭᠤᠷᠪᠢᠪᠠ᠃ 2021 ᠣᠨ ᠤ ᠡᠬᠢ ᠪᠠᠷ᠂ ︽ᠲᠥᠯᠥᠪᠵᠢᠭᠦᠯᠭᠡ︾ ᠶᠢᠨ | ᠡᠬᠡ ᠨᠤᠤᠷᠠᠭ ᠢ ᠪᠢᠴᠢᠵᠦ ᠳᠠᠭᠤᠰᠬᠠᠪᠠ᠃ 5 ᠰᠠᠷ᠎ᠠ ᠳᠤ᠂ ᠶᠡᠭᠡ ᠪᠠᠷᠢᠭᠠᠳᠠ ᠵᠠᠰᠠᠭ ᠵᠠᠬᠢᠷᠭᠠᠨ ᠤ ᠠᠯᠪᠠᠨ | ᠠᠵᠢᠯ ᠤᠨ ᠬᠤᠷᠠᠯ ᠬᠤᠷᠠᠯᠳᠤᠭᠤᠯᠵᠤ ︽ᠲᠥᠯᠥᠪᠵᠢᠭᠦᠯᠭᠡ︾ ᠶᠢᠨ ᠡᠬᠡ ᠨᠣᠤᠷᠠᠭ ᠢ ᠰᠤᠳᠤᠯᠤᠨ ᠬᠢᠨᠠᠨ ᠵᠥᠪᠯᠡᠪᠡ᠃ | 8 ᠰᠠᠷ᠎ᠠ ᠶᠢᠨ 25 ᠤ ᠡᠳᠦᠷ᠂ ᠶᠡᠭᠡ ᠠᠩᠬᠢ ᠠᠴᠠ ᠲᠣᠭᠤᠷᠢᠭ ᠤᠨ ᠵᠠᠰᠠᠭ ᠤᠨ ᠣᠷᠳᠣᠨ ᠳᠤ ︽ | ᠲᠥᠯᠥᠪᠵᠢᠭᠦᠯᠭᠡ︾ ᠶᠢᠨ ᠮᠡᠳᠡᠭᠦᠯᠦᠨ ᠵᠥᠪᠰᠢᠶᠡᠷᠡᠭᠦᠯᠬᠦ ᠨᠤᠤᠷᠠᠭ ᠢ ᠮᠡᠳᠡᠭᠦᠯᠦᠨ ᠬᠦᠷᠭᠡᠪᠡ᠃ | ᠳᠥᠷᠪᠡ᠂ ︽ᠲᠥᠯᠥᠪᠵᠢᠭᠦᠯᠭᠡ︾ ᠶᠢᠨ ᠪᠣᠷᠣ ᠲᠥᠯᠥᠪ ᠤᠨ ᠪᠦᠲᠦᠴᠡ ᠵᠢᠴᠢ ᠭᠤᠤᠯ ᠠᠭᠤᠯᠭ᠎ᠠ | ︽ᠲᠥᠯᠥᠪᠵᠢᠭᠦᠯᠭᠡ︾ ᠳᠤ ᠲᠠᠪᠤᠨ ᠪᠦᠯᠦᠭ ᠬᠡᠰᠡᠭ ᠪᠠ ᠭᠤᠷᠪᠠᠨ ᠳᠠᠭᠠᠯᠳᠤᠭᠤᠯᠤᠯ ᠢ ᠪᠠᠭᠲᠠᠭᠠᠨ᠎ᠠ᠄ | ᠨᠢᠭᠡᠳᠦᠭᠡᠷ ᠪᠦᠯᠦᠭ ᠲᠥᠯᠥᠪᠵᠢᠭᠦᠯᠭᠡ ᠶᠢᠨ ᠰᠠᠭᠤᠷᠢ ᠪᠣᠯᠭᠠᠨ᠂ ᠭᠤᠣᠯᠳᠠᠭᠤ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠠᠷᠢᠶ᠎ᠠ ᠣᠷᠣᠨ ᠤ ᠭᠠᠯ ᠤᠨᠲᠠᠷᠠᠭᠠᠵᠤ ᠠᠪᠤᠷᠠᠨ | ᠲᠤᠰᠠᠯᠠᠬᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠡᠷᠭᠢᠴᠡᠭᠦᠯᠵᠦ᠂ ᠪᠥᠳᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢᠶᠠᠨ ᠳᠦᠡᠭᠨᠡᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ | ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠲᠤᠯᠭᠠᠷᠠᠭᠰᠠᠨ ᠥᠷᠢᠰᠥᠯᠳᠦᠭᠡᠨ ᠪᠣᠯᠤᠨ ᠠᠵᠠ ᠲᠣᠬᠢᠶᠠᠯ ᠢ | ᠰᠤᠳᠤᠯᠤᠨ ᠮᠠᠭᠠᠳᠯᠠᠨ᠎ᠠ᠃ | ᠬᠤᠶᠠᠳᠤᠭᠠᠷ ᠪᠦᠯᠦᠭ ᠶᠡᠷᠦᠩᠬᠡᠶ ᠰᠡᠳᠬᠢᠴᠡ ᠶᠢᠨ ᠲᠥᠯᠥᠭᠡ᠂ ᠬᠠᠷᠢᠶ᠎ᠠ ᠣᠷᠣᠨ ᠤ ᠬᠤᠶᠢᠰᠢᠳᠠ ᠶᠢᠨ | ᠲᠠᠪᠤᠨ ᠵᠢᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ | ᠰᠠᠨᠠᠭ᠎ᠠ᠂ ᠦᠨᠳᠦᠰᠦᠨ ᠵᠠᠷᠴᠢᠮ ᠪᠣᠯᠤᠨ ᠶᠡᠷᠦᠩᠬᠡᠶ ᠬᠠᠷᠠᠯᠲᠠ ᠶᠢ ᠭᠤᠣᠯᠳᠠᠯᠭ᠎ᠠ ᠲᠠᠢ ᠲᠣᠳᠣᠷᠬᠠᠶᠢᠯᠠᠨ ᠥᠭᠦᠯᠡᠨ᠎ᠡ᠃ | | ᠭᠤᠷᠪᠠᠳᠤᠭᠠᠷ ᠪᠦᠯᠦᠭ ᠪᠣᠯᠤᠨ ᠳᠥᠷᠪᠡᠳᠦᠭᠡᠷ ᠪᠦᠯᠦᠭ ᠪᠣᠯ ᠲᠥᠯᠥᠪᠵᠢᠭᠦᠯᠭᠡ ᠶᠢᠨ ᠭᠤᠣᠯ ᠠᠭᠤᠯᠭ᠎ᠠ ᠮᠥᠨ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠷᠢᠶ᠎ᠠ ᠣᠷᠣᠨ ᠤ ᠭᠠᠯ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢᠨ ᠭᠤᠣᠯ ᠡᠭᠦᠷᠭᠡ ᠪᠣᠯᠤᠨ | ᠭᠤᠣᠯᠳᠠᠯᠭ᠎ᠠ ᠲᠠᠢ ᠢᠨᠵᠧᠨᠧᠷᠢᠩ ᠢ ᠭᠤᠣᠯᠳᠠᠯᠭ᠎ᠠ ᠲᠠᠢ ᠪᠠᠷ ᠲᠥᠯᠥᠪᠵᠢᠭᠦᠯᠦᠨ᠎ᠡ᠃ | ᠭᠤᠷᠪᠠᠳᠤᠭᠠᠷ ᠪᠦᠯᠦᠭ ᠭᠤᠣᠯ ᠡᠭᠦᠷᠭᠡ ᠳᠤ ᠨᠠᠢᠮᠠᠨ ᠬᠡᠰᠡᠭ ᠪᠠᠭᠲᠠᠨ᠎ᠠ᠄ ᠨᠢᠭᠡᠳᠦᠭᠡᠷ ᠬᠡᠰᠡᠭ ᠨᠢ ︽ᠭᠠᠯ | ᠰᠡᠷᠭᠡᠶᠢᠯᠡᠨ ᠤᠨᠲᠠᠷᠠᠭᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︾᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠰᠡᠷᠭᠡᠶᠢᠯᠡᠨ | ᠤᠨᠲᠠᠷᠠᠭᠠᠬᠤ ᠬᠠᠤᠯᠢ ᠲᠦᠷᠢᠮ ᠤᠨ ᠠᠵᠢᠯ ᠤᠨ ᠪᠠᠶᠢᠭᠤᠯᠤᠯᠲᠠ ᠬᠥᠭᠵᠢᠯᠲᠡ ᠶᠢᠨ ᠭᠤᠷᠪᠠᠨ ᠦᠨᠳᠦᠰᠦᠨ ᠲᠠᠯ᠎ᠠ ᠶᠢ | ᠲᠣᠳᠣᠷᠬᠠᠶᠢᠯᠠᠨ᠎ᠠ︔ ᠬᠤᠶᠠᠳᠤᠭᠠᠷ ᠬᠡᠰᠡᠭ ᠨᠢ ︽ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠲᠦᠷᠢᠮ ᠤᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠦᠨ᠎ᠡ︾᠂ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ᠂ | ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠢᠨᠠᠨ ᠬᠠᠮᠢᠶᠠᠷᠬᠤ ᠪᠠ ᠨᠢᠭᠡᠴᠡ ᠠᠴᠠ ᠪᠥᠬᠦ ᠲᠠᠯ᠎ᠠ ᠪᠠᠷ ᠬᠠᠷᠢᠭᠤᠴᠠᠬᠤ ᠶᠢ | ᠪᠠᠷᠢᠮᠲᠠᠯᠠᠬᠤ ᠭᠤᠷᠪᠠᠨ ᠲᠠᠯ᠎ᠠ ᠠᠴᠠ ᠪᠣᠳᠠᠲᠠᠶ ᠬᠥᠭᠵᠢᠯᠲᠡ ᠶᠢᠨ ᠡᠭᠦᠷᠭᠡ ᠶᠢ ᠲᠣᠭᠲᠠᠭᠠᠨ᠎ᠠ︔ ᠭᠤᠷᠪᠠᠳᠤᠭᠠᠷ | ᠬᠡᠰᠡᠭ ᠨᠢ ︽ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠵᠦ ᠵᠠᠰᠠᠬᠤ ᠴᠢᠳᠠᠪᠤᠷᠢ ᠶᠢ ᠴᠢᠩᠭᠠᠷᠠᠭᠤᠯᠤᠨ᠎ᠠ︾᠂ | ᠭᠤᠤᠯᠳᠠᠯᠭ᠎ᠠ ᠲᠠᠢ ᠬᠦᠷᠢᠶᠡᠨ ᠤ ᠵᠠᠰᠠᠯᠲᠠ ᠶᠢ ᠴᠢᠩᠭᠠᠳᠬᠠᠬᠤ᠂ ᠬᠡᠮ ᠰᠣᠭᠤᠭ ᠢ ᠬᠠᠮᠵᠢᠯᠴᠠᠨ ᠵᠠᠰᠠᠬᠤ ᠶᠢ | ᠠᠬᠢᠭᠤᠯᠬᠤ᠂ ᠡᠴᠦᠰ ᠤᠨ ᠬᠡᠰᠡᠭ ᠤᠨ ᠭᠠᠯ ᠤᠨᠲᠠᠷᠠᠭᠠᠬᠤ ᠬᠠᠮᠢᠶᠠᠷᠤᠯᠲᠠ ᠶᠢ ᠴᠢᠩᠭᠠᠳᠬᠠᠬᠤ ᠵᠢᠴᠢ ᠭᠠᠯ | ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠬᠦ ᠵᠡᠷᠭᠡ ᠳᠥᠷᠪᠡᠨ ᠲᠠᠯ᠎ᠠ ᠠᠴᠠ ᠭᠠᠯ ᠤᠨ | ᠭᠠᠮᠰᠢᠭ ᠢ ᠰᠡᠷᠭᠡᠶᠢᠯᠡᠬᠦ ᠠᠵᠢᠯ ᠤᠨ ᠲᠤᠬᠠᠶ ᠥᠭᠦᠯᠡᠨ ᠲᠣᠭᠠᠴᠢᠬᠤ ᠪᠠᠷ ᠭᠤᠤᠯᠳᠠᠯᠭ᠎ᠠ ᠪᠠᠨ ᠪᠣᠯᠭᠠᠨ᠎ᠠ︔ | ᠳᠥᠷᠪᠡᠳᠦᠭᠡᠷ ᠬᠡᠰᠡᠭ ᠨᠢ ︽ᠭᠠᠯ ᠤᠨᠲᠠᠷᠠᠭᠠᠬᠤ ᠬᠦᠴᠦᠨ ᠤ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ︾᠂ | ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢ ᠬᠡᠷᠬᠢᠨ ᠪᠠᠶᠢᠭᠤᠯᠤᠨ | ᠬᠦᠴᠦᠷᠬᠡᠭᠵᠢᠭᠦᠯᠬᠦ᠂ ᠣᠯᠠᠨ ᠵᠦᠶ᠋ᠯ ᠤᠨ ᠬᠡᠯᠪᠡᠷᠢ ᠶᠢᠨ ᠭᠠᠯ ᠤᠨᠲᠠᠷᠠᠭᠠᠬᠤ ᠡᠩᠨᠡᠭᠡ ᠶᠢᠨ ᠬᠦᠴᠦᠨ ᠢ ᠬᠡᠷᠬᠢᠨ | ᠪᠤᠵᠠᠭᠠᠶᠢᠷᠠᠭᠤᠯᠬᠤ ᠲᠤᠬᠠᠶ ᠲᠣᠳᠣᠷᠬᠠᠶᠢᠯᠠᠨ ᠥᠭᠦᠯᠡᠨ᠎ᠡ︔ ᠲᠠᠪᠤᠳᠤᠭᠠᠷ ᠬᠡᠰᠡᠭ ᠨᠢ ︽ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠯᠳᠤᠭᠠᠨ ᠤ ᠬᠦᠴᠦᠨ ᠴᠢᠳᠠᠪᠤᠷᠢ ᠶᠢ ᠰᠢᠯᠢᠳᠡᠭᠵᠢᠭᠦᠯᠦᠨ᠎ᠡ︾᠂ ᠪᠠᠶᠢᠯᠳᠤᠭᠠᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ ᠳᠤ ᠭᠤᠤᠯᠳᠠᠭᠤ ᠪᠣᠳᠠᠲᠤ ᠪᠠᠶᠢᠯᠳᠤᠭᠠᠨ ᠤ ᠪᠣᠳᠠᠲᠠᠶ ᠪᠣᠯᠪᠠᠰᠤᠷᠠᠭᠤᠯᠤᠯ ᠢ | ᠴᠢᠩᠭᠠᠳᠬᠠᠬᠤ᠂ ᠳᠣᠭᠢᠷᠠᠭᠤᠯᠤᠨ ᠵᠢᠯᠣᠭᠤᠳᠬᠤ ᠶᠢ ᠲᠡᠭᠦᠯᠳᠡᠷᠵᠢᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠴᠢᠮᠡᠭᠡ | ᠬᠤᠯᠪᠣᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠭᠤᠷᠪᠠᠨ ᠲᠠᠯ᠎ᠠ ᠳᠤ ᠲᠦᠰᠢᠭᠯᠡᠨ᠎ᠡ︔ ᠵᠢᠷᠭᠤᠳᠤᠭᠠᠷ ᠬᠡᠰᠡᠭ ᠨᠢ | ︽ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︾᠂ | ᠭᠠᠯ ᠰᠡᠷᠭᠡᠶᠢᠯᠡᠨ ᠤᠨᠲᠠᠷᠠᠭᠠᠬᠤ ᠲᠡᠷᠭᠡ ᠬᠥᠰᠬᠡ ᠵᠢᠴᠢ ᠪᠠᠭᠠᠵᠢ ᠬᠡᠷᠡᠭᠰᠡᠯ ᠤᠨ ᠲᠣᠨᠣᠭᠯᠠᠯ ᠢ ᠰᠢᠯᠢᠳᠡᠭᠵᠢᠭᠦᠯᠬᠦ᠂ | ᠲᠠᠶᠢᠨ ᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠲᠣᠨᠣᠭᠯᠠᠯ ᠡᠳ᠋ ᠪᠣᠳᠠᠰ ᠢ | ᠬᠠᠳᠠᠭᠠᠯᠠᠵᠤ ᠵᠥᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠴᠢᠳᠠᠪᠤᠷᠢᠲᠠᠨ ᠤ ᠪᠠᠲᠤᠯᠠᠭ᠎ᠠ ᠶᠢ ᠲᠡᠭᠦᠯᠳᠡᠷᠵᠢᠭᠦᠯᠬᠦ | ᠭᠤᠣᠯ ᠡᠭᠦᠷᠭᠡ ᠶᠢ ᠳᠤᠷᠠᠳᠤᠨ ᠭᠠᠷᠭᠠᠪᠠ︔ ᠳᠣᠯᠣᠳᠤᠭᠠᠷ ᠬᠡᠰᠡᠭ ᠨᠢ ︽ᠭᠠᠯ ᠰᠡᠷᠭᠡᠶᠢᠯᠡᠨ ᠤᠨᠲᠠᠷᠠᠭᠠᠬᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ︾ ᠪᠣᠯᠤᠨ᠎ᠠ᠂ ᠲᠡᠷᠡ ᠨᠢ ᠭᠠᠯ ᠰᠡᠷᠭᠡᠶᠢᠯᠡᠨ | ᠤᠨᠲᠠᠷᠠᠭᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠠᠰᠠᠬᠤ ᠪᠠ ᠬᠡᠷᠡᠭᠵᠢᠭᠦᠯᠬᠦ ᠶᠢ ᠴᠢᠩᠭᠠᠳᠬᠠᠬᠤ᠂ ᠭᠠᠯ | ᠰᠡᠷᠭᠡᠶᠢᠯᠡᠨ ᠤᠨᠲᠠᠷᠠᠭᠠᠬᠤ ᠤᠰᠤ ᠬᠠᠩᠭᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠂ ᠭᠠᠯ | ᠰᠡᠷᠭᠡᠶᠢᠯᠡᠨ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ | ᠭᠤᠷᠪᠠᠨ ᠬᠡᠰᠡᠭ ᠠᠭᠤᠯᠭ᠎ᠠ ᠪᠠᠷ ᠪᠦᠷᠢᠯᠳᠦᠨ᠎ᠡ︔ ᠨᠠᠢᠮᠠᠳᠤᠭᠠᠷ ᠬᠡᠰᠡᠭ ᠨᠢ ︽ᠠᠷᠠᠳ ᠨᠡᠶᠢᠲᠡ ᠶᠢᠨ ᠭᠠᠯ | ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠡᠪ ᠴᠢᠨᠠᠷ ᠢ ᠳᠡᠭᠡᠭᠰᠢᠯᠡᠭᠦᠯᠵᠦ︾᠂ ᠤᠬᠠᠭᠤᠯᠭ᠎ᠠ ᠬᠥᠮᠦᠵᠢᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠳᠦᠨ ᠵᠦᠢᠯ ᠤᠨ ᠠᠷᠭ᠎ᠠ ᠵᠠᠮ ᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ᠭᠤᠣᠯᠳᠠᠯᠭ᠎ᠠ ᠲᠠᠢ ᠪᠠᠷᠢᠯᠭ᠎ᠠ ᠳᠤ ᠨᠡᠢᠲᠡ ᠳᠥᠷᠪᠡᠨ ᠵᠦᠢᠯ ᠤᠨ ᠠᠭᠤᠯᠭ᠎ᠠ ᠪᠠᠭᠲᠠᠨ᠎ᠠ | ᠃ ᠨᠢᠭᠡᠳᠦᠭᠡᠷ ᠠᠭᠤᠯᠭ᠎ᠠ ᠨᠢ ︽ᠤᠶᠤᠨᠲᠤ ᠭᠠᠯ ᠤᠨᠲᠠᠷᠠᠭᠠᠬᠤ︾ ᠶᠢᠨ ᠪᠥᠲᠥᠭᠡᠨ ᠪᠠᠶᠢᠭᠤᠯᠤᠯᠲᠠ︔ ᠬᠤᠶᠠᠳᠤᠭᠠᠷ | ᠵᠤᠷᠪᠤᠰ ᠤᠨ ᠠᠭᠤᠯᠭ᠎ᠠ ᠨᠢ ︽ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ︾ ᠶᠢᠨ ᠪᠥᠲᠥᠭᠡᠨ | ᠪᠠᠶᠢᠭᠤᠯᠤᠯᠲᠠ︔ ᠭᠤᠷᠪᠠᠳᠤᠭᠠᠷ ᠵᠦᠢᠯ ᠤᠨ ᠠᠭᠤᠯᠭ᠎ᠠ ᠨᠢ ︽ᠭᠠᠯ ᠰᠡᠷᠭᠡᠶᠢᠯᠡᠨ ᠤᠨᠲᠠᠷᠠᠭᠠᠬᠤ ᠲᠣᠨᠣᠭᠯᠠᠯ ᠤᠨ | ᠪᠦᠳᠦᠭᠡᠨ ᠪᠠᠶᠢᠭᠤᠯᠤᠯᠲᠠ︾ ᠶᠢᠨ ᠢᠨᠵᠧᠨᠧᠷᠢᠩ︔ ᠳᠥᠷᠪᠡᠳᠦᠭᠡᠷ ᠵᠤᠷᠪᠤᠰ ᠤᠨ ᠠᠭᠤᠯᠭ᠎ᠠ ᠨᠢ ︽ᠰᠢᠶᠠᠩ | ᠪᠠᠯᠭᠠᠰᠤᠨ ᠤ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠦᠷᠢᠨ ᠲᠡᠭᠦᠯᠳᠡᠷ ᠠᠵᠢᠯ ᠢ ᠪᠠᠶᠢᠭᠤᠯᠤᠨ᠎ᠠ︾᠃ | ᠲᠠᠪᠤᠳᠤᠭᠠᠷ ᠪᠦᠯᠦᠭ ︽ᠲᠥᠯᠥᠪᠵᠢᠭᠦᠯᠭᠡ︾ ᠶᠢ ᠬᠡᠷᠡᠭᠵᠢᠭᠦᠯᠬᠦ ᠶᠠᠪᠤᠴᠠ ᠳᠠᠬᠢ ᠲᠦᠷᠪᠡᠨ ᠵᠦᠢᠯ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ | ᠳᠠᠭᠠᠯᠳᠤᠭᠤᠯᠤᠯ ᠬᠡᠰᠡᠭ ᠨᠢ ᠡᠭᠦᠷᠭᠡ ᠶᠢᠨ ᠵᠠᠳᠠᠯᠤᠯᠲᠠ᠂ ᠨᠡᠷ᠎ᠡ ᠦᠭᠡ ᠶᠢᠨ ᠲᠠᠶᠢᠯᠪᠤᠷᠢᠯᠠᠯᠲᠠ ᠪᠠ | ᠲᠥᠯᠥᠪᠵᠢᠭᠦᠯᠭᠡ ᠶᠢᠨ ᠦᠨᠳᠦᠰᠦᠯᠡᠯ ᠪᠣᠯᠤᠨ᠎ᠠ᠃ | ᠲᠠᠪᠤ᠂ ᠰᠠᠨᠠᠯ ᠬᠤᠷᠢᠶᠠᠭᠰᠠᠨ ᠪᠠ ᠬᠦᠯᠢᠶᠡᠨ ᠠᠪᠤᠭᠰᠠᠨ ᠪᠠᠶᠢᠳᠠᠯ | 2021 ᠣᠨ ᠤ 8 ᠰᠠᠷ᠎ᠠ ᠶᠢᠨ 30 ᠤ ᠡᠳᠦᠷ᠂ ᠶᠡᠭᠡ ᠠᠩᠭᠢ ᠶᠢᠨ ᠬᠢᠨ ᠲᠣᠭᠤᠷᠢᠭ ᠤᠨ | ᠬᠡᠷᠡᠭᠯᠡᠭᠴᠢᠳ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠶᠢᠨ 37 ᠨᠢᠭᠡᠴᠡ ᠳᠤ ᠰᠠᠨᠠᠯ | ᠬᠤᠷᠢᠶᠠᠵᠤ᠂ ᠬᠠᠷᠢᠭᠤ ᠲᠤᠰᠬᠠᠭᠰᠠᠨ 37 ᠵᠦᠢᠯ ᠤᠨ ᠦᠷ᠎ᠡ ᠳ᠋ᠦᠩ ᠢ ᠬᠤᠷᠢᠶᠠᠨ ᠴᠤᠭᠯᠠᠭᠤᠯᠵᠠᠶ᠃ ᠡᠭᠦᠨ ᠳᠤ ︽ | ᠰᠠᠨᠠᠯ ᠥᠬᠡᠶ ᠰᠠᠨᠠᠭᠤᠯᠭ᠎ᠠ︾ 37 ᠵᠦᠶ᠋ᠯ ᠪᠣᠶ᠃ | ᠵᠢᠷᠭᠤᠭ᠎ᠠ᠂ ᠪᠢᠴᠢᠭ ᠮᠠᠲ᠋ᠧᠷᠢᠶᠠᠯ ᠤᠨ ᠨᠢᠭᠤᠴᠠ ᠶᠢᠨ ᠲᠠᠰ ᠪᠠ ᠢᠯᠡ ᠪᠣᠯᠭᠠᠬᠤ ᠬᠡᠯᠪᠡᠷᠢ | ︽ᠲᠥᠯᠥᠪᠵᠢᠭᠦᠯᠭᠡ︾ ᠶᠢᠨ ᠠᠭᠤᠯᠭ᠎ᠠ ᠨᠢ ᠨᠢᠭᠤᠴᠠ ᠳᠤ ᠬᠤᠯᠪᠣᠭᠳᠠᠬᠤ ᠦᠭᠡᠢ ᠪᠣᠯᠬᠤᠷ ᠢᠯᠡ ᠪᠠᠷ | ᠨᠡᠶᠢᠲᠡᠯᠡᠬᠦ ᠶᠢ ᠰᠠᠨᠠᠭᠤᠯᠵᠤ ᠪᠠᠶᠢᠨ᠎ᠠ᠃ | ᠲᠤᠯᠤᠭ᠎ᠠ᠂ ᠳᠠᠷᠤᠮᠠᠯᠯᠠᠨ ᠶᠠᠪᠤᠭᠤᠯᠬᠤ ᠬᠡᠪᠴᠢᠶ᠎ᠡ | ︽ᠳ᠋ᠦᠩ ᠾᠧ ᠲᠣᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠶ᠋ᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ | ᠳᠤ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠬᠤ ᠶᠢ | ᠰᠠᠨᠠᠭᠤᠯᠪᠠ᠃ ᠭᠤᠣᠯ ᠬᠦᠷᠭᠡᠬᠦ ᠨᠢᠭᠡᠴᠡ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠯᠤᠨ᠎ᠠ᠃ | ᠪᠢᠴᠢᠭ ᠮᠠᠲ᠋ᠧᠷᠢᠶᠠᠯ᠄ http://www.donghe.gov.cn/fzgh/24902579.jhtml | |