ᠵᠠᠩ ᠯᠢ ᠵᠢᠶᠦ᠋ᠨ ᠪᠦᠯᠬᠦᠮ ᠳᠠᠭᠠᠭᠤᠯᠤᠨ ᠲᠠᠶᠢᠶᠤᠸᠠᠨ᠂ ᠱᠧᠨᠵᠧᠨ᠂ ᠭᠤᠸᠠᠩᠵᠧᠦ ᠳᠤ ᠬᠦᠷᠴᠦ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠪᠠ
ᠨᠡᠶᠢᠲᠡᠯᠡᠭᠰᠡᠨ ᠴᠠᠭ᠄
2022/1/7
     12 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠳ᠋ᠦᠩ ᠡᡁᠧ ᠲᠣᠭᠤᠷᠢᠭ ᠤᠨ ᠨᠠᠮ ᠤᠨ ᠬᠤᠷᠢ᠊ ᠡᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠯᠢ ᠵᠢᠶᠦ᠋ᠨ ᠪᠦᠯᠬᠦᠮ ᠳᠠᠭᠠᠭᠤᠯᠤᠨ ᠲᠠᠶᠢᠶᠤᠸᠠᠨ᠂ ᠱᠧᠨᠵᠧᠨ᠂ ᠭᠤᠸᠠᠩᠵᠧᠦ ᠳᠤ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᠰᠢᠶᠤᠤ ᠬᠤᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠣᠭᠤᠷᠢᠭ ᠤᠨ ᠳᠡᠳ᠋ ᠳᠠᠷᠤᠭ᠎ᠠ ᠸᠠᠩ ᠯᠢᠨ ᠹᠦ᠋᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠡᠳ᠋ ᠳᠠᠷᠤᠭ᠎ᠠ ᠯᠢᠦ ᠵᠧᠩ᠂ ᠬᠥᠩᠭᠡᠨ ᠴᠠᠭᠠᠨ ᠤ ᠦᠶ᠋ᠯᠡᠰ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠶᠦᠩ ᠵᠢᠴᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠮᠦᠨᠡᠲᠦ ᠲᠠᠩᠭᠢᠰ ᠤᠨ ᠠᠵᠤ ᠦᠶ᠋ᠯᠡᠰ ᠤᠨ ᠬᠥᠭᠵᠢᠯᠲᠡ ᠶᠢᠨ ᠲᠥᠪ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃      ᠲᠠᠶᠢᠶᠤᠸᠠᠨ ᠤ ᠴᠢᠩ ᠰᠢᠤᠢ ᠳ᠋ᠦᠸᠧ ᠹᠦ᠋ ᠪᠦᠯᠦᠭᠯᠡᠯ ᠤᠨ ᠨᠠᠨ ᠬᠤ᠋ ᠠᠷᠠᠯ ᠤᠨ ᠲᠦᠷᠦᠯ ᠵᠦᠢᠯ ᠳᠤ᠂ ᠨᠠᠨ ᠬᠤ᠋ ᠠᠷᠠᠯ ᠤᠨ ᠲᠦᠷᠦᠯ ᠵᠦᠢᠯ ᠤᠨ ᠡᠮᠦᠨ᠎ᠡ ᠬᠡᠰᠡᠭ ᠤᠨ ᠰᠢᠨ᠎ᠡ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠶᠡᠷᠦᠩᠬᠡᠢ ᠲᠥᠯᠥᠪᠵᠢᠭᠦᠯᠭᠡ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠣᠶᠢᠯᠠᠭᠠᠭᠰᠠᠨ ᠤ ᠳᠠᠷᠠᠭ᠎ᠠ᠂ ᠵᠠᠩ ᠯᠢ ᠵᠢᠶᠦ᠋ᠨ᠂ ᠴᠢᠩ ᠰᠢᠤᠢ ᠨᠠᠨ ᠬᠤ᠋ ᠠᠷᠠᠯ ᠤᠨ ᠲᠦᠷᠦᠯ ᠵᠦᠢᠯ ᠤᠨ ᠵᠢᠱᠢᠭᠰᠡᠨ ᠦᠷ᠎ᠡ ᠠᠰᠢᠭ ᠰᠠᠶᠢᠨ᠂ ᠠᠬᠢᠭᠤᠯᠬᠤ ᠬᠤᠷᠳᠤᠴᠠ ᠲᠦᠷᠭᠡᠨ᠂ ᠬᠥᠭᠵᠢᠯᠲᠡ ᠶᠢᠨ ᠳᠠᠯᠳᠠ ᠬᠦᠴᠦᠨ ᠶᠡᠭᠡ ᠪᠠᠶᠢᠵᠤ᠂ ᠲᠤᠬᠠᠢ ᠶᠢᠨ ᠭᠠᠵᠠᠷ ᠤᠨ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠬᠦᠴᠦᠲᠡᠢ ᠲᠠᠶᠢᠴᠢᠯᠠᠵᠠᠢ ᠭᠡᠵᠦ ᠢᠯᠡᠳᠬᠡᠪᠡ᠃ ᠰᠣᠯᠢᠯᠴᠠᠭ᠎ᠠ ᠵᠣᠯᠭᠠᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ ᠂ ᠲᠦᠷᠦᠯ ᠵᠦᠢᠯ ᠤᠨ ᠲᠥᠯᠥᠪᠵᠢᠭᠦᠯᠭᠡ ᠶᠢ ᠲᠦᠷᠭᠡᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠠᠬᠢᠴᠠ ᠶᠢ ᠲᠦᠷᠭᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠱᠧᠨᠵᠧᠨ ᠤ ᠹᠠᠩ ᠲᠦ᠋ ᠤᠶᠤᠨᠲᠤ ︵ᠱᠧᠨᠵᠧᠨ︶ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠦᠷᠢᠶᠡᠯᠡᠩ ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠵᠠᠭᠪᠤᠷ᠂ ᠪᠦᠲᠦᠭᠡᠭᠳᠡᠬᠦᠨ ᠤ ᠪᠣᠷᠣᠯᠠᠭᠤᠯᠭ᠎ᠠ᠂ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠹᠠᠩ ᠲᠦ᠋ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠤᠭᠤᠲᠤ ︵ᠱᠧᠨᠵᠧᠨ︶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢᠰᠦᠭᠡ ᠭᠠᠵᠠᠷ ᠤᠨ ᠲᠥᠷᠥᠯ ᠵᠦᠶ᠋ᠯ ᠤᠨ ᠲᠤᠬᠠᠶ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠵᠠᠩ ᠯᠢ ᠵᠢᠶᠦ᠋ᠨ᠂ ᠹᠠᠩ ᠲᠦ᠋ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠣᠷᠣᠨ ᠪᠦᠰᠡ᠂ ᠠᠵᠤ ᠦᠢᠯᠡᠰ᠂ ᠴᠢᠳᠠᠪᠤᠷᠢᠲᠠᠨ᠂ ᠡᠵᠡᠩᠨᠡᠯᠲᠡ ᠵᠡᠷᠭᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳ᠋ᠦᠩ ᠾᠧ ᠲᠣᠭᠤᠷᠢᠭ ᠲᠠᠢ ᠬᠠᠮᠲᠤᠪᠠᠷ ᠰᠢᠨ᠎ᠡ ᠶᠢ ᠡᠭᠦᠳᠬᠦ ᠬᠡᠯᠬᠢ᠊ ᠡᠶ᠎ᠡ ᠶᠢ ᠰᠦᠪᠡᠭᠴᠢᠯᠡᠵᠦ ᠠᠵᠤ ᠦᠢᠯᠡᠰ ᠤᠨ ᠬᠡᠯᠬᠢ᠊ ᠡᠶ᠎ᠡ ᠶᠢ ᠲᠠᠶᠢᠴᠢᠯᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠤᠨ ᠬᠠᠮᠲᠤᠷᠠᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠱᠧᠨᠵᠧᠨ ᠤ ᠵᠧᠩ ᠵᠢᠶᠠ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠵᠣᠯᠭᠠᠭᠤᠯᠬᠤ ᠳᠠᠭᠠᠨ᠂ ᠴᠠᠬᠢᠭᠤᠷ ᠥᠨᠳᠥᠷ ᠬᠦᠩᠭᠡᠨ ᠴᠠᠭᠠᠨ ᠤ ᠬᠠᠶᠢᠯᠤᠰᠢ᠂ ᠨᠡᠶᠢᠯᠡᠮᠡᠯ ᠮᠠᠲ᠋ᠧᠷᠢᠶᠠᠯ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠲᠦᠷᠦᠯ ᠵᠦᠢᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠲᠦᠷᠦᠯ ᠵᠦᠢᠯ ᠤᠨ ᠰᠤᠳᠤᠯᠤᠨ ᠨᠡᠭᠡᠭᠡᠵᠦ ᠪᠠᠶᠢᠭ᠎ᠠ ᠠᠬᠤᠢ ᠪᠠᠶᠢᠳᠠᠯ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ᠂ ᠭᠠᠷ ᠤᠷᠠᠯᠠᠯ ᠤᠨ ᠮᠡᠷᠭᠡᠵᠢᠯ᠂ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠵᠠᠩ ᠯᠢ ᠵᠢᠶᠦ᠋ᠨ᠂ ᠵᠧᠩ ᠵᠢᠶᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯᠲᠠ ᠪᠣᠯᠤᠨ ᠳ᠋ᠦᠩ ᠾᠧ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠡᠭᠡᠳᠦ ᠬᠡᠮᠵᠢ᠊ ᠡᠶ᠎ᠡ ᠪᠠᠷ ᠨᠡᠶᠢᠴᠡᠵᠦ᠂ ᠬᠤᠶᠠᠷ ᠲᠠᠯ᠎ᠠ ᠪᠠᠷ ᠢᠶᠠᠨ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠂ ᠰᠣᠯᠢᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠱᠧᠨᠵᠧᠨ ᠤ ᠪᠢ ᠬᠦᠢ ᠶᠤᠸᠠᠨ ᠦᠢᠯᠡᠴᠢᠯᠡᠭᠡᠨ ᠤ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠪᠣᠯᠤᠨ ᠶᠦᠩ ᠴᠢᠩ ᠹᠠᠩ ᠳᠤ᠂ ᠬᠤᠶᠠᠷ ᠲᠠᠯ᠎ᠠ ᠪᠠᠷ ᠢᠶᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠯᠲᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠬᠤᠳᠠ ᠶᠢᠨ ᠰᠤᠯᠠ ᠪᠠᠶᠢᠭ᠎ᠠ ᠡᠳ᠋ ᠬᠦᠷᠦᠩᠭᠡ ᠶᠢᠨ ᠡᠵᠡᠩᠨᠡᠯᠲᠡ ᠬᠠᠮᠢᠶᠠᠷᠤᠯᠲᠠ᠂ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠥᠭᠡᠷᠡᠴᠢᠯᠡᠯᠲᠡ ᠪᠣᠯᠤᠨ ᠡᠵᠡᠩᠨᠡᠯᠲᠡ ᠵᠡᠷᠭᠡ ᠬᠠᠮᠲᠤᠷᠠᠯᠴᠠᠭᠠᠨ ᠤ ᠵᠦᠢᠯᠡᠰ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠵᠠᠩ ᠯᠢ ᠵᠢᠶᠦ᠋ᠨ ᠢᠯᠡᠷᠬᠡᠶᠢᠯᠡᠬᠦ ᠳᠡᠭᠡᠨ᠂ ᠪᠢ ᠬᠦᠶ ᠶᠤᠸᠠᠨ ᠴᠡᠴᠡᠷᠯᠢᠭ ᠨᠢ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ᠂ ᠠᠳᠠᠯ ᠠᠬᠤᠶ ᠶᠢᠨ ᠬᠠᠮᠢᠶᠠᠷᠤᠯᠲᠠ᠂ ᠬᠤᠲᠠ ᠶᠢᠨ ᠶᠡᠷᠦᠩᠬᠡᠶᠢᠯᠡᠭᠰᠡᠨ ᠦᠶ᠋ᠯᠡᠴᠢᠯᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠡᠯᠪᠡᠭ ᠪᠠᠶᠠᠯᠢᠭ ᠦᠶ᠋ᠯᠡᠳᠦᠯᠭᠡ ᠶᠢᠨ ᠲᠤᠷᠰᠢᠯᠭ᠎ᠠ ᠪᠠ ᠪᠣᠯᠪᠠᠰᠤᠷᠠᠩᠭᠤᠶ ᠡᠵᠡᠩᠨᠡᠯᠲᠡ ᠶᠢᠨ ᠵᠠᠭᠪᠤᠷ ᠲᠠᠢ ᠪᠠᠶᠢᠳᠠᠭ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠨ ᠵᠣᠯᠭᠠᠯᠴᠠᠬᠤ ᠪᠠᠨ ᠴᠢᠩᠭᠠᠳᠬᠠᠵᠤ᠂ ᠬᠤᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠬᠦᠷᠢᠶᠡᠨ ᠳᠠᠬᠢ ᠪᠥᠬᠦ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳ᠋ᠦᠩ ᠾᠧ ᠬᠤᠲᠠ ᠶᠢᠨ ᠣᠷᠭᠠᠨᠢᠭ ᠰᠢᠨᠡᠴᠢᠯᠡᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠶᠦᠩ ᠴᠢᠩ ᠹᠠᠩ ᠤᠨ ᠥᠭᠡᠷᠡᠴᠢᠯᠡᠯᠲᠡ ᠶᠢᠨ ᠲᠦᠷᠦᠯ ᠵᠦᠢᠯ ᠨᠢ ᠣᠷᠣᠨ ᠨᠤᠲᠤᠭ ᠤᠨ ᠣᠨᠴᠠᠯᠢᠭ ᠢ ᠭᠦᠢᠴᠡᠳ ᠬᠠᠳᠠᠭᠠᠯᠠᠵᠤ᠂ ᠲᠡᠦᠬᠡ ᠰᠣᠶᠣᠯ ᠢ ᠠᠴᠢᠶᠠᠯᠠᠵᠤ᠂ ᠪᠠᠰᠠ ᠤᠳᠤ ᠦᠶ᠎ᠡ ᠶᠢᠨ ᠡᠯᠧᠮᠧᠨ᠋ᠲ ᠪᠣᠯᠤᠨ ᠤᠳᠤ ᠦᠶ᠎ᠡ ᠶᠢᠨ ᠠᠮᠢᠳᠤᠷᠠᠯ ᠤᠨ ᠠᠷᠭ᠎ᠠ ᠬᠡᠯᠪᠡᠷᠢ ᠶᠢ ᠠᠭᠤᠰᠤᠯᠴᠠᠭᠤᠯᠵᠤ᠂ ᠲᠡᠦᠬᠡ ᠰᠣᠶᠣᠯ ᠪᠣᠯᠤᠨ ᠤᠳᠤ ᠦᠶ᠎ᠡ ᠶᠢᠨ ᠶᠡᠭᠡ ᠬᠤᠳᠠ ᠶᠢᠨ ᠬᠠᠷᠢᠯᠴᠠᠨ ᠠᠭᠤᠰᠤᠯᠴᠠᠬᠤ ᠶᠢ ᠪᠡᠶᠡᠯᠡᠭᠦᠯᠵᠦ᠂ ᠲᠦᠷᠦᠯ ᠵᠦᠢᠯ ᠤᠨ ᠥᠭᠡᠷᠡᠴᠢᠯᠡᠯᠲᠡ ᠪᠣᠯᠤᠨ ᠡᠵᠡᠩᠨᠡᠯᠲᠡ ᠶᠢᠨ ᠵᠠᠭᠪᠤᠷ ᠢ ᠳ᠋ᠦᠩ ᠾᠧ ᠲᠣᠭᠤᠷᠢᠭ ᠤᠨ ᠬᠢᠨ ᠰᠤᠷᠤᠯᠴᠠᠵᠦ ᠲᠤᠯᠢ ᠪᠣᠯᠭᠠᠭᠤᠰᠢᠲᠠᠢ ᠶᠤᠮ᠃        
 
ᠢᠷᠡᠯᠲᠡ᠄ ᠳ᠋ᠦᠩ ᠾᠧ ᠲᠣᠭᠤᠷᠢᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1