ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠴᠤᠭ ᠵᠢᠪᠬᠤᠭ᠎ᠠ ᠲᠠᠢ ᠰᠢᠦᠢ ᠵᠢᠶᠦ᠋ᠨ ᠰᠢᠶᠠ᠄ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠳᠠᠭᠠᠭᠤᠯᠤᠭᠴᠢ ᠪᠣᠯᠬᠤ ᠬᠡᠷᠡᠭᠲᠡᠢ
ᠨᠡᠶᠢᠲᠡᠯᠡᠭᠰᠡᠨ ᠴᠠᠭ᠄
2022/10/17
ᠰᠢᠦᠢ ᠵᠢᠶᠦ᠋ᠨ ᠰᠢᠶᠠ ᠣᠳᠣ ᠶᠠᠭ ᠲᠣᠨᠤᠭ ᠲᠥᠬᠦᠭᠡᠷᠦᠮᠵᠢ ᠪᠠᠨ ᠪᠠᠶᠢᠴᠠᠭᠠᠵᠤ ᠪᠠᠶᠢᠨ᠎ᠠ᠃      ᠪᠤᠭᠤᠲᠤ ᠶᠢᠨ ᠬᠥᠩᠭᠡᠨ ᠴᠠᠭᠠᠨ ᠤ ᠦᠢᠯᠡᠰ 1958 ᠣᠨ ᠳᠤ ᠪᠠᠶᠢᠭᠤᠯᠤᠭᠳᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠪᠡᠶ᠎ᠡ ᠪᠠᠨ ᠳᠠᠭᠠᠭᠠᠵᠤ ᠵᠢᠷᠤᠵᠤ ᠲᠥᠯᠥᠪᠯᠡᠨ ᠪᠠᠶᠢᠭᠤᠯᠤᠭᠰᠠᠨ ᠠᠩᠬᠠᠳᠠᠭᠴᠢ ᠪᠦᠯᠦᠭ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠦᠢᠯᠡᠳᠪᠦᠷᠢ ᠪᠣᠯᠣᠨ᠎ᠠ᠂ ᠥᠪᠥᠷ ᠮᠣᠩᠭᠤᠯ ᠤᠨ ᠠᠩᠬᠠᠳᠠᠭᠴᠢ ᠬᠥᠩᠭᠡᠨ ᠴᠠᠭᠠᠨ ᠤ ᠦᠢᠯᠡᠳᠪᠦᠷᠢ ᠪᠣᠯᠣᠨ᠎ᠠ᠂ ᠮᠥᠨᠴᠦ ᠪᠦᠬᠦ ᠤᠯᠤᠰ ᠤᠨ︽ᠠᠷᠪᠠᠨ ᠶᠡᠭᠡ ᠬᠥᠩᠭᠡᠨ ᠴᠠᠭᠠᠨ ᠤ ᠦᠢᠯᠡᠳᠪᠦᠷᠢ︾ ᠶᠢᠨ ᠨᠢᠭᠡ ᠪᠣᠯᠣᠨ᠎ᠠ᠂ ᠣᠳᠣᠬᠠᠨ ᠳᠤ ᠳᠤᠮᠳᠠᠳᠤ ᠤᠯᠤᠰ ᠤᠨ ᠬᠥᠩᠭᠡᠨ ᠴᠠᠭᠠᠨ ᠤ ᠪᠦᠯᠦᠭᠯᠡᠯ ᠤᠨ ᠤᠮᠠᠷᠠᠲᠤ ᠶᠢᠨ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠴᠢᠬᠤᠯᠠ ᠰᠠᠭᠤᠷᠢᠨ ᠪᠣᠯᠣᠨ᠎ᠠ᠃      ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠰᠢᠦᠢ ᠵᠢᠶᠦ᠋ᠨ ᠰᠢᠶᠠ ᠪᠣᠯ ᠳᠤᠮᠳᠠᠳᠤ ᠤᠯᠤᠰ ᠤᠨ ᠬᠥᠩᠭᠡᠨ ᠴᠠᠭᠠᠨ ᠤ ᠦᠢᠯᠡᠰ ᠤᠨ ᠪᠦᠯᠦᠭᠯᠡᠯ ᠤᠨ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠠᠴᠠ ᠢᠷᠡᠭᠰᠡᠨ ᠢᠨᠵᠧᠨᠧᠷᠢᠩ ᠤᠨ ᠮᠡᠷᠭᠡᠵᠢᠯᠲᠡᠨ ᠪᠣᠯᠣᠨ᠎ᠠ᠂ 27 ᠵᠢᠯ ᠠᠵᠢᠯᠯᠠᠵᠤ᠂ 27 ᠵᠢᠯ ᠨᠠᠮ ᠳᠤ ᠣᠷᠣᠵᠤ᠂ ᠴᠠᠬᠢᠯᠭᠠᠨ ᠬᠦᠴᠦᠨ ᠲᠠᠢ ᠬᠠᠮᠢᠶ᠎ᠠ ᠲᠠᠢ ᠮᠡᠷᠭᠡᠵᠢᠯ ᠤᠨ ᠠᠵᠢᠯ ᠢ ᠬᠢᠭᠰᠡᠭᠡᠷ ᠢᠷᠡᠵᠠᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠡᠨᠡ ᠠᠷᠪᠠᠨ ᠵᠢᠯ ᠳᠤ᠂ ᠳᠤᠮᠳᠠᠳᠤ ᠤᠯᠤᠰ ᠤᠨ ᠬᠥᠩᠭᠡᠨ ᠴᠠᠭᠠᠨ ᠵᠢᠴᠢ ᠪᠤᠭᠤᠲᠤ ᠶᠢᠨ ᠬᠥᠩᠭᠡᠨ ᠴᠠᠭᠠᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠠᠢ᠃ᠰᠢᠦᠢ ᠵᠢᠶᠦ᠋ᠨ ᠰᠢᠶᠠ ᠥᠪᠡᠷ ᠤᠨ ︽ᠴᠠᠬᠢᠯᠭᠠᠨ ᠬᠠᠩᠭᠠᠬᠤ ︾ ︱ ︽ᠴᠠᠬᠢᠯᠭᠠᠨ ᠭᠠᠷᠭᠠᠬᠤ︾ ︱ ︽ᠨᠣᠭᠤᠭᠠᠨ ᠴᠠᠬᠢᠯᠭᠠᠨ ᠭᠠᠷᠭᠠᠬᠤ︾ ᠠᠵᠢᠯ ᠤᠨ ᠥᠩᠭᠡᠷᠡᠯᠲᠡ ᠠᠴᠠ ᠪᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠠᠵᠤ ᠠᠬᠤᠶᠢᠯᠠᠯ ᠳᠤ ᠠᠪᠴᠢᠷᠠᠭᠰᠠᠨ ᠭᠦᠨᠵᠡᠭᠡᠢ ᠬᠤᠪᠢᠷᠠᠯᠲᠠ ᠶᠢ ᠭᠦᠨᠵᠡᠭᠡᠢ ᠣᠶᠢᠯᠠᠭᠠᠪᠠ᠃ᠬᠠᠮᠤᠭ ᠠᠩᠬᠠᠨ ᠤ ᠴᠠᠬᠢᠯᠭᠠᠨ ᠬᠠᠩᠭᠠᠯᠭ᠎ᠠ ᠶᠢᠨ ᠭᠦᠶᠦᠳᠡᠯ ᠰᠢᠯᠤᠭᠤᠳᠬᠠᠬᠤ ᠮᠡᠷᠭᠡᠵᠢᠯ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠠᠴᠠ ᠠᠪᠤᠭᠠᠳ ᠲᠡᠷᠡ ᠡᠳᠦᠷ ᠪᠦᠷᠢ ᠴᠠᠬᠢᠯᠭᠠᠨ ᠵᠠᠳᠠᠯᠤᠯᠲᠠ ᠶᠢᠨ ᠴᠠᠬᠢᠯᠭᠠᠨ ᠬᠠᠩᠭᠠᠯᠭ᠎ᠠ ᠶᠢᠨ ᠭᠦᠶᠦᠳᠡᠯ ᠰᠢᠯᠤᠭᠤᠳᠬᠠᠬᠤ ᠮᠡᠷᠭᠡᠵᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ ᠨᠢᠭᠡ ᠭᠷᠡᠳᠦ᠋ᠰ ᠪᠦᠷᠢ ᠶᠢᠨ ᠴᠠᠬᠢᠯᠭᠠᠨ ᠤ ᠬᠤᠷᠣᠭᠳᠠᠯ ᠢ ᠪᠠᠭᠠᠰᠬᠠᠬᠤ ᠪᠠᠷ ᠴᠢᠷᠮᠠᠶᠢᠵᠤ᠂ ᠥᠪᠡᠷ ᠤᠨ ᠢᠶᠠᠨ ︽ᠮᠡᠷᠭᠡᠵᠢᠯ ᠤᠨ ᠳᠠᠩᠰᠠ︾ ᠶᠢ ᠪᠤᠳᠤᠵᠤ ᠪᠠᠶᠢᠪᠠ;ᠰᠡᠭᠦᠯᠡᠷ ᠨᠢ ᠥᠪᠡᠷ ᠢᠶᠠᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢ ᠪᠠᠶᠢᠭᠤᠯᠬᠤ ᠳᠤ ᠣᠷᠣᠯᠴᠠᠭᠠᠳ ᠴᠠᠬᠢᠯᠭᠠᠨ ᠭᠠᠷᠭᠠᠬᠤ ᠳᠠᠭᠠᠨ ᠠᠵᠤ ᠠᠬᠤᠶᠢᠯᠠᠯ ᠤᠨ ︽ᠦᠷ᠎ᠡ ᠠᠰᠢᠭ ᠤᠨ ᠲᠠᠩᠰᠠ︾ ᠶᠢ ᠪᠤᠳᠤᠵᠠᠢ᠃ᠲᠡᠷᠡ ᠬᠡᠯᠡᠬᠦ ᠳᠡᠭᠡᠨ᠂ ᠣᠳᠣᠬᠠᠨ ᠳᠤ ᠪᠤᠭᠤᠲᠤ ᠶᠢᠨ ᠬᠥᠩᠭᠡᠨᠴᠠᠭᠠᠨ ᠤ ᠦᠢᠯᠡᠰ ᠨᠢ ᠥᠩᠭᠡ ᠦᠵᠡᠮᠵᠢ ᠶᠢᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ᠪᠠᠶᠢᠨ᠎ᠠ᠂ ᠡᠨᠡ ᠬᠦ ᠤᠯᠠᠮᠵᠢᠯᠠᠯᠲᠤ ᠥᠩᠭᠡᠲᠦ ᠲᠡᠮᠦᠷᠯᠢᠭ ᠤᠨ ᠠᠵᠤ ᠠᠬᠤᠶᠢᠯᠠᠯ ᠨᠢ ︽ᠪᠣᠬᠢᠷᠳᠤᠯ ᠦᠭᠡᠢ ᠲᠠᠩᠰᠠ︾ ᠶᠢ ᠨᠠᠷᠢᠯᠢᠭ ᠪᠤᠳᠤᠵᠤ ᠡᠬᠢᠯᠡᠪᠡ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠪᠣᠯ ᠳᠠᠷᠤᠢ ︽ᠪᠣᠬᠢᠷᠳᠤᠯ ᠦᠭᠡᠢ ᠪᠤᠭᠤᠲᠤ ᠶᠢᠨ ᠬᠥᠩᠭᠡᠨᠴᠠᠭᠠᠨ ᠤ ᠦᠢᠯᠡᠰ ᠢ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠬᠢᠯᠢ ᠶᠢ ᠭᠤᠶᠣᠯᠠᠨ ᠴᠢᠮᠡᠭᠯᠡᠨ᠎ᠡ︾᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠣᠯᠣᠨ᠎ᠠ᠃      ᠰᠢᠦᠢ ᠵᠢᠶᠦ᠋ᠨ ᠰᠢᠶᠠ᠂ ᠶᠡᠷᠦᠩᠬᠡᠢ ᠱᠦᠵᠢ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ᠃ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠲᠥᠪ ᠤᠨ ᠠᠵᠤ ᠠᠬᠤᠶᠢᠯᠠᠯ ᠤᠨ ᠪᠦᠷᠢᠯᠳᠦᠭᠦᠨ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠨᠳᠦᠰᠦ ᠰᠠᠭᠤᠷᠢ ᠶᠢ ᠪᠠᠲᠤᠳᠬᠠᠨ ᠰᠦᠭ ᠰᠦᠨᠡᠰᠦ ᠶᠢ ᠱᠤᠭᠤᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠵᠣᠷᠢᠭᠲᠠᠢ ᠪᠠᠷ ᠳᠠᠭᠠᠭᠤᠯᠤᠭᠴᠢ ᠪᠣᠯᠵᠤ᠂ ᠭᠤᠣᠯ ᠬᠦᠴᠦᠨ ᠢ ᠬᠦᠴᠦᠷᠬᠡᠭᠵᠢᠭᠦᠯᠵᠦ᠂ ᠰᠠᠶᠢᠨ ᠳᠠᠭᠠᠭᠤᠯᠤᠭᠴᠢ ᠪᠣᠯᠬᠤ ᠬᠡᠷᠡᠭᠲᠡᠢ᠃      ᠰᠢᠦᠢ ᠵᠢᠶᠦ᠋ᠨ ᠰᠢᠶᠠ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠤᠨ 7 ᠰᠠᠷ᠎ᠠ ᠳᠤ᠂ ᠬᠤᠸᠠ ᠶᠦᠨ ᠴᠠᠬᠢᠯᠭᠠᠨ ᠵᠠᠳᠠᠯᠤᠯᠲᠠ ᠶᠢᠨ ᠨᠢᠭᠡᠳᠦᠭᠡᠷ ᠦᠢᠯᠡᠳᠪᠦᠷᠢ ᠪᠣᠯᠣᠨ ᠢᠯᠴᠢ ᠴᠠᠬᠢᠯᠭᠠᠨ ᠤ ᠦᠢᠯᠡᠳᠪᠦᠷᠢ ᠶᠢᠨ ᠲᠡᠷᠭᠡᠨ ᠵᠣᠭᠰᠣᠭᠠᠯ ᠢ ᠠᠰᠢᠭᠯᠠᠨ᠂ 6MW ᠮᠠᠶ᠋ᠢᠭ ᠤᠨ ᠬᠡᠷᠡᠯ ᠴᠡᠨᠡᠭ ᠤᠨ ᠠᠩᠬᠠᠨ ᠤ ᠪᠦᠯᠦᠭ ᠤᠨ ᠰᠦᠯᠵᠢᠶᠡᠨ ᠳᠤ ᠨᠡᠶᠢᠯᠡᠭᠦᠯᠦᠭᠰᠡᠨ ᠢᠶᠠᠷ᠂ 64 ᠵᠢᠯ ᠤᠨ ᠲᠡᠦᠬᠡ ᠲᠠᠢ ᠬᠠᠭᠤᠴᠢᠨ ᠠᠵᠤ ᠠᠬᠤᠶᠢᠯᠠᠯ ᠪᠣᠯᠬᠤ ᠪᠤᠭᠤᠲᠤ ᠶᠢᠨ ᠬᠥᠩᠭᠡᠨ ᠴᠠᠭᠠᠨ ᠠᠩᠬ᠎ᠠ ᠤᠳᠠᠭ᠎ᠠ ᠴᠡᠪᠡᠷ ᠴᠡᠪᠡᠷ ᠪᠣᠬᠢᠷᠳᠤᠯ ᠦᠭᠡᠢ ᠡᠨᠧᠷᠭᠢ ᠶᠢᠨ ᠰᠤᠷᠪᠤᠯᠵᠢ ᠶᠢ ᠬᠡᠷᠡᠭᠯᠡᠭᠰᠡᠨ ᠪᠠᠶᠢᠨ᠎ᠠ᠃      ︽ᠪᠢᠳᠡ ᠣᠲᠣ ᠶᠠᠭ ᠰᠢᠨ᠎ᠡ ᠡᠨᠧᠷᠭᠢ ᠶᠢᠨ ᠲᠥᠷᠥᠯ ᠵᠦᠢᠯ ᠢ ᠪᠥᠬᠦ ᠬᠦᠴᠦᠨ ᠢᠶᠠᠷ ᠲᠦᠯᠬᠢᠨ ᠠᠬᠢᠭᠤᠯᠵᠤ ᠪᠠᠶᠢᠨ᠎ᠠ᠂ 2025 ᠣᠨ ᠪᠣᠯᠬᠤ ᠳᠤ᠂ ᠪᠤᠭᠤᠲᠤ ᠶᠢᠨ ᠬᠥᠩᠭᠡᠨᠴᠠᠭᠠᠨ ᠤ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ 35%  ᠠᠴᠠ ᠳᠡᠭᠡᠭᠰᠢ ᠳᠤ ᠬᠦᠷᠭᠡᠵᠦ᠂ ᠲᠣᠨ ᠬᠥᠩᠭᠡᠨᠴᠠᠭᠠᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠦᠴᠦᠯᠡᠴᠡ ᠶᠢ 19% ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠷᠠᠯᠲᠠ ᠶᠢᠨ ᠡᠭᠦᠷᠭᠡ ᠳᠤ ᠪᠥᠬᠦ ᠲᠠᠯ᠎ᠠ ᠪᠠᠷ ᠬᠦᠷᠦᠭᠦᠯᠦᠨ᠎ᠡ︾᠃ ᠢᠷᠡᠭᠡᠳᠦᠢ ᠶᠢᠨ ᠬᠥᠭᠵᠢᠯᠲᠡ ᠶᠢ ᠳᠤᠷᠠᠳᠬᠤ ᠳᠤ ᠰᠢᠦᠢ ᠵᠢᠶᠦ᠋ᠨ ᠰᠢᠶᠠ ᠢᠲᠡᠭᠡᠯ ᠳᠦᠭᠦᠷᠡᠩ ᠪᠠᠶᠢᠯ᠎ᠠ᠃      ᠰᠢᠦᠢ ᠵᠢᠶᠦ᠋ᠨ ᠰᠢᠶᠠ᠄ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠡᠢ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠪᠣᠯᠣᠨ᠎ᠠ᠂ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠦᠷᠭᠦᠯᠵᠢᠯᠡᠨ ᠥᠩᠭᠡ ᠦᠵᠡᠮᠵᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠵᠤ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠪᠦᠲᠦᠴᠡ ᠶᠢᠨ ᠴᠢᠬᠤᠯᠠ ᠶᠡᠭᠡ ᠬᠤᠪᠢᠷᠠᠯᠲᠠ ᠶᠢ ᠲᠦᠷᠭᠡᠳᠬᠡᠵᠦ᠂︽ᠡᠳᠦᠷ ᠡᠳᠦᠷ ᠤᠷᠤᠭᠰᠢᠯᠠᠨ᠎ᠠ︾᠂ ᠨᠣᠭᠤᠭᠠᠨ ᠥᠩᠭᠡ ᠪᠠᠷ ︽ᠨᠣᠭᠤᠭᠠᠨ ᠬᠥᠩᠭᠡᠨ ᠴᠠᠭᠠᠨ︾ ᠢ ᠦᠢᠯᠡᠳᠴᠦ᠂ ᠲᠥᠪ ᠤᠨ ᠠᠵᠤ ᠠᠬᠤᠶᠢᠯᠠᠯ ᠤᠨ ᠤᠯᠤᠰ ᠲᠦᠷᠦ ᠶᠢᠨ ᠬᠠᠷᠢᠭᠤᠴᠠᠯᠭ᠎ᠠ᠂ ᠠᠵᠤ ᠠᠬᠤᠢ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠳᠠᠭᠠᠭᠤᠯᠤᠭᠴᠢ ᠪᠣᠯᠬᠤ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠢᠳᠬᠦᠯ ᠴᠢᠷᠮᠠᠶᠢᠯᠭ᠎ᠠ ᠪᠠᠷ ᠲᠥᠪ ᠤᠨ ᠠᠵᠤ ᠠᠬᠤᠶᠢᠯᠠᠯ ᠤᠨ ᠰᠢᠨ᠎ᠡ ᠡᠭᠦᠷᠭᠡᠯᠡᠯ ᠢ ᠢᠯᠡᠷᠡᠭᠦᠯᠬᠦ ᠬᠡᠷᠡᠭᠲᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1