ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠤᠢ᠂ ᠬᠤᠶᠠᠷ ᠮᠢᠩᠭ᠎ᠠ ᠭᠠᠷᠤᠢ | ᠨᠠᠮ ᠤᠨ ᠲᠥᠯᠥᠭᠡᠯᠡᠭᠴᠢ ᠶᠢᠨ ᠳᠣᠲᠣᠷ᠎ᠠ᠂ ᠦᠢᠯᠡᠳᠪᠦᠷᠢᠯᠡᠯ ᠪᠠ ᠠᠵᠢᠯ ᠤᠨ ᠨᠢᠭᠡᠳᠦᠭᠡᠷ ᠹᠷᠣᠨᠲ ᠤᠨ ᠨᠠᠮ ᠤᠨ | ᠭᠡᠰᠢᠭᠦᠨ 771 ᠬᠥᠮᠥᠨ ᠪᠤᠢ᠂ ᠳᠤᠮᠳᠠᠳᠤ ᠤᠯᠤᠰ ᠤᠨ ᠬᠥᠩᠭᠡᠨ ᠴᠠᠭᠠᠨ ᠤ ᠦᠢᠯᠡᠰ ᠤᠨ ᠪᠤᠭᠤᠲᠤ ᠶᠢᠨ ᠬᠥᠩᠭᠡᠨ | ᠴᠠᠭᠠᠨ ᠤ ᠦᠢᠯᠡᠰ ᠤᠨ ᠰᠢᠦᠢ ᠵᠢᠶᠦ᠋ᠨ ᠰᠢᠶᠠ ᠪᠣᠯ ᠲᠡᠭᠦᠨ ᠤ ᠳᠣᠲᠣᠷᠠᠬᠢ ᠨᠢᠭᠡ ᠨᠢ ᠪᠣᠯᠣᠨ᠎ᠠ᠃ | ︽ᠦᠨᠳᠦᠰᠦᠨ ᠱᠠᠲᠤᠨ ᠤ ᠨᠢᠭᠡᠳᠦᠭᠡᠷ ᠹᠷᠣᠨᠲ ᠠᠴᠠ ᠢᠷᠡᠭᠰᠡᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ | ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠵᠤ ᠴᠢᠳᠠᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ ᠶᠡᠭᠡ᠂ | ᠡᠭᠦᠷᠭᠡ ᠥᠩᠭᠡ ᠭᠡᠷᠡᠯᠲᠡᠢ ᠭᠡᠳᠡᠭ ᠢ ᠭᠦᠨᠵᠡᠭᠡᠢ ᠣᠶᠢᠯᠠᠭᠠᠵᠤ ᠪᠠᠶᠢᠨ᠎ᠠ︾᠃ ᠣᠳᠣᠬᠠᠨ ᠳᠤ ᠰᠢᠦᠢ ᠵᠢᠶᠦ᠋ᠨ ᠰᠢᠶᠠ | ᠪᠡᠭᠡᠵᠢᠩ ᠳᠤ ᠬᠦᠷᠴᠦ ᠶᠡᠭᠡ ᠬᠤᠷᠠᠯ ᠳᠤ ᠣᠷᠤᠯᠴᠠᠬᠤ ᠪᠠᠷ ᠪᠡᠯᠡᠳᠬᠡᠵᠦ ᠪᠠᠶᠢᠨ᠎ᠠ᠂ ᠰᠢᠦᠢ ᠵᠢᠶᠦ᠋ᠨ ᠰᠢᠶᠠ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠯᠠᠪᠠᠶ ᠳᠤ ᠳᠤᠮᠳᠠᠳᠤ ᠤᠯᠤᠰ ᠤᠨ ᠬᠥᠩᠭᠡᠨ ᠴᠠᠭᠠᠨ ᠪᠣᠯᠣᠨ ᠪᠦᠦ | ᠬᠥᠩᠭᠡᠨ ᠴᠠᠭᠠᠨ ᠤ ᠪᠣᠬᠢᠷᠳᠤᠯ ᠦᠭᠡᠢ ᠥᠯᠢᠭᠡᠷ ᠢ ᠣᠮᠣᠭᠲᠠᠢ ᠪᠠᠷ ᠶᠠᠷᠢᠵᠤ ᠴᠢᠳᠠᠨ᠎ᠠ ᠭᠡᠰᠡᠨ ᠬᠦᠰᠡᠯ ᠵᠡᠭᠦᠳᠦ ᠲᠠᠢ | ᠶᠤᠮ᠃ | | | | | ︽ᠮᠡᠷᠭᠡᠵᠢᠯ ᠤᠨ ᠴᠢᠳᠠᠪᠤᠷᠢᠲᠠᠨ︾ | ᠲᠡᠷᠢᠭᠦᠨ ᠤ ᠬᠢ ᠶᠢ ᠣᠯᠬᠤ ᠪᠠᠷ ᠵᠣᠷᠢᠭᠲᠠᠢ ᠴᠢᠷᠮᠠᠶᠢᠬᠤ ᠬᠡᠷᠡᠭᠲᠡᠢ | ᠳᠤᠮᠳᠠᠳᠤ ᠤᠯᠤᠰ ᠤᠨ ᠬᠥᠩᠭᠡᠨᠴᠠᠭᠠᠨ ᠤ ᠦᠢᠯᠡᠰ ᠤᠨ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ | ᠲᠤᠨᠤᠭ ᠲᠥᠬᠦᠭᠡᠷᠦᠮᠵᠢ ᠶᠢᠨ ᠡᠨᠧᠷᠭᠢ ᠶᠢᠨ ᠶᠠᠮᠤᠨ ᠤ ᠨᠠᠮ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ᠂ | ᠬᠠᠮᠲᠤ ᠠᠵᠢᠯᠯᠠᠭᠰᠠᠳ ᠤᠨ ᠢᠶᠠᠨ ᠨᠢᠳᠦᠨ ᠳᠤ᠂ ᠰᠢᠦᠢ ᠵᠢᠶᠦ᠋ᠨ ᠰᠢᠶᠠ ᠶᠠᠭ ᠯᠠ ︽ᠭᠠᠯᠲᠤ ᠬᠦᠷᠳᠦᠨ ᠳᠤ ᠭᠢᠰᠬᠢᠵᠦ︾ | ᠪᠠᠶᠢᠭ᠎ᠠ ᠰᠢᠭ᠋ ᠢᠶᠠᠷ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠭᠰᠡᠭᠡᠷ ᠢᠷᠡᠵᠠᠢ᠃27 ᠵᠢᠯ ᠤᠨ ᠲᠤᠷᠰᠢ᠂ ᠲᠡᠷᠡ | ᠤᠷᠢᠳ ᠬᠤᠵᠢᠳ ︽ᠪᠥᠬᠦ ᠤᠯᠤᠰ ᠤᠨ ᠭᠤᠷᠪᠠᠨ ᠰᠠᠷ᠎ᠠ ᠶᠢᠨ ᠨᠠᠢᠮᠠᠨ ᠤ ᠤᠯᠠᠭᠠᠨ ᠲᠤᠭᠴᠢ︾ ︽ᠪᠥᠬᠦ | ᠤᠯᠤᠰ ᠤᠨ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ︾ ︽2005 ᠣᠨ ᠤ ᠳᠤᠮᠳᠠᠳᠤ | ᠤᠯᠤᠰ ᠤᠨ ᠠᠵᠤ ᠠᠬᠤᠢ ᠶᠢᠨ ᠡᠮᠡᠭᠲᠡᠶᠢᠴᠦᠳ ᠤᠨ ᠣᠨ ᠤ ᠲᠣᠪᠣᠶᠢᠮ᠎ᠠ ᠠᠮᠵᠢᠯᠲᠠ ᠣᠯᠣᠭᠰᠠᠨ ᠬᠥᠮᠥᠨ︾ ︽ | ᠳᠤᠮᠳᠠᠳᠤ ᠤᠯᠤᠰ ᠤᠨ ᠬᠥᠩᠭᠡᠨ ᠴᠠᠭᠠᠨ ᠤ ᠪᠦᠯᠦᠭᠯᠡᠯ ᠤᠨ ᠠᠩᠬᠠᠳᠤᠭᠠᠷ ᠬᠤᠭᠤᠴᠠᠭᠠᠨ ᠤ ᠠᠷᠪᠠᠨ ᠰᠢᠯᠭᠠᠷᠠᠭᠰᠠᠨ | ᠵᠠᠯᠠᠭᠤᠴᠤᠳ︾ ︽ᠳᠤᠮᠳᠠᠳᠤ ᠤᠯᠤᠰ ᠤᠨ ᠬᠥᠩᠭᠡᠨ ᠴᠠᠭᠠᠨ ᠤ ᠪᠦᠯᠦᠭᠯᠡᠯ ᠤᠨ ᠰᠢᠯᠢᠳᠡᠭ ᠡᠪ ᠬᠠᠮᠲᠤ ᠨᠠᠮ ᠤᠨ | ᠭᠡᠰᠢᠭᠦᠨ ᠤ ᠳᠠᠭᠤᠷᠢᠶᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ | ᠵᠠᠯᠠᠭᠤᠴᠤᠳ ᠤᠨ ᠠᠵᠢᠯ ᠤᠨ ᠪᠠᠶᠢᠷᠢ ᠶᠢᠨ ᠴᠢᠳᠠᠪᠤᠷᠢᠲᠠᠨ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠳᠡᠯᠮᠦᠷᠢ ᠶᠢᠨ ᠵᠢᠱᠢᠶᠡᠴᠢ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃ | ᠰᠢᠦᠢ ᠵᠢᠶᠦ᠋ᠨ ᠰᠢᠶᠠ ᠠᠵᠢᠯ ᠳᠤ ᠣᠷᠣᠯᠴᠠᠭᠰᠠᠨ ᠠᠴᠠ ᠪᠠᠨ ᠠᠪᠤᠭᠠᠳ ᠴᠠᠬᠢᠯᠭᠠᠨ ᠬᠦᠴᠦᠨ ᠤ ᠠᠵᠢᠯ ᠲᠠᠢ | ᠨᠢᠭᠲᠠ ᠤᠶᠠᠯᠳᠤᠵᠤ ᠪᠠᠶᠢᠪᠠ᠃ᠠᠵᠢᠯ ᠲᠦᠷᠦᠯ ᠤᠨ ᠲᠡᠷᠢᠭᠦᠨ ᠤ ᠬᠢᠷᠢ ᠲᠦᠪᠰᠢᠨ ᠤ ᠴᠠᠬᠢᠯᠭᠠᠨ ᠬᠠᠩᠭᠠᠯᠲᠠ ᠶᠢᠨ | ᠰᠢᠯᠤᠭᠤᠳᠬᠠᠯ ᠢ ᠡᠵᠡᠮᠳᠡᠬᠦ ᠮᠡᠷᠭᠡᠵᠢᠯ ᠢ ᠡᠵᠡᠮᠰᠢᠬᠦ ᠶᠢᠨ ᠲᠥᠯᠥᠭᠡ᠂ ᠲᠡᠷᠡ ᠦᠷᠭᠦᠯᠵᠢ ᠴᠠᠭ ᠨᠡᠮᠡᠵᠦ ᠠᠵᠢᠯᠯᠠᠨ | ᠵᠢᠷᠤᠭ ᠲᠥᠯᠥᠪᠯᠡᠭᠡ ᠶᠢ ᠦᠵᠡᠵᠦ᠂ ᠲᠤᠬᠠᠢ ᠶᠢᠨ ᠲᠠᠯᠠᠪᠤᠷ ᠲᠤ ᠪᠠᠭᠤᠵᠤ᠂ ᠦᠢᠯᠡᠳᠪᠦᠷᠢ ᠶᠢᠨ ᠲᠠᠰᠤᠭ ᠤᠨ | ᠡᠷᠬᠢᠯᠡᠭᠴᠢ᠂ ᠮᠡᠷᠭᠡᠵᠢᠯᠲᠡᠨ ᠠᠴᠠ ᠢᠳᠡᠪᠬᠢᠲᠡᠢ ᠪᠠᠷ ᠠᠰᠠᠭᠤᠨ ᠰᠤᠷᠠᠵᠤ ᠪᠠᠶᠢᠪᠠ᠃ | ᠲᠡᠭᠦᠨ ᠠᠴᠠ ᠬᠤᠶᠢᠰᠢᠬᠢ ᠬᠡᠳᠦᠨ ᠵᠢᠯ ᠳᠤ᠂ ᠰᠢᠦᠢ ᠵᠢᠶᠦ᠋ᠨ ᠰᠢᠶᠠ ᠤᠷᠢᠳ ᠬᠤᠵᠢᠳ ᠮᠠᠰᠢ ᠤᠯᠠᠨ | ᠰᠢᠯᠤᠭᠤᠳᠬᠠᠭᠴᠢ ᠴᠠᠬᠢᠯᠭᠠᠨ ᠬᠠᠩᠭᠠᠬᠤ ᠶᠡᠷᠦᠩᠬᠡᠶᠢᠯᠡᠭᠰᠡᠨ ᠠᠦ᠋ᠲ᠋ᠣᠴᠢᠯᠠᠯᠲᠠ ᠶᠢᠨ ᠰᠢᠰᠲ᠋ᠧᠮ ᠢ ᠨᠡᠭᠡᠭᠡᠨ | ᠬᠥᠭᠵᠢᠭᠦᠯᠬᠦ ᠪᠠ ᠴᠠᠬᠢᠯᠭᠠᠨ ᠵᠠᠳᠠᠯᠤᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ | ᠵᠦᠢᠯ ᠢ ᠪᠡᠶᠡᠯᠡᠭᠦᠯᠪᠡ᠃ᠲᠡᠭᠦᠨ ᠤ ᠡᠷᠭᠢᠯᠡᠨ ᠲᠥᠯᠥᠪᠯᠡᠵᠦ ᠨᠡᠭᠡᠭᠡᠨ ᠬᠥᠭᠵᠢᠭᠦᠯᠦᠭᠰᠡᠨ ᠪᠠ ᠲᠤᠷᠰᠢᠨ | ᠲᠣᠬᠢᠷᠠᠭᠤᠯᠤᠭᠰᠠᠨ ᠲᠣᠭᠲᠠᠮᠠᠯ ᠭᠦᠶᠦᠳᠡᠯ ᠤᠨ ᠡᠵᠡᠮᠰᠢᠯ ᠤᠨ ᠰᠢᠰᠲ᠋ᠧᠮ ᠪᠠ ᠶᠡᠷᠦᠩᠬᠡᠶᠢᠯᠡᠭᠰᠡᠨ ᠠᠦ᠋ᠲ᠋ᠣᠴᠢᠯᠠᠭᠰᠠᠨ | ᠰᠢᠰᠲ᠋ᠧᠮ ᠢ ᠤᠯᠤᠰ ᠤᠨ ᠳᠣᠲᠣᠭᠠᠳᠤ ᠶᠢᠨ ᠬᠤᠷᠢ ᠭᠠᠷᠤᠢ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠠᠵᠤ | ᠠᠬᠤᠶᠢᠯᠠᠯ ᠳᠤ ᠳᠡᠯᠭᠡᠷᠡᠭᠦᠯᠦᠨ ᠬᠡᠷᠡᠭᠯᠡᠪᠡ︔ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ︽ᠶᠡᠭᠡ ᠴᠢᠳᠠᠯ ᠤᠨ | ᠥᠨᠳᠥᠷ ᠨᠠᠷᠢᠯᠢᠭ ᠲᠣᠭᠠᠨ ᠤ ᠲᠣᠭᠲᠠᠭᠤᠨ ᠤᠷᠤᠰᠬᠠᠯ ᠤᠨ ᠰᠢᠰᠲ᠋ᠧᠮ ᠤᠨ ᠨᠡᠭᠡᠭᠡᠨ ᠬᠥᠭᠵᠢᠭᠦᠯᠦᠯᠲᠡ ᠪᠠ | ᠬᠡᠷᠡᠭᠯᠡᠯᠲᠡ︾ ᠶᠢᠨ ᠲᠥᠷᠥᠯ ᠵᠦᠢᠯ ᠨᠢ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ | ᠡᠳᠡᠭᠡᠷ ᠠᠯᠢ ᠤᠯᠠᠨ ᠴᠠᠬᠢᠯᠭᠠᠨ ᠬᠠᠩᠭᠠᠬᠤ ᠰᠢᠯᠤᠭᠤᠳᠬᠠᠬᠤ ᠰᠢᠰᠲ᠋ᠧᠮ ᠤᠨ ᠰᠢᠨ᠎ᠡ ᠶᠢ ᠡᠭᠦᠳᠬᠦ ᠮᠡᠷᠭᠡᠵᠢᠯ | ᠨᠢ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠴᠠᠬᠢᠯᠭᠠᠨ ᠵᠠᠳᠠᠯᠤᠯᠲᠠ ᠶᠢᠨ ᠦᠢᠯᠡᠳᠪᠦᠷᠢᠯᠡᠯ ᠤᠨ ᠠᠮᠤᠷ | ᠲᠦᠪᠰᠢᠨ ᠲᠣᠭᠲᠠᠭᠤᠨ ᠢᠶᠠᠷ ᠠᠵᠢᠯᠯᠠᠬᠤ᠂ ᠮᠡᠷᠭᠡᠵᠢᠯ ᠤᠨ ᠨᠥᠬᠦᠴᠡᠯ ᠢ ᠰᠢᠯᠢᠳᠡᠭᠵᠢᠭᠦᠯᠬᠦ᠂ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠥᠩᠭᠡᠨ | ᠴᠠᠭᠠᠨ ᠤ ᠦᠢᠯᠡᠰ ᠢ ᠤᠯᠠᠨ ᠵᠢᠯ ᠭᠠᠴᠢᠭᠳᠠᠭᠤᠯᠵᠤ ᠪᠠᠶᠢᠭᠰᠠᠨ ᠮᠡᠷᠭᠡᠵᠢᠯ ᠤᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠰᠢᠯᠤᠭᠤᠳᠬᠠᠬᠤ ᠡᠵᠡᠮᠳᠡᠯ ᠤᠨ ᠨᠠᠷᠢᠯᠢᠭ ᠤᠨ ᠬᠡᠮᠵᠢᠶ᠎ᠡ ᠶᠢ ᠨᠢᠭᠡ ᠯᠡ ᠬᠡᠮᠵᠢᠶ᠎ᠡ ᠶᠢᠨ ᠲᠡᠰ ᠢᠶᠠᠷ | ᠵᠣᠭᠰᠣᠬᠤ ᠦᠭᠡᠢ ᠪᠣᠯᠭᠠᠵᠠᠢ᠃ | ︽ᠴᠠᠬᠢᠯᠭᠠᠨ ᠬᠠᠩᠭᠠᠯᠭ᠎ᠠ ᠶᠢᠨ ᠰᠢᠯᠤᠭᠤᠳᠬᠠᠬᠤ ᠮᠡᠷᠭᠡᠵᠢᠯ ᠤᠨ ᠲᠠᠯ᠎ᠠ ᠪᠠᠷ᠂ ᠰᠢᠦᠢ ᠣᠪᠣᠭᠲᠤ ᠪᠠᠷ | ᠮᠡᠷᠭᠡᠵᠢᠯ ᠤᠨ ᠭᠤᠣᠯ ᠪᠣᠯᠭᠠᠭᠰᠠᠨ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠮᠡᠷᠭᠡᠵᠢᠯ ᠤᠨ ᠪᠦᠯᠬᠦᠮ ᠨᠢ | ᠠᠵᠢᠯ ᠲᠦᠷᠦᠯ ᠤᠨ ᠴᠠᠬᠢᠯᠭᠠᠨ ᠬᠠᠩᠭᠠᠯᠭ᠎ᠠ ᠶᠢᠨ ᠰᠢᠯᠤᠭᠤᠳᠬᠠᠬᠤ ᠮᠡᠷᠭᠡᠵᠢᠯ ᠤᠨ ᠬᠥᠭᠵᠢᠯᠲᠡ ᠶᠢ ᠬᠥᠲᠥᠯᠥᠨ | ᠳᠠᠭᠠᠭᠤᠯᠪᠠ︾᠃ ᠭᠡᠵᠦ ᠰᠢᠦᠢ ᠵᠢᠶᠦ᠋ᠨ ᠰᠢᠶᠠ ᠶᠢᠨ ᠲᠤᠬᠠᠢ ᠶᠢᠨ ᠵᠢᠯ ᠤᠨ ᠪᠠᠭᠰᠢ᠂ ᠤᠳᠤ ᠶᠢᠨ ᠪᠤᠭᠤᠲᠤ ᠶᠢᠨ | ᠬᠥᠩᠭᠡᠨ ᠴᠠᠭᠠᠨ ᠤ ᠦᠢᠯᠡᠰ ᠤᠨ ᠬᠥᠳᠡᠯᠭᠡᠭᠦ ᠬᠦᠴᠦᠨ ᠤ ᠦᠢᠯᠡᠳᠪᠦᠷᠢ ᠶᠢᠨ ᠳᠠᠷᠤᠭ᠎ᠠ ᠯᠢ ᠵᠢᠶᠠᠨ ᠶᠦᠩ ᠣᠮᠤᠭ | ᠪᠠᠭ᠋ᠠᠳᠤᠯ ᠲᠠᠢ ᠪᠠᠷ ᠬᠡᠯᠡᠪᠡ᠃ | | | | | | | ︽ᠰᠠᠯᠬᠢ︾ ᠶᠢ ᠬᠥᠭᠡᠭᠡᠵᠦ ︽ᠡᠳᠦᠷ︾ ᠢ ᠬᠥᠭᠡᠭᠡᠨ᠎ᠡ | ᠨᠣᠭᠤᠭᠠᠨ ᠴᠠᠬᠢᠯᠭᠠᠨ ᠤ ᠰᠢᠨ᠎ᠡ ᠵᠢᠷᠤᠭ ᠲᠥᠰᠥᠪ ᠢ ᠵᠢᠷᠤᠭᠯᠠᠶ᠎ᠠ | ᠰᠢᠦᠢ ᠵᠢᠶᠦ᠋ᠨ ᠰᠢᠶᠠ ᠬᠥᠩᠭᠡᠨ ᠴᠠᠭᠠᠨ ᠤ ᠠᠵᠢᠯ ᠲᠦᠷᠦᠯ ᠤᠨ ᠴᠠᠬᠢᠯᠭᠠᠨ ᠬᠦᠴᠦᠨ ᠤ ᠡᠨᠧᠷᠭᠢ ᠶᠢᠨ | ᠬᠦᠷᠢᠶᠡᠨ ᠳᠤ ᠢᠮᠠᠭᠲᠠ ᠡᠷᠡᠯᠬᠡᠭᠯᠡᠨ ᠲᠡᠮᠡᠴᠡᠵᠦ᠂ ᠣᠶᠢᠷ᠎ᠠ ᠶᠢᠨ ᠵᠢᠯ ᠠᠴᠠ᠂ ᠲᠡᠷᠡ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠠᠴᠠ ᠠᠵᠤ ᠠᠬᠤᠶᠢᠯᠠᠯ ᠳᠤ ᠣᠯᠭᠤᠭᠰᠠᠨ ᠥᠷᠢᠰᠦᠯᠳᠦᠭᠡᠨ ᠪᠣᠯᠣᠨ ᠠᠵᠠ ᠲᠣᠬᠢᠶᠠᠯ ᠢ | ᠤᠯᠠᠮ ᠠᠴᠠ ᠤᠯᠠᠮ ᠰᠡᠷᠡᠵᠦ ᠮᠡᠳᠡᠪᠡ᠂ ᠪᠠᠴᠢᠮ ᠲᠤᠯᠭᠠᠮ᠎ᠠ ᠪᠥᠭᠡᠳ ᠬᠠᠲᠠᠭᠤ ᠪᠡᠷᠬᠡᠰᠢᠶᠡᠯᠲᠡᠢ ︽ᠬᠤᠣᠰ | ᠨᠡᠭᠦᠷᠡᠰᠦᠲᠥ᠋ᠷᠥᠭᠴᠢ︾ ᠶᠢᠨ ᠡᠭᠦᠷᠭᠡ ᠶᠢᠨ ᠡᠮᠦᠨ᠎ᠡ᠂ ᠰᠢᠦᠢ ᠵᠢᠶᠦ᠋ᠨ ᠰᠢᠶᠠ ᠰᠢᠨ᠎ᠡ ᠬᠦᠨᠳᠦ ᠡᠭᠦᠷᠭᠡ ᠶᠢ ᠡᠭᠦᠷᠭᠡᠯᠡᠵᠦ | ᠠᠪᠤᠭᠰᠠᠨ ᠪᠠᠶᠢᠨ᠎ᠠ᠃ | ᠰᠢᠦᠢ ᠵᠢᠶᠦ᠋ᠨ ᠰᠢᠶᠠ ᠠᠵᠢᠯ ᠤᠨ ᠪᠦᠯᠬᠦᠮ ᠢᠶᠠᠨ ᠳᠠᠭᠠᠭᠤᠯᠤᠨ᠂ ᠠᠵᠤ ᠠᠬᠤᠶᠢᠯᠠᠯ ᠤᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠡᠨᠧᠷᠭᠢ ᠶᠢᠨ ᠬᠤᠷᠣᠭᠳᠠᠭᠤᠯᠤᠯ ᠢ ᠬᠤᠶᠠᠷ ᠢ ᠡᠵᠡᠮᠳᠡᠬᠦ | ᠠᠵᠢᠯ ᠤᠨ ᠣᠳᠣᠬᠢ ᠪᠠᠶᠢᠳᠠᠯ ᠪᠠ ᠵᠠᠮ ᠱᠤᠭᠤᠮ ᠤᠨ ᠵᠢᠷᠤᠭ ᠢ ᠭᠦᠨᠵᠡᠭᠡᠢ ᠰᠤᠳᠤᠯᠤᠨ ᠵᠠᠳᠠᠯᠵᠤ᠂ ᠡᠨᠧᠷᠭᠢ | ᠠᠷᠪᠢᠯᠠᠬᠤ ᠲᠥᠯᠦᠪᠵᠢᠭᠦᠯᠭᠡ ᠶᠢᠨ ᠲᠥᠷᠥᠯ ᠵᠦᠢᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠡᠷᠭᠢᠯᠡᠪᠡ᠃ | ᠲᠡᠷᠡ ᠲᠡᠭᠦᠨ ᠤ ᠪᠦᠯᠬᠦᠮ ᠲᠠᠢ ᠪᠠᠨ ᠤᠷᠢᠳ ᠬᠤᠵᠢᠳ ︽ᠴᠠᠬᠢᠯᠭᠠᠨ ᠵᠠᠳᠠᠯᠤᠯᠲᠠ ᠶᠢᠨ ᠣᠩᠭᠤᠴᠠᠨ ᠤ ᠪᠦᠷᠢᠨ ᠪᠠᠯ | ᠴᠢᠯᠠᠭᠤᠵᠢᠭᠰᠠᠨ ᠪᠢᠯᠢᠭ ᠲᠤᠶᠢᠯ ᠤᠨ ᠨᠡᠭᠦᠷᠡᠰᠦᠨ ᠬᠡᠰᠡᠭ ᠢ ᠹᠣᠰᠹᠣᠷ ᠤᠨ ᠰᠢᠷᠠᠮᠤ ᠲᠠᠢ ᠤᠶᠠᠯᠳᠤᠭᠤᠯᠤᠨ ᠴᠢᠳᠬᠤᠬᠤ︾ | ᠂ ︽ᠬᠡᠷᠡᠭᠯᠡᠭᠡᠨ ᠤ ᠥᠨᠳᠥᠷ ᠴᠠᠬᠢᠯᠭᠠᠨ ᠳᠠᠮᠵᠢᠭᠤᠯᠬᠤ ᠪᠣᠯᠣᠳ ᠰᠠᠪᠠᠭ᠎ᠠ ᠪᠣᠯᠣᠨ ᠪᠣᠯᠣᠳ ᠰᠠᠪᠠᠭ᠎ᠠ ᠶᠢᠨ ᠪᠦᠷᠢᠨ | ᠣᠭᠲᠣᠯᠣᠭᠠᠰᠤ ᠶᠢᠨ ᠠᠦ᠋ᠲ᠋ᠣ᠋ ᠭᠠᠩᠨᠠᠯᠲᠠ︾ ᠪᠣᠯᠣᠨ ︽ᠢᠯᠴᠢ ᠴᠠᠬᠢᠯᠭᠠᠨ ᠤ ᠦᠢᠯᠡᠳᠪᠦᠷᠢ ᠶᠢᠨ ᠠᠭᠤᠷ ᠤᠨ | ᠲᠦᠷᠪᠢᠨ ᠤ ᠤᠷᠤᠰᠬᠠᠯ ᠨᠡᠪᠲᠡᠷᠡᠭᠦᠯᠬᠦ ᠥᠭᠡᠷᠡᠴᠢᠯᠡᠯᠲᠡ︾ ᠵᠡᠷᠭᠡ ᠠᠯᠢ ᠤᠯᠠᠨ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢ ᠪᠡᠶᠡᠯᠡᠭᠦᠯᠪᠡ᠃ | ᠰᠢᠦᠢ ᠵᠢᠶᠦ᠋ᠨ ᠰᠢᠶᠠ ᠶᠡᠷᠦᠨᠢ ᠬᠥᠩᠭᠡᠨ ᠴᠠᠭᠠᠨ ᠤ ᠦᠢᠯᠡᠰ ᠢ ᠳᠠᠭᠠᠭᠠᠴᠢᠯᠠᠭᠰᠠᠳ ᠲᠠᠢ ᠠᠳᠠᠯᠢ ᠪᠠᠷ | ᠴᠠᠬᠢᠯᠭᠠᠨ ᠬᠦᠴᠦᠨ ᠳᠤ ᠲᠠᠯ᠎ᠠ ᠨᠤᠲᠤᠭ ᠤᠨ ᠥᠩᠭᠡ ᠶᠢ ᠡᠮᠦᠰᠬᠡᠵᠦ᠂ ᠪᠤᠭᠤᠲᠤ ᠶᠢᠨ ᠬᠥᠩᠭᠡᠨ ᠴᠠᠭᠠᠨ ᠤ | ᠦᠢᠯᠡᠰ ᠤᠨ ᠦᠢᠯᠡᠳᠪᠦᠷᠢᠯᠡᠯ ᠤᠨ ᠰᠤᠳᠠᠰᠤ ᠳᠤ ᠤᠷᠤᠰᠬᠠᠨ ᠣᠷᠣᠭᠤᠯᠬᠤ ᠬᠦᠰᠡᠯ ᠵᠡᠭᠦᠳᠦ ᠲᠠᠢ ᠪᠠᠶᠢᠳᠠᠭ᠂ ᠡᠨᠡ | ᠪᠣᠯ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠪᠦᠲᠦᠴᠡ ᠶᠢᠨ ᠬᠤᠪᠢᠷᠠᠯᠲᠠ ᠶᠢ ᠪᠡᠶᠡᠯᠡᠭᠦᠯᠬᠦ ᠦᠨᠳᠦᠰᠦᠨ ᠠᠴᠠ ᠨᠢ | ᠵᠠᠰᠠᠬᠤ ᠵᠠᠮ ᠪᠣᠯᠣᠨ᠎ᠠ᠃ᠪᠤᠰᠤᠳ ᠬᠥᠮᠥᠨ ᠲᠠᠢ ᠠᠳᠠᠯᠢ ᠦᠭᠡᠢ ᠨᠢ ᠭᠡᠪᠡᠯ᠂ ᠰᠢᠦᠢ ᠵᠢᠶᠦ᠋ᠨ ᠰᠢᠶᠠ ᠡᠨᠡ ᠬᠦ | ᠵᠡᠭᠦᠳᠦ ᠶᠢ ᠵᠣᠬᠢᠶᠠᠬᠤ ᠪᠠᠷ ᠪᠠᠷᠠᠬᠤ ᠦᠭᠡᠢ᠂ ᠨᠠᠩ ᠴᠤ ᠥᠪᠡᠷ ᠤᠨ ᠭᠠᠷ ᠢᠶᠠᠷ ᠢᠶᠠᠨ ᠡᠨᠡ ᠬᠦ ᠵᠡᠭᠦᠳᠦ ᠶᠢ | ᠲᠡᠷᠭᠡᠯᠰᠢᠭᠦᠯᠬᠦ ᠳᠤ ᠣᠷᠤᠯᠴᠠᠬᠤ ᠬᠡᠷᠡᠭᠲᠡᠢ᠃2019 ᠣᠨ ᠳᠤ ᠰᠢᠦᠢ ᠵᠢᠶᠦ᠋ᠨ ᠰᠢᠶᠠ︽ᠰᠠᠯᠬᠢ ᠰᠠᠯᠬᠢᠯᠠᠨ ᠡᠳᠦᠷ | ᠢᠷᠡᠬᠦᠶ᠎ᠡ ᠤᠷᠤᠭᠰᠢᠯᠠᠨ᠎ᠠ︾᠂ ᠬᠦᠰᠡᠯ ᠵᠡᠭᠦᠳᠦ ᠪᠠᠨ ᠲᠡᠷᠭᠡᠯᠰᠢᠭᠦᠯᠬᠦ︽ᠨᠣᠭᠤᠭᠠᠨ ᠴᠠᠬᠢᠯᠭᠠᠨ︾ ᠢ ᠡᠬᠢᠯᠡᠭᠦᠯᠵᠡᠢ᠃ | ︽ᠨᠣᠭᠤᠭᠠᠨ ᠴᠠᠬᠢᠯᠭᠠᠨ︾ ᠢ ᠬᠢᠬᠦ ᠳᠤ ᠲᠡᠶᠢᠮᠦ ᠠᠮᠠᠷᠬᠠᠨ ᠪᠢᠰᠢ ᠶᠤᠮ᠃ᠭᠦᠶᠠᠩ ᠰᠢᠶᠠᠨ ᠤ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ ᠶᠢᠨ ᠭᠠᠵᠠᠷ ᠰᠣᠩᠭᠤᠬᠤ ᠲᠤᠬᠠᠢ ᠶᠢᠨ ᠲᠠᠯᠠᠪᠠᠶ ᠳᠤ᠂ | ᠦᠷᠭᠦᠯᠵᠢᠯᠡᠭᠰᠡᠨ ᠠᠭᠤᠯᠠ ᠨᠢᠷᠤᠭᠤᠳ ᠤᠨ ᠲᠡᠷᠭᠡ ᠳᠠᠪᠬᠢᠬᠤ ᠶᠢᠨ ᠠᠷᠭ᠎ᠠ ᠦᠭᠡᠢ ᠪᠠᠶᠢᠪᠠ᠃ᠰᠢᠦᠢ ᠵᠢᠶᠦ᠋ᠨ | ᠰᠢᠶᠠ ᠪᠦᠯᠬᠦᠮ ᠲᠠᠢ ᠪᠠᠨ ᠨᠢᠭᠡ ᠵᠠᠮ ᠶᠠᠪᠠᠭᠠᠨ ᠢᠶᠠᠷ ᠶᠠᠪᠤᠵᠤ᠂ ᠬᠠᠭᠠᠰ ᠴᠠᠭ ᠭᠠᠷᠤᠢ ᠶᠠᠪᠤᠭᠠᠳ ᠰᠠᠶ᠋ᠢ ᠲᠡᠭᠦᠨ ᠤ | ᠳᠣᠲᠣᠷᠠᠬᠢ ᠨᠢᠭᠡ ᠠᠵᠢᠯ ᠤᠨ ᠲᠠᠯᠠᠪᠤᠷ ᠲᠤ ᠬᠦᠷᠴᠡᠢ᠂ ᠲᠡᠷᠡ ᠣᠯᠠᠨ ᠲᠠᠢ ᠬᠠᠮᠲᠤ ᠪᠠᠷ ᠬᠥᠬᠡ ᠵᠢᠷᠤᠭ ᠢ ᠳᠡᠯᠭᠡᠵᠦ᠂ | ᠲᠠᠯᠠᠪᠤᠷ ᠤᠨ ᠬᠠᠶᠢᠨ ᠰᠢᠨᠵᠢᠯᠡᠯᠲᠡ ᠬᠢᠵᠦ᠂ ᠰᠠᠯᠬᠢᠨ ᠤ ᠬᠤᠷᠳᠤᠴᠠ ᠶᠢ ᠬᠡᠮᠵᠢᠪᠡ᠃ᠳᠠᠷᠠᠭᠠᠪᠠᠷ ᠨᠢ ᠪᠠᠰᠠ | ᠳᠠᠷᠠᠭᠠᠴᠢ ᠶᠢᠨ ᠲᠠᠯᠠᠪᠤᠷ ᠲᠤ ᠰᠢᠯᠵᠢᠪᠡ᠂ ᠡᠶᠢᠮᠦᠷᠬᠦᠦ ᠲᠠᠯᠠᠪᠤᠷ ᠨᠢ ᠲᠤᠰ ᠰᠠᠯᠬᠢᠨ ᠤ ᠲᠠᠯᠠᠪᠤᠷ ᠲᠤ ᠠᠳᠠᠭ | ᠪᠠᠭ᠎ᠠ ᠳᠠᠭᠠᠨ ᠲᠠᠪᠤ ᠪᠠᠶᠢᠵᠤ᠂ ᠨᠢᠭᠡ ᠨᠢ ᠨᠢᠭᠡ ᠠᠴᠠ ᠪᠠᠨ ᠬᠤᠯᠠ ᠬᠦᠴᠢᠷ ᠪᠡᠷᠬᠡᠰᠢᠶᠡᠯ ᠲᠠᠢ ᠪᠠᠶᠢᠳᠠᠭ᠃ | ᠡᠨᠡ ᠵᠢᠯ ᠤᠨ 7 ᠰᠠᠷ᠎ᠠ ᠶᠢᠨ 25 ᠤ ᠡᠳᠦᠷ᠂ ︽ᠨᠣᠭᠤᠭᠠᠨ ᠴᠠᠬᠢᠯᠭᠠᠨ︾ ᠤ ᠬᠦᠰᠡᠯ ᠵᠡᠭᠦᠳᠦ ᠪᠤᠭᠤᠲᠤ ᠶᠢᠨ | ᠬᠥᠩᠭᠡᠨ ᠴᠠᠭᠠᠨ ᠤ ᠦᠢᠯᠡᠰ ᠲᠤ ᠨᠡᠪᠲᠡᠷᠡᠪᠡ᠃ᠬᠤᠸᠠ ᠶᠦᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ | ᠵᠦᠢᠯ ᠤᠨ ᠲᠦᠷᠦᠭᠦᠸ ᠪᠦᠯᠦᠭ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠡᠪᠡᠷ ︽ᠨᠣᠭᠤᠭᠠᠨ ᠴᠠᠬᠢᠯᠭᠠᠨ | ︾ ᠢ ᠴᠠᠬᠢᠯᠭᠠᠨ ᠵᠠᠳᠠᠯᠤᠯ ᠤᠨ ᠬᠥᠳᠡᠯᠭᠡᠭᠦ ᠬᠦᠴᠦᠨ ᠤ ᠴᠠᠬᠢᠯᠭᠠᠨ ᠤ ᠰᠢᠰᠲ᠋ᠧᠮ ᠳᠤ ᠬᠦᠷᠭᠡᠪᠡ᠃ | | | | | | ᠦᠨᠡᠨ ᠪᠣᠳᠠᠲᠠᠢ ᠪᠠᠷ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ | ᠨᠠᠮ ᠤᠨ ᠪᠠᠶᠢᠭᠤᠯᠤᠯᠲᠠ ᠶᠢ ᠤᠶᠠᠯᠳᠤᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | 27 ᠵᠢᠯ ᠠᠵᠢᠯᠯᠠᠵᠤ᠂ ᠨᠠᠮ ᠳᠤ ᠣᠷᠣᠭᠰᠠᠨ 27 ᠵᠢᠯ ᠳᠤ᠂ ᠰᠢᠦᠢ ᠵᠢᠶᠦ᠋ᠨ ᠰᠢᠶᠠ ᠡᠪ ᠬᠠᠮᠲᠤ ᠨᠠᠮ ᠤᠨ | ᠭᠡᠰᠢᠭᠦᠨ ᠤ ᠤᠯᠤᠰ ᠲᠦᠷᠦ ᠶᠢᠨ ᠣᠣᠷ ᠴᠢᠨᠠᠷ ᠪᠣᠯᠣᠨ ᠰᠢᠯᠢᠳᠡᠭ ᠤᠯᠠᠮᠵᠢᠯᠠᠯ ᠢ ᠥᠪᠡᠷ ᠤᠨ ᠠᠮᠢᠳᠤᠷᠠᠯ ᠤᠨ ᠣᠣᠷ | ᠥᠩᠭᠡ ᠪᠠᠨ ᠪᠣᠯᠭᠠᠪᠠ᠃ᠰᠢᠦᠢ ᠵᠢᠶᠦ᠋ᠨ ᠰᠢᠶᠠ ᠦᠷᠭᠦᠯᠵᠢ᠄ ︽ᠱᠦᠵᠢ ᠪᠣᠯᠬᠤ ᠭᠡᠪᠡᠯ ᠳᠠᠭᠤᠷᠢᠶᠠᠯ ᠦᠵᠡᠭᠦᠯᠬᠦ | ᠬᠡᠷᠡᠭᠲᠡᠢ᠂ ᠠᠵᠢᠯᠯᠠᠬᠤ ᠭᠡᠪᠡᠯ ᠪᠣᠳᠠᠲᠠᠢ ᠪᠦᠲᠦᠮᠵᠢ ᠭᠠᠷᠭᠠᠬᠤ ᠬᠡᠷᠡᠭᠲᠡᠢ︾ ᠭᠡᠵᠦ ᠬᠡᠯᠡᠳᠡᠭ᠃ | ᠰᠢᠦᠢ ᠵᠢᠶᠦ᠋ᠨ ᠰᠢᠶᠠ ᠢᠮᠠᠭᠲᠠ ᠪᠣᠳᠠᠲᠠᠢ ᠠᠵᠢᠯᠯᠠᠬᠤ ᠡᠷᠴᠢ ᠵᠣᠷᠢᠭ ᠢᠶᠠᠷ ᠡᠩᠨᠡᠭᠡ ᠪᠠᠨ ᠳᠠᠭᠠᠭᠤᠯᠵᠤ᠂ | ᠨᠠᠮ ᠤᠨ ᠪᠠᠶᠢᠭᠤᠯᠤᠯᠲᠠ ᠶᠢ ᠠᠳᠬᠤᠪᠠ᠃︽ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠬᠤᠣᠰ | ᠴᠢᠭᠯᠡᠯ ᠤᠨ ᠠᠭᠤᠰᠤᠯᠴᠠᠯ ᠢ ᠰᠠᠶᠢᠲᠤᠷ ᠬᠢᠬᠦ ᠳᠤ ᠨᠡᠮᠡᠬᠦ ᠦᠢᠯᠡᠳᠦᠯ ᠢ ᠬᠡᠷᠡᠭᠵᠢᠭᠦᠯᠬᠦ ᠪᠠᠷ ᠪᠠᠷᠠᠬᠤ ᠦᠭᠡᠢ ᠨᠡᠩ ᠴᠤ | ᠦᠷᠡᠵᠢᠭᠦᠯᠬᠦ ᠦᠢᠯᠡᠳᠦᠯ ᠢ ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ ᠬᠥᠨᠳᠡᠯᠡᠨ | ᠭᠤᠯᠳᠤ ᠰᠣᠯᠪᠢᠴᠠᠯ ᠤᠨ ᠲᠣᠣᠷᠵᠢᠯ ᠪᠣᠯᠭᠠᠨ ᠰᠦᠯᠵᠢᠵᠦ᠂ ᠤᠷᠲᠤᠷᠢᠭ ᠱᠤᠭᠤᠮ ᠥᠷᠭᠡᠷᠢᠭ ᠤᠨ ᠱᠤᠭᠤᠮ ᠤᠨ | ᠰᠣᠯᠪᠢᠴᠠᠯ ᠴᠡᠭ ᠢ ᠬᠠᠷᠢᠯᠴᠠᠨ ᠦᠷᠡᠵᠢᠭᠦᠯᠵᠦ᠂ ᠡᠯ᠎ᠡ ᠵᠦᠢᠯ ᠤᠨ ᠠᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠮᠵᠢ | ᠣᠯᠬᠤ ᠶᠢ ᠲᠠᠶᠢᠴᠢᠯᠠᠵᠦ᠂ ︿ᠨᠠᠮ ᠤᠨ ᠪᠠᠶᠢᠭᠤᠯᠤᠯᠲᠠ ᠴᠢᠩᠭ᠎ᠠ ᠰᠢᠭ᠋ ᠪᠠᠶᠢᠪᠠᠯ ᠦᠷ᠎ᠡ ᠪᠦᠲᠦᠮᠵᠢ ᠨᠢ ᠠᠷᠪᠠᠨ ᠬᠤᠪᠢ | ᠳᠡᠭᠡᠭᠰᠢᠯᠡᠬᠦ﹀ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ︾᠃ ᠭᠡᠵᠦ ᠰᠢᠦᠢ ᠵᠢᠶᠦ᠋ᠨ ᠰᠢᠶᠠ ᠬᠡᠯᠡᠪᠡ᠃ | 2022 ᠣᠨ ᠳᠤ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠨ︽ᠳᠤᠯᠤᠭ᠎ᠠ ᠶᠢ ᠳᠡᠭᠡᠭᠰᠢᠯᠡᠭᠦᠯᠵᠦ | ᠳᠤᠯᠤᠭ᠎ᠠ ᠶᠢ ᠪᠠᠭᠤᠷᠠᠭᠤᠯᠬᠤ︾ᠭᠤᠣᠯᠳᠠᠯᠭ᠎ᠠ ᠲᠠᠢ ᠠᠵᠢᠯ ᠢ ᠳᠤᠷᠠᠳᠴᠠᠢ᠂ ᠡᠭᠦᠨ ᠳᠤ ᠵᠡᠪᠰᠡᠭ ᠲᠣᠨᠣᠭᠯᠠᠯ ᠤᠨ | ᠡᠨᠧᠷᠭᠢ ᠶᠢᠨ ᠶᠠᠮᠤᠨ ᠳᠤ ᠬᠤᠯᠪᠣᠭᠳᠠᠨ᠎ᠠ᠂ ᠡᠨᠡ ᠨᠢ ᠳᠠᠷᠤᠢ ︽ᠵᠠᠯᠠᠭᠤᠷ ᠪᠠᠭᠠᠨ᠎ᠠ ᠶᠢ ᠰᠡᠯᠪᠢᠨ ᠵᠠᠰᠠᠬᠤ ᠵᠠᠷᠤᠳᠠᠯ ᠢ | ᠪᠠᠭᠤᠷᠠᠭᠤᠯᠬᠤ︾ᠶᠠᠪᠤᠳᠠᠯ ᠪᠣᠯᠣᠨ᠎ᠠ᠃ᠰᠢᠦᠢ ᠵᠢᠶᠦ᠋ᠨ ᠰᠢᠶᠠ ᠡᠨᠡ ᠠᠵᠢᠯ ᠢ ᠬᠤᠪᠢᠳᠠᠨ ᠬᠠᠮᠢᠶᠠᠷᠤᠭᠰᠠᠨ ᠦᠭᠡᠢ᠂ | ᠭᠡᠪᠡᠴᠦ ᠨᠠᠮ ᠤᠨ ᠡᠭᠦᠷ ᠲᠤ ᠠᠪᠴᠤ ᠬᠡᠯᠡᠪᠡᠯ᠂ ᠡᠨᠡ ᠪᠣᠯ ᠨᠢᠭᠡᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ᠲᠡᠷᠡ ᠡᠨᠡ | ᠬᠦ ᠠᠵᠢᠯ ᠢ ︽ᠬᠤᠶᠠᠷ ᠢ ᠳᠠᠶᠢᠴᠢᠯᠠᠵᠤ ᠬᠤᠶᠠᠷ ᠢ ᠡᠭᠦᠳᠬᠦ︾ ᠠᠵᠢᠯᠯᠠᠭ᠎ᠠ ᠶᠢᠨ ᠳᠦᠷᠦᠯ ᠵᠦᠢᠯ ᠢᠶᠠᠷ ᠲᠣᠭᠲᠠᠭᠠᠵᠤ᠂ | ᠲᠤᠰᠬᠠᠢ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠨᠠᠮ ᠤᠨ ᠡᠭᠦᠷ ᠤᠨ | ᠳᠣᠲᠣᠷᠠᠬᠢ ᠮᠡᠷᠭᠡᠵᠢᠯ ᠤᠨ ᠭᠤᠣᠯᠯᠠᠭᠴᠢ ᠬᠦᠴᠦᠨ ᠲᠠᠢ ᠬᠠᠮᠲᠤ ᠪᠠᠷ ᠪᠡᠷᠬᠡ ᠰᠡᠳᠦᠪ ᠢ ᠰᠢᠢᠳᠪᠦᠷᠢᠯᠡᠪᠡ᠃ | 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠵᠠᠯᠠᠭᠤᠷ | ᠪᠠᠭᠠᠨ᠎ᠠ ᠶᠢᠨ ᠰᠡᠯᠪᠢᠨ ᠵᠠᠰᠠᠬᠤ ᠵᠠᠷᠤᠳᠠᠯ ᠢ 600 ᠲᠦᠮᠡᠨ ᠲᠥᠭᠦᠷᠢᠭ ᠪᠠᠭᠤᠷᠠᠭᠤᠯᠤᠨ᠎ᠠ᠃ᠡᠨᠡ ᠵᠢᠯ ᠤᠨ ︽ | ᠬᠤᠶᠠᠷ ᠢ ᠳᠠᠶᠢᠴᠢᠯᠠᠵᠤ ᠬᠤᠶᠠᠷ ᠢ ᠡᠭᠦᠳᠬᠦ︾ ᠠᠵᠢᠯᠯᠠᠭ᠎ᠠ ᠳᠤᠮᠳᠠ᠂ ᠲᠣᠨᠣᠭᠯᠠᠯ ᠤᠨ ᠡᠨᠧᠷᠭᠢ ᠶᠢᠨ ᠨᠠᠮ ᠤᠨ | ᠡᠭᠦᠷ︽400 ᠺᠢᠯᠣ᠋ ᠠᠮᠥᠲᠷ᠂ 500 ᠺᠢᠯᠣ᠋ ᠠᠮᠥᠲᠷ ᠤᠨ ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠭᠦᠨ | ᠡᠨᠧᠷᠭᠢ ᠠᠷᠪᠢᠯᠠᠬᠤ ᠬᠤᠷᠠᠮᠠᠯ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ︾ᠲᠦᠷᠦᠯ ᠵᠦᠢᠯ ᠢ ᠲᠦᠷᠦᠯ ᠵᠦᠢᠯ | ᠪᠣᠯᠭᠠᠬᠤ ᠪᠠᠷ ᠭᠤᠶᠤᠴᠢᠯᠠᠵᠤ᠂ ᠰᠢᠦᠢ ᠵᠢᠶᠦ᠋ᠨ ᠰᠢᠶᠠ ᠨᠠᠮ ᠤᠨ ᠭᠡᠰᠢᠭᠦᠨ ᠤ ᠪᠣᠭᠤᠮᠲᠠ ᠰᠢᠪᠲᠤᠯᠬᠤ ᠪᠦᠯᠬᠦᠮ ᠢ | ᠳᠠᠭᠠᠭᠤᠯᠤᠨ ᠨᠢᠭᠡᠳᠦᠭᠡᠷ ᠹᠷᠣᠨᠲ ᠲᠤ ᠬᠦᠷᠴᠦ᠂ ᠨᠢᠭᠡᠳᠦᠭᠡᠷ ᠹᠷᠣᠨᠲ ᠢ ᠠᠵᠢᠭᠯᠠᠵᠤ᠂ 400 ᠺᠢᠯᠣ᠋ ᠠᠮᠥᠲᠷ᠂ 500 | ᠺᠢᠯᠣ᠋ ᠠᠮᠥᠲᠷ ᠤᠨ ᠰᠢᠨ᠎ᠡ ᠪᠠᠷ ᠡᠬᠢᠯᠡᠭᠦᠯᠦᠭᠰᠡᠨ ᠴᠠᠬᠢᠯᠭᠠᠨ ᠵᠠᠳᠠᠯᠤᠯᠲᠠ ᠶᠢᠨ ᠣᠩᠭᠤᠴᠠ ᠳᠤ ᠡᠯ᠎ᠡ ᠵᠦᠢᠯ ᠤᠨ | ᠲᠤᠷᠰᠢᠯᠲᠠ ᠶᠢᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠣᠳᠣᠬᠠᠨ ᠳᠤ ᠬᠡᠰᠡᠭ ᠴᠠᠬᠢᠯᠭᠠᠨ ᠵᠠᠳᠠᠯᠤᠯᠲᠠ ᠶᠢᠨ | ᠣᠩᠭᠤᠴᠠ ᠨᠢᠭᠡᠨᠲᠡ ᠬᠡᠪ ᠤᠨ ᠬᠤᠭᠤᠴᠠᠭᠠᠨ ᠳᠠᠭᠠᠨ ᠣᠷᠣᠵᠤ᠂ ᠴᠠᠬᠢᠯᠭᠠᠨ ᠠᠷᠪᠢᠯᠠᠬᠤ ᠦᠷ᠎ᠡ ᠪᠦᠲᠦᠮᠵᠢ | ᠢᠯᠡᠳᠲᠡ ᠪᠣᠯᠵᠠᠢ᠃ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠠᠴᠠ ᠡᠬᠢᠯᠡᠨ ᠠᠵᠢᠯᠯᠠᠵᠤ᠂ ᠡᠳᠦᠭᠡ ᠨᠠᠮ ᠤᠨ ᠬᠤᠷᠢᠳᠤᠭᠠᠷ | ᠶᠡᠭᠡ ᠬᠤᠷᠠᠯ ᠤᠨ ᠲᠥᠯᠥᠭᠡᠯᠡᠭᠴᠢ ᠪᠣᠯᠪᠠ᠂ ᠰᠢᠦᠢ ᠵᠢᠶᠦ᠋ᠨ ᠰᠢᠶᠠ᠄ ︽ᠪᠢ ᠡᠭᠦᠷᠭᠡ ᠬᠠᠷᠢᠭᠤᠴᠠᠯᠭ᠎ᠠ ᠪᠠᠨ | ᠭᠤᠲᠤᠭᠠᠬᠤ ᠦᠭᠡᠢ ᠪᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠨᠣᠰᠴᠤ᠂ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ᠃ | ᠬᠠᠷᠢᠵᠤ ᠢᠷᠡᠭᠰᠡᠨ ᠤ ᠪᠠᠨ ᠳᠠᠷᠠᠭ᠎ᠠ ᠶᠡᠭᠡ ᠬᠤᠷᠠᠯ ᠤᠨ ᠵᠣᠷᠢᠭ ᠰᠠᠨᠠᠭ᠎ᠠ ᠶᠢ ᠶᠡᠬᠡᠪᠡᠷ ᠤᠬᠠᠭᠤᠯᠤᠨ | ᠲᠠᠶᠢᠯᠪᠤᠷᠢᠯᠠᠬᠤ ᠶᠢᠨ ᠬᠠᠮᠲᠤ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠪᠡᠶ᠎ᠡ ᠪᠠᠷ ᠢᠶᠠᠨ | ᠬᠡᠷᠡᠭᠵᠢᠭᠦᠯᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠨᠠᠮ ᠤᠨ ᠭᠡᠰᠢᠭᠦᠨ ᠤᠯᠠᠨ ᠲᠦᠮᠡᠨ ᠲᠠᠢ | ᠬᠠᠮᠲᠤᠪᠠᠷ ᠳᠤᠮᠳᠠᠳᠤ ᠤᠯᠤᠰ ᠤᠨ ᠬᠥᠩᠭᠡᠨ ᠴᠠᠭᠠᠨ ᠤ ᠪᠦᠯᠦᠭᠯᠡᠯ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︾ᠭᠡᠵᠦ ᠬᠡᠯᠡᠪᠡ᠃ | | | | |