︽ᠨᠠᠮ ᠪᠠᠶᠢᠬᠤ ᠶᠢᠨ ᠳᠤᠮᠳᠠ ᠬᠥᠳᠡᠯᠦᠨ᠎ᠡ!︾ ᠭᠡᠵᠦ  ᠪᠤᠭᠤᠲᠤ ᠬᠤᠲᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠮᠣᠷᠢᠨ ᠬᠦᠴᠦ ᠭᠦᠢᠴᠡᠳ
ᠨᠡᠶᠢᠲᠡᠯᠡᠭᠰᠡᠨ ᠴᠠᠭ᠄
2022/10/17
ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭ᠎ᠠᠨᠠᠮ ᠵᠢᠮ ᠰᠠᠭᠤᠭᠠᠯᠢ ᠠᠷᠠᠳ ᠤᠨ ᠲᠣᠭᠤᠷᠢᠭ ᠤᠨ ᠭᠠᠳᠠᠨ᠎ᠠᠪᠥᠬᠦ ᠬᠤᠲᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ︽ᠲᠠᠶᠢᠪᠤᠩ︾ ᠪᠠᠶᠢᠳᠠᠯ ᠤᠨ ᠳᠤᠮᠳᠠ ︽ᠬᠥᠳᠡᠯᠬᠦ ︾ ᠪᠠᠶᠢᠳᠠᠯ ᠢᠯᠡᠷᠡᠵᠦ ᠪᠠᠶᠢᠨ᠎ᠠᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠮᠥᠨ ᠯᠡ ᠬᠦᠷ ᠬᠥᠭᠵᠢᠶᠡᠨ ᠲᠠᠢ ᠪᠠᠶᠢᠭᠰᠠᠭᠠᠷᠡᠳ᠋ ᠪᠣᠳᠠᠰ ᠤᠨ ᠲᠡᠭᠡᠭᠡᠪᠦᠷᠢ ᠶᠢ ᠵᠣᠭᠰᠤᠭ᠎ᠠ ᠵᠢᠯᠣᠭᠤ ᠦᠭᠡᠢ ᠬᠢᠬᠦ
ᠬᠥᠩᠭᠡᠨ ᠴᠠᠭᠠᠨ ᠤ ᠶᠡᠭᠡ ᠬᠡᠮᠵᠢᠶᠡᠨ ᠤ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠤᠨ ᠪᠣᠭᠤᠳᠠᠯ      ᠲᠦᠭᠦᠬᠡᠢ ᠡᠳ᠋ ᠮᠠᠲ᠋ᠧᠷᠢᠶᠠᠯ ᠪᠠ ᠲᠡᠭᠡᠭᠡᠪᠦᠷᠢ ᠪᠣᠯ ᠠᠵᠤ ᠠᠬᠤᠶᠢᠯᠠᠯ ᠤᠨ ᠦᠢᠯᠡᠳᠪᠦᠷᠢᠯᠡᠯ ᠤᠨ ︽ᠠᠮᠢᠨ ᠰᠤᠳᠠᠰᠤ︾ ᠮᠥᠨ᠃ᠣᠶᠢᠷ᠎ᠠ ᠶᠢᠨ ᠡᠳᠦᠷ ᠤᠳ ᠲᠤ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠡᠵᠡᠩᠨᠡᠨ ᠪᠣᠷᠣᠯᠠᠭᠤᠯᠬᠤ ᠲᠥᠪ ᠤᠨ ᠬᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠨ ᠬᠡᠷᠡᠭᠵᠢᠭᠦᠯᠵᠦ᠂ ᠭᠤᠣᠯᠯᠠᠭᠴᠢ ᠬᠥᠮᠥᠰ ᠢ ᠵᠣᠬᠢᠶᠠᠨ ᠪᠠᠶᠢᠭᠤᠯᠤᠨ ᠦᠢᠯᠡᠳᠪᠦᠷᠢ ᠳᠤ ᠰᠠᠭᠤᠯᠭᠠᠨ ᠠᠵᠢᠯᠯᠠᠭᠤᠯᠵᠤ᠂ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠵᠤ᠂ ᠲᠥᠷᠥᠯ ᠬᠤᠪᠢᠶᠠᠨ ᠲᠠᠰ ᠬᠤᠪᠢᠶᠠᠨ ᠠᠷᠭᠠᠴᠠᠬᠤ ᠠᠷᠭ᠎ᠠ ᠬᠡᠮᠵᠢᠶ᠎ᠡ ᠠᠪᠴᠤ᠂ ︽ᠣᠷᠣᠭᠤᠯᠬᠤ︾᠂ ︽ᠭᠠᠷᠭᠠᠬᠤ︾ ᠬᠤᠶᠠᠷ ᠲᠠᠯ᠎ᠠ ᠶᠢ ᠴᠢᠩᠭ᠎ᠠ ᠠᠳᠬᠤᠵᠤ᠂ ᠴᠠᠬᠢᠯᠭᠠᠨ ᠨᠡᠭᠦᠷᠡᠰᠦ᠂ ᠬᠥᠩᠭᠡᠨ ᠴᠠᠭᠠᠨ ᠤ ᠢᠰᠦᠯ᠂ ᠨᠡᠭᠦᠷᠡᠰᠦᠲᠥ᠋ᠷᠥᠭᠴᠢ ᠶᠢᠨ ᠬᠡᠰᠡᠭ ᠵᠡᠷᠭᠡ ᠶᠡᠭᠡ ᠬᠡᠮᠵᠢᠶᠡᠨ ᠤ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠢ ᠴᠠᠭ ᠲᠤᠬᠠᠢ ᠳᠤᠨᠢ ᠪᠥᠬᠦ ᠲᠠᠯ᠎ᠠ ᠪᠠᠷ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ ᠤᠤᠯ ᠤᠨ ᠬᠥᠩᠭᠡᠨ ᠴᠠᠭᠠᠨ᠂ ᠬᠥᠩᠭᠡᠨ ᠴᠠᠭᠠᠨ ᠤ ᠦᠢᠯᠡᠳᠬᠦᠨ ᠵᠢᠴᠢ ᠠᠶᠤᠯᠲᠠᠢ ᠬᠠᠶᠠᠭᠳᠠᠮᠠᠯ ᠪᠣᠳᠠᠰ ᠢ ᠭᠠᠳᠠᠭᠰᠢ ᠪᠣᠷᠣᠯᠠᠭᠤᠯᠵᠤ ᠭᠠᠳᠠᠭᠰᠢ ᠲᠡᠭᠡᠭᠡᠪᠦᠷᠢᠯᠡᠬᠦ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃      ᠬᠢᠵᠢᠭ ᠤᠨ ᠪᠠᠶᠢᠳᠠᠯ ᠡᠭᠦᠰᠦᠭᠰᠡᠨ ᠤ ᠲᠠᠷᠠᠭ᠎ᠠ᠂ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠢ ᠲᠠᠰᠤᠷᠠᠯᠳᠠ ᠦᠭᠡᠢ ᠬᠠᠩᠭᠠᠬᠤ ᠶᠢ ᠪᠠᠲᠤᠯᠠᠬᠤ ᠶᠢᠨ ᠲᠥᠯᠥᠭᠡ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠡᠵᠡᠩᠨᠡᠨ ᠪᠣᠷᠣᠯᠠᠭᠤᠯᠬᠤ ᠲᠥᠪ ᠠᠴᠠ ᠳᠤᠮᠳᠠᠳᠤ ᠤᠯᠤᠰ ᠤᠨ ᠬᠥᠩᠭᠡᠨ ᠴᠠᠭᠠᠨ ᠤ ᠦᠢᠯᠡᠰ ᠤᠨ ᠶᠡᠷᠦᠩᠬᠡᠢ ᠬᠡᠯᠲᠡᠰ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠡᠯᠲᠡᠰ ᠲᠠᠢ ᠢᠳᠡᠪᠬᠢᠲᠡᠢ ᠵᠣᠯᠭᠠᠭᠤᠯᠵᠤ᠂ ᠳᠤᠮᠳᠠᠳᠤ ᠤᠯᠤᠰ ᠤᠨ ᠬᠥᠩᠭᠡᠨ ᠴᠠᠭᠠᠨ ᠤ ᠤᠯᠤᠰ ᠤᠨ ᠠᠷᠠᠯᠵᠢᠶ᠎ᠠ᠂ ᠡᠳ᠋ ᠪᠣᠳᠠᠰ᠂ ᠪᠠᠷᠠᠭᠠᠨ ᠤ ᠭᠦᠢᠯᠭᠡᠭᠡ ᠵᠡᠷᠭᠡ ᠭᠤᠷᠪᠠᠨ ᠶᠡᠭᠡ ᠲᠠᠪᠴᠠᠩ ᠢ ᠵᠣᠬᠢᠴᠠᠭᠤᠯᠵᠤ᠂ ᠬᠥᠩᠭᠡᠨ ᠴᠠᠭᠠᠨ ᠤ ᠢᠰᠦᠯ ᠤᠨ ᠲᠦᠭᠦᠬᠡᠢ ᠮᠠᠲ᠋ᠧᠷᠢᠶᠠᠯ ᠤᠨ ᠢᠷᠡᠯᠲᠡ ᠶᠢᠨ ᠬᠠᠨᠳᠤᠰᠢ ᠶᠢ ᠨᠡᠮᠡᠭᠳᠡᠭᠦᠯᠵᠦ᠂ ᠱᠠᠨ ᠰᠢ ᠣᠷᠣᠨ ᠤ ᠬᠥᠩᠭᠡᠨ ᠴᠠᠭᠠᠨ ᠤ ᠢᠰᠦᠯ ᠤᠨ ᠲᠦᠭᠦᠬᠡᠢ ᠮᠠᠲ᠋ᠧᠷᠢᠶᠠᠯ ᠢ ᠵᠣᠬᠢᠴᠠᠭᠤᠯᠬᠤ ᠶᠢᠨ ᠬᠠᠮᠲᠤ ᠪᠠᠰᠠ ᠱᠠᠨᠳᠦ᠋ᠩ᠂ ᠾᠧᠨᠠᠨ ᠵᠡᠷᠭᠡ ᠭᠠᠵᠠᠷ ᠤᠨ ᠬᠠᠩᠭᠠᠯᠭ᠎ᠠ ᠶᠢᠨ ᠬᠡᠮᠵᠢᠶ᠎ᠡ ᠳᠤ ᠲᠣᠬᠢᠷᠠᠭᠤᠯᠤᠯᠲᠠ ᠬᠢᠵᠡᠢ᠃ᠬᠤᠯᠠ ᠵᠠᠮ ᠤᠨ ᠲᠦᠭᠦᠬᠡᠢ ᠮᠠᠲ᠋ᠧᠷᠢᠶᠠᠯ ᠢ ᠴᠠᠭ ᠲᠠᠭᠠᠨ ᠬᠦᠷᠭᠡᠵᠦ ᠢᠷᠡᠬᠦ ᠶᠢ ᠪᠠᠲᠤᠯᠠᠬᠤ ᠶᠢᠨ ᠲᠥᠯᠥᠭᠡ᠂ ᠪᠣᠷᠤᠯᠠᠭᠤᠯᠭ᠎ᠠ ᠶᠢᠨ ᠲᠥᠪ ᠠᠴᠠ ᠨᠢᠭᠡ ᠲᠠᠯ᠎ᠠ ᠪᠠᠷ ᠲᠡᠮᠦᠷ ᠵᠠᠮ ᠤᠨ ᠱᠤᠭᠤᠮ ᠢ ᠵᠣᠬᠢᠴᠠᠭᠤᠯᠵᠤ᠂ ᠨᠥᠭᠦᠭᠡ ᠲᠠᠯ᠎ᠠ ᠪᠠᠷ ᠮᠠᠰᠢᠨ ᠲᠡᠷᠭᠡᠨ ᠤ ᠲᠡᠭᠡᠭᠡᠪᠦᠷᠢ ᠶᠢᠨ ᠵᠠᠷᠤᠳᠠᠯ ᠢ ᠨᠡᠮᠡᠭᠳᠡᠭᠦᠯᠵᠦ᠂ ᠣᠯᠠᠨ ᠲᠠᠯ᠎ᠠ ᠠᠴᠠ ᠮᠠᠰᠢᠨ ᠲᠡᠷᠭᠡᠨ ᠤ ᠢᠷᠡᠯᠲᠡ ᠶᠢ ᠡᠷᠢᠵᠦ᠂ ᠲᠡᠭᠡᠭᠡᠪᠦᠷᠢ ᠶᠢᠨ ᠱᠤᠭᠤᠮ ᠢ ᠰᠢᠯᠢᠳᠡᠭᠵᠢᠭᠦᠯᠦᠨ᠂ ᠮᠠᠰᠢᠨ ᠲᠡᠷᠭᠡᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃      ᠡᠭᠦᠨ ᠠᠴᠠ ᠭᠠᠳᠠᠨ᠎ᠠ᠂ ᠵᠠᠷᠢᠮ ᠣᠶᠢᠷ᠎ᠠ ᠵᠠᠮ ᠤᠨ ᠦᠢᠯᠡᠳᠪᠦᠷᠢᠯᠡᠯ ᠤᠨ ᠬᠡᠷᠡᠭᠰᠡᠯ ᠢ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠡᠵᠡᠩᠨᠡᠨ ᠪᠣᠷᠣᠯᠠᠭᠤᠯᠬᠤ ᠲᠥᠪ ᠤᠨ ᠠᠵᠢᠯᠲᠠᠨ ᠨᠠᠷᠢᠨ ᠲᠠᠩᠰᠠ ᠭᠠᠷᠭᠠᠵᠤ᠂ ᠳᠡᠭᠡᠳᠦ ᠤᠷᠤᠰᠬᠠᠯ ᠤᠨ ᠠᠵᠤ ᠠᠬᠤᠶᠢᠯᠠᠯ ᠲᠠᠢ ᠨᠢᠭᠡ ᠨᠢᠭᠡ ᠡᠷᠦᠬᠡ ᠪᠠᠷ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠪᠠᠰᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠵᠣᠬᠢᠴᠠᠭᠤᠯᠤᠨ ᠨᠡᠪᠲᠡᠷᠡᠯᠴᠡᠵᠦ᠂ ᠬᠥᠩᠭᠡᠨᠴᠠᠭᠠᠨ ᠢ ᠳᠠᠭᠠᠭᠠᠴᠢᠯᠠᠨ ᠨᠡᠭᠦᠷᠡᠰᠦ ᠲᠡᠭᠡᠭᠡᠬᠦ ᠲᠡᠷᠭᠡ ᠬᠥᠰᠬᠡ ᠳᠤ ᠲᠤᠰᠬᠠᠢ ᠨᠡᠪᠲᠡᠷᠡᠬᠦ ᠦᠨᠡᠮᠯᠡᠯ ᠲᠣᠬᠢᠷᠠᠭᠤᠯᠵᠤ᠂ ᠴᠠᠬᠢᠯᠭᠠᠨ ᠭᠠᠷᠭᠠᠬᠤ ᠨᠡᠭᠦᠷᠡᠰᠦᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠬᠦᠴᠦᠲᠡᠢ ᠪᠠᠲᠤᠯᠠᠭᠰᠠᠨ ᠢᠶᠠᠷ ᠪᠠᠷᠠᠬᠤ ᠦᠭᠡᠢ᠂ ᠡᠳᠦᠷ ᠪᠦᠷᠢ ᠶᠢᠨ ᠴᠠᠬᠢᠯᠭᠠᠨ ᠭᠠᠷᠭᠠᠬᠤ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠴᠠᠬᠢᠯᠭᠠᠨ ᠭᠠᠷᠭᠠᠬᠤ ᠨᠡᠭᠦᠷᠡᠰᠦᠨ ᠤ ᠬᠥᠮᠥᠷᠭᠡ ᠶᠢᠨ ᠬᠠᠳᠠᠭᠠᠯᠠᠯᠲᠠ ᠶᠢ ᠴᠤ ᠪᠦᠲᠦᠮᠵᠢᠲᠡᠶ ᠪᠠᠲᠤᠯᠠᠭᠰᠠᠨ ᠪᠠᠶᠢᠨ᠎ᠠ᠃
ᠠᠯᠲᠠᠨ  ᠪᠤᠭᠤᠲᠤ  ᠶᠢᠨ ᠲᠣᠰᠣᠨ ᠤ ᠦᠢᠯᠡᠳᠪᠦᠷᠢᠯᠡᠯ ᠤᠨ ᠱᠤᠭᠤᠮ ᠳᠡᠭᠡᠷᠡᠬᠢ ᠢᠳᠡᠰᠢᠨ ᠲᠣᠰᠣ ᠶᠢ ᠠᠪᠳᠠᠷ᠎ᠠ ᠳᠤ ᠰᠠᠪᠠᠯᠠᠵᠤ ᠰᠦᠯᠵᠢᠶᠡᠨ ᠠᠴᠠ ᠪᠠᠭᠤᠯᠭᠠᠬᠤ ᠪᠠᠷ ᠪᠠᠶᠢᠨ᠎ᠠ᠃      ︽ᠠᠮᠤ ᠪᠤᠳᠠᠭ᠎ᠠ ᠡᠯᠪᠡᠭ ᠳᠡᠯᠪᠡᠭ ᠪᠣᠯᠪᠠᠰᠤ ᠠᠷᠠᠳ ᠤᠨ ᠰᠡᠳᠬᠢᠯ ᠠᠮᠤᠭᠤᠯᠠᠩ ᠪᠣᠯᠣᠮᠤᠢ︾᠃ᠥᠪᠥᠷ ᠮᠣᠩᠭᠤᠯ ᠪᠣᠯᠣᠨ ᠪᠤᠭᠤᠲᠤ ᠬᠤᠳᠠ ᠶᠢᠨ ᠭᠤᠣᠯᠳᠠᠯᠭ᠎ᠠ ᠲᠠᠢ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠭᠤᠸᠠᠭᠴᠤᠤ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠢᠴᠢ ᠲᠡᠭᠦᠨ ᠤ ᠬᠤᠪᠢᠶᠠᠷᠢ ᠺᠣᠮᠫᠠᠨᠢ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢ ᠪᠠᠲᠤᠯᠠᠬᠤ ᠠᠵᠢᠯ ᠤᠨ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠪᠢᠲᠡᠭᠦᠦ ᠴᠠᠭᠠᠷᠢᠭ ᠤᠨ ᠵᠠᠭᠪᠤᠷ ᠢ ᠡᠬᠢᠯᠡᠭᠦᠯᠵᠦ᠂ ᠪᠦᠬᠦ ᠠᠵᠢᠯᠲᠠᠨ ᠠᠵᠢᠯᠴᠢᠨ ᠦᠢᠯᠡᠳᠪᠦᠷᠢ ᠳᠤ ᠰᠠᠭᠤᠨ ᠦᠢᠯᠡᠳᠪᠦᠷᠢᠯᠡᠵᠦ᠂ ᠦᠢᠯᠡᠳᠪᠦᠷᠢᠯᠡᠬᠦ᠂ ᠰᠡᠯᠪᠢᠨ ᠵᠠᠰᠠᠬᠤ︵ᠮᠡᠷᠭᠡᠵᠢᠯ ᠤᠨ ᠥᠭᠡᠷᠡᠴᠢᠯᠡᠯᠲᠡ︶᠂ ᠠᠷᠤ ᠲᠠᠯ᠎ᠠ ᠶᠢᠨ ᠦᠢᠯᠡᠴᠢᠯᠡᠭᠡ᠂ ᠲᠡᠭᠡᠭᠡᠪᠦᠷᠢ᠂ ᠲᠣᠬᠢᠷᠠᠭᠤᠯᠤᠨ ᠬᠦᠷᠭᠡᠬᠦ ᠵᠡᠷᠭᠡ ᠭᠤᠭᠴᠤᠭ᠎ᠠ ᠶᠢᠨ ᠦᠢᠯᠡᠳᠪᠦᠷᠢᠯᠡᠯ᠂ ᠬᠢᠵᠢᠭ ᠢ ᠰᠡᠷᠭᠡᠶᠢᠯᠡᠬᠦ︽ᠬᠤᠶᠠᠷ ᠢ ᠰᠠᠭᠠᠲᠠᠭᠠᠬᠤ ᠦᠭᠡᠢ︾ᠪᠠᠶᠢᠬᠤ ᠶᠢ ᠪᠡᠶᠡᠯᠡᠭᠦᠯᠵᠡᠢ᠃      ᠪᠤᠭᠤᠲᠤ ᠬᠤᠳᠠ ᠶᠢᠨ ᠶᠢᠨ ᠯᠦ ᠲᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠲᠤᠰᠤᠨ ᠤ ᠬᠥᠮᠥᠷᠭᠡ ᠠᠴᠠ ᠦᠢᠯᠡᠳᠪᠦᠷᠢᠯᠡᠵᠦ ᠭᠠᠷᠭᠠᠭᠰᠠᠨ ᠢᠳᠡᠰᠢᠨ ᠲᠣᠰᠣ ᠶᠢ ᠠᠯᠢ ᠤᠯᠠᠨ ᠬᠤᠭᠤᠯᠠᠢ ᠪᠠᠷ ᠳᠠᠮᠵᠢᠭᠤᠯᠵᠤ᠂ ᠣᠳᠣᠬᠢᠴᠢᠯᠠᠭᠰᠠᠨ ᠦᠢᠯᠡᠳᠪᠦᠷᠢᠯᠡᠯ ᠤᠨ ᠱᠤᠭᠤᠮ ᠳᠡᠭᠡᠷ᠎ᠡ ᠰᠠᠪᠠᠯᠠᠵᠤ ᠪᠤᠢ᠃ᠰᠠᠪᠠᠯᠠᠵᠤ ᠪᠠᠷᠠᠭᠰᠠᠨ ᠤ ᠲᠡᠷᠠᠭ᠎ᠠ᠂ ᠲᠡᠬᠢᠠ ᠤᠷᠤᠰᠤᠯ ᠱᠤᠭᠤᠮ ᠳᠡᠭᠡᠷ᠎ᠡ ᠮᠧᠬᠠᠨᠢᠭ ᠭᠠᠷ ᠢᠶᠠᠷ ᠨᠢᠭᠡᠳᠦᠯᠲᠡᠢ ᠪᠠᠷ ᠬᠠᠶᠢᠷᠴᠠᠭᠯᠠᠵᠤ᠂ ᠦᠢᠯᠡᠳᠪᠦᠷᠢᠯᠡᠯ ᠤᠨ ᠶᠠᠪᠤᠴᠠ ᠪᠠᠴᠢᠮ ᠮᠥᠷᠲᠡᠭᠡᠨ ᠡᠮᠬᠢ ᠵᠢᠷᠤᠮ ᠲᠠᠢ ᠪᠠᠶᠢᠳᠠᠭ᠃      ᠥᠪᠥᠷ ᠮᠣᠩᠭᠤᠯ ᠤᠨ ᠭᠤᠸᠠᠭᠴᠤᠤ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠬᠤᠩ᠄︽ᠣᠳᠣᠬᠠᠨ ᠳᠤ ᠠᠵᠤ ᠠᠬᠤᠶᠢᠯᠠᠯ ᠤᠨ ᠬᠢᠨ 2 ᠦᠢᠯᠡᠳᠪᠦᠷᠢᠯᠡᠯ ᠤᠨ ᠱᠤᠭᠤᠮ᠂ 5 ᠦᠢᠯᠡᠳᠪᠦᠷᠢᠯᠡᠯ ᠤᠨ ᠱᠤᠭᠤᠮ ᠢ ᠨᠠᠪᠲᠠᠷᠡᠭᠦᠯᠵᠦ᠂ ᠪᠣᠯᠪᠠᠰᠤᠷᠠᠭᠤᠯᠤᠭᠰᠠᠨ ᠲᠤᠰᠤᠨ ᠤ ᠭᠠᠷᠤᠯᠲᠠ ᠶᠢᠨ ᠨᠤᠷᠮ᠎ᠠ 82% ᠲᠤ ᠬᠦᠷᠴᠦ᠂ ᠡᠳᠦᠷ ᠪᠦᠷᠢ 120 ᠲᠣᠨ ᠪᠣᠯᠪᠠᠰᠤᠷᠠᠭᠤᠯᠤᠭᠰᠠᠨ ᠲᠣᠰᠣ ᠶᠢ ᠬᠦᠷᠭᠡᠵᠦ ᠪᠠᠶᠢᠨ᠎ᠠ︾ ᠭᠡᠵᠦ ᠬᠡᠯᠡᠪᠡ᠃      ᠬᠠᠩᠭᠠᠯᠭ᠎ᠠ ᠶᠢ ᠪᠠᠲᠤᠯᠠᠬᠤ ᠶᠢᠨ ᠬᠠᠮᠲᠤ᠂ ᠶᠢᠨ ᠯᠦ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠤᠰ ᠤᠨ ᠲᠠᠰ ᠤᠨ ᠪᠣᠬᠢᠷᠳᠤᠯ ᠦᠭᠡᠢ ᠦᠢᠯᠡᠳᠪᠦᠷᠢ ᠶᠢᠨ ᠲᠠᠰ ᠳᠡᠪᠰᠢᠬᠦ ᠮᠡᠷᠭᠡᠵᠢᠯ ᠤᠨ ᠥᠭᠡᠷᠡᠴᠢᠯᠡᠯᠲᠡ ᠴᠦ ᠡᠮᠬᠢ ᠴᠡᠭᠴᠡ ᠲᠠᠢ ᠶᠠᠪᠤᠭᠳᠠᠵᠤ ᠪᠠᠶᠢᠨ᠎ᠠ᠃ᠯᠢᠦ ᠬᠤᠩ ᠬᠡᠯᠡᠬᠦ ᠳᠡᠭᠡᠨ᠂ ᠲᠣᠰ ᠤᠳᠠᠭᠠᠨ ᠤ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ᠤᠯᠤᠰ ᠲᠠᠭᠠᠨ ᠦᠢᠯᠡᠳᠪᠦᠷᠢᠯᠡᠭᠰᠡᠨ ᠲᠣᠰᠣᠨ ᠤ ᠵᠦᠢᠯ ᠢ ᠬᠤᠳᠠᠯᠳᠤᠨ ᠠᠪᠬᠤ  ᠠᠴᠠ ᠡᠳ᠋ᠰᠢᠭᠦᠯᠦᠨ ᠪᠣᠯᠪᠠᠰᠤᠷᠠᠭᠤᠯᠬᠤ ᠬᠦᠷᠲᠡᠯᠡᠬᠢ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢ ᠶᠢᠨ ᠡᠨᠧᠷᠭᠢ ᠶᠢ ᠠᠷᠪᠢᠯᠠᠨ ᠬᠤᠷᠣᠭᠳᠠᠯ ᠢ 20% ᠪᠠᠷ ᠪᠠᠭᠠᠰᠬᠠᠬᠤ ᠬᠠᠷᠠᠯᠲᠠ ᠶᠢ ᠪᠡᠶᠡᠯᠡᠭᠦᠯᠵᠦ ᠪᠣᠯᠣᠨ᠎ᠠ ᠭᠡᠵᠡᠢ᠃      ᠣᠳᠣᠬᠠᠨ ᠳᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠰᠤᠷᠭᠠᠭᠤᠯᠢ ᠵᠢᠴᠢ ᠲᠦᠭ ᠲᠦᠮᠡᠨ ᠠᠶᠢᠯ ᠡᠷᠦᠬᠡ ᠶᠢᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠨᠢᠭᠡ ᠮᠥᠴᠡ ᠴᠦ ᠵᠣᠭᠰᠣᠭᠠᠵᠤ ᠪᠣᠯᠬᠤ ᠦᠭᠡᠢ᠃ᠣᠶᠢᠷ᠎ᠠ ᠶᠢᠨ ᠡᠳᠦᠷ ᠤᠳ ᠲᠤ᠂ ᠶᠢᠨ ᠯᠦ ᠬᠤᠩ ᠵᠢᠢ ᠭᠤᠯᠢᠷ᠂ ᠭᠤᠸᠠᠭᠯᠠᠬᠤ ᠠᠮᠲᠠ ᠣᠷᠣᠭᠤᠯᠬᠤ ᠡᠳ᠋ ᠭᠡᠬᠦ ᠬᠤᠶᠠᠷ ᠨᠢᠭᠡᠴᠡ ᠲᠠᠢ ᠬᠠᠮᠵᠢᠯᠴᠠᠨ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶ᠎ᠠ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠡᠷᠭᠡ ᠳᠤ ᠠᠮᠤ ᠪᠤᠳᠠᠭ᠎ᠠ ᠲᠣᠰᠣ᠂ ᠭᠤᠯᠢᠷ᠂ ᠠᠮᠲᠠ ᠣᠷᠣᠭᠤᠯᠬᠤ ᠡᠳ᠋ ᠵᠡᠷᠭᠡ ᠠᠮᠢᠳᠤᠷᠠᠯ ᠤᠨ ᠡᠳ᠋ ᠪᠣᠳᠠᠰ ᠬᠠᠩᠭᠠᠵᠤ ᠪᠠᠶᠢᠨ᠎ᠠ᠃      ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠪᠤᠭᠤᠲᠤ ᠶᠢᠨ ᠬᠤᠩ ᠵᠢᠢ ᠭᠤᠯᠢᠷ ᠤᠨ ᠬᠢᠵᠠᠭᠠᠷᠲᠤ ᠺᠣᠮᠫᠠᠨᠢ ᠪᠥᠬᠦ ᠬᠦᠴᠦᠨ ᠢᠶᠠᠷ ᠢᠶᠠᠨ ᠠᠵᠢᠯᠯᠠᠵᠤ᠂ 3 ᠦᠢᠯᠡᠳᠪᠦᠷᠢᠯᠡᠯ ᠤᠨ ᠱᠤᠭᠤᠮ ᠤᠨ ᠡᠳᠦᠷ ᠪᠦᠷᠢ ᠶᠢᠨ ᠬᠦᠷᠭᠡᠬᠦ ᠬᠡᠮᠵᠢᠶ᠎ᠡ ᠶᠢ 70 ᠲᠣᠨ ᠳᠤ ᠬᠦᠷᠭᠡᠵᠦ᠂ ᠡᠳᠦᠷ ᠪᠦᠷᠢ 4 ᠮᠠᠰᠢᠨ ᠲᠡᠷᠭᠡ ᠪᠠᠷ ᠭᠤᠯᠢᠷ ᠵᠥᠭᠡᠭᠡᠪᠦᠷᠢᠯᠡᠨ᠎ᠡ᠃ᠠᠮᠲᠠ ᠣᠷᠣᠭᠤᠯᠬᠤ ᠡᠳ᠋ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠶᠢᠨ 30 ᠭᠠᠷᠤᠢ ᠠᠵᠢᠯᠲᠠᠨ  ᠢ ᠦᠢᠯᠡᠳᠪᠦᠷᠢ  ᠶᠢᠨ ᠲᠣᠭᠤᠷᠢᠭ ᠲᠤ ᠢᠳᠡᠭᠦᠯᠵᠦ᠂ ᠰᠠᠭᠤᠯᠭᠠᠵᠤ᠂ 2 ᠦᠢᠯᠡᠳᠪᠦᠷᠢᠯᠡᠯ ᠤᠨ ᠱᠤᠭᠤᠮ ᠤᠨ ᠦᠢᠯᠡᠳᠪᠦᠷᠢᠯᠡᠵᠦ ᠨᠡᠷᠡᠬᠦ  ᠶᠢ ᠪᠦᠬᠦ ᠬᠦᠴᠦᠨ  ᠢᠶᠠᠷ  ᠢᠶᠠᠨ ᠪᠠᠲᠤᠯᠠᠵᠤ᠂ ᠡᠳᠦᠷ ᠪᠦᠷᠢ  ᠶᠢᠨ ᠲᠣᠬᠢᠷᠠᠭᠤᠯᠤᠨ ᠬᠦᠷᠭᠡᠬᠦ ᠬᠡᠮᠵᠢᠶ᠎ᠡ  ᠶᠢ 15 ᠲᠣᠨ ᠳᠤ ᠬᠦᠷᠭᠡᠨ᠎ᠡ᠃ᠣᠳᠣᠬᠠᠨ ᠳᠤ᠂ ᠪᠦᠯᠦᠭᠯᠡᠯ ᠤᠨ ᠦᠢᠯᠡᠳᠪᠦᠷᠢᠯᠡᠭᠰᠡᠨ ᠲᠦᠭᠦᠬᠡᠢ ᠮᠠᠲ᠋ᠧᠷᠢᠶᠠᠯ᠂ ᠪᠦᠲᠦᠭᠡᠭᠳᠡᠬᠦᠨ ᠤ ᠨᠥᠭᠡᠴᠡ ᠭᠦᠢᠴᠡᠳ ᠪᠠᠶᠢᠵᠤ᠂ ᠡᠳᠦᠷ ᠪᠦᠷᠢ ︽24 ᠴᠠᠭ︾ ᠤᠨ ᠬᠠᠩᠭᠠᠯᠭ᠎ᠠ ᠶᠢ ᠪᠡᠶᠡᠯᠡᠭᠦᠯᠵᠦ᠂ ᠬᠢᠵᠢᠭ ᠢ ᠡᠰᠡᠷᠭᠦᠴᠡᠬᠦ ᠳᠤ ᠭᠦᠢᠴᠡᠳ ᠪᠠᠲᠤᠯᠠᠭ᠎ᠠ ᠬᠠᠩᠭᠠᠵᠤ ᠪᠠᠶᠢᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1