ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ  ᠳᠣᠯᠣᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2022/10/19
      ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ︵2022 ᠣᠨ ᠤ 10 ᠰᠠᠷ᠎ᠠ ᠶᠢᠨ 12 ᠤᠨ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ 2022 ᠣᠨ ᠤ 10 ᠰᠠᠷ᠎ᠠ ᠶᠢᠨ 9 ᠋ ᠤ ᠡᠳᠦᠷ ᠠᠴᠠ 12 ᠋ ᠤᠨ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃      ᠪᠥᠬᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 199 ᠬᠥᠮᠥᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 159 ᠬᠥᠮᠥᠨ ᠣᠷᠣᠯᠴᠠᠪᠠ᠃ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠳ ᠪᠣᠯᠣᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠬᠢᠯᠡᠪᠡ᠃ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃      ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ 10 ᠰᠠᠷ᠎ᠠ ᠶᠢᠨ 16 ᠤ ᠡᠳᠦᠷ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠭᠠᠪᠠ᠃      ᠪᠥᠬᠦᠳᠡ ᠬᠤᠷᠠᠯ ᠠᠴᠠ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠶᠢᠳᠠᠯᠭ᠎ᠠ ᠪᠠᠷ ᠰᠢ ᠶᠢᠨ ᠫᠢᠩ  ᠤ ᠬᠢᠭᠰᠡᠨ ᠠᠵᠢᠯ ᠤᠨ ᠢᠯᠡᠳᠬᠡᠯ ᠢ ᠰᠣᠨᠣᠰᠴᠤ ᠶᠠᠷᠢᠯᠴᠠᠪᠠ᠃ᠪᠥᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠢᠬᠦ ᠢᠯᠡᠳᠬᠡᠯ ᠢ ᠶᠠᠷᠢᠯᠴᠠᠨ ᠪᠠᠲᠤᠯᠠᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠬᠦ ᠠᠵᠢᠯ ᠤᠨ ᠮᠡᠳᠡᠭᠦᠯᠦᠯᠲᠡ ᠶᠢ ᠶᠠᠷᠢᠯᠴᠠᠨ ᠪᠠᠲᠤᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︵ᠵᠠᠰᠠᠪᠤᠷᠢ ᠣᠷᠣᠭᠤᠯᠬᠤ ᠲᠥᠰᠥᠯ︶︾ ᠋ ᠢ ᠶᠠᠷᠢᠯᠴᠠᠨ ᠪᠠᠲᠤᠯᠠᠵᠤ᠂ ᠡᠨᠡ ᠭᠤᠷᠪᠠᠨ ᠪᠢᠴᠢᠭ ᠮᠠᠲ᠋ᠧᠷᠢᠶᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠪᠠᠶᠢᠴᠠᠭᠠᠯᠭᠠᠬᠤ ᠪᠠ ᠬᠢᠨᠠᠨ ᠵᠥᠪᠯᠡᠭᠦᠯᠬᠦ ᠪᠠᠷ ᠲᠣᠭᠲᠠᠪᠠ᠃ᠰᠢ ᠶᠢᠨ ᠫᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠢᠬᠦ ᠢᠯᠡᠳᠬᠡᠯ ᠤᠨ ᠶᠠᠷᠢᠯᠴᠠᠬᠤ ᠨᠣᠣᠷᠠᠭ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠵᠦ᠂ ᠸᠠᠩ ᠬᠧ ᠨᠢᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︵ᠵᠠᠰᠠᠪᠤᠷᠢ ᠣᠷᠣᠭᠤᠯᠬᠤ ᠲᠥᠰᠥᠯ︶︾  ᠤᠨ ᠶᠠᠷᠢᠯᠴᠠᠬᠤ ᠨᠣᠣᠷᠠᠭ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠵᠡᠢ᠃      ᠪᠦᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠨᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ᠰᠠᠨᠠᠯ ᠨᠢᠭᠡᠲᠡᠢ ᠦᠵᠡᠭᠰᠡᠨ ᠨᠢ᠂ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠳᠡᠯᠡᠬᠡᠢ ᠶᠢᠨ ᠣᠷᠴᠢᠨ ᠲᠣᠭᠤᠷᠢᠨ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠡᠭᠦᠷᠭᠡ ᠶᠢᠨ ᠡᠮᠦᠨ᠎ᠡ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ  ᠶᠢ ᠳᠣᠪᠤᠶᠢᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ  ᠶᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠠᠯᠬᠤᠴᠠ ᠶᠢ ᠳᠤᠮᠳᠠᠳᠤ ᠤᠯᠤᠰ ᠤᠨ ᠣᠨᠴᠠᠯᠢᠭ  ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ  ᠶᠢ ᠢᠳᠡᠪᠬᠢᠲᠡᠢ ᠥᠷᠨᠢᠭᠦᠯᠵᠦ᠂ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ  ᠶᠢ ᠠᠬᠢᠭᠤᠯᠵᠤ᠂ ᠪᠡᠭᠡᠵᠢᠩ ᠤᠨ ᠡᠪᠦᠯ ᠦᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠦᠨ ᠣᠯᠠᠮᠫᠢᠺ ᠶᠢᠨ ᠴᠤᠭᠯᠠᠭᠠᠨ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠬᠠᠭᠠᠴᠠᠭᠤᠯᠤᠯ ᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠦᠺᠷᠠᠶᠢᠨ ᠤ ᠬᠢᠮᠤᠷᠠᠯ  ᠠᠴᠠ ᠪᠣᠯᠤᠭᠰᠠᠨ ᠠᠶᠤᠯ ᠲᠦᠭᠰᠢᠭᠦᠷᠢ  ᠶᠢᠨ ᠰᠢᠯᠭᠠᠯᠲᠠ  ᠶᠢ ᠲᠣᠬᠢᠲᠠᠢ ᠠᠷᠭᠠᠴᠠᠵᠤ᠂ ᠲᠣᠭᠲᠠᠭᠤᠨ ᠪᠥᠭᠡᠳ ᠡᠷᠡᠭᠦᠯ ᠠᠵᠤ ᠠᠬᠤᠢ  ᠶᠢᠨ ᠣᠷᠴᠢᠨ ᠨᠥᠬᠦᠴᠡᠯ᠂ ᠤᠯᠤᠰ ᠣᠷᠣᠨ ᠠᠮᠤᠷ ᠲᠦᠪᠰᠢᠨ ᠪᠠᠶᠢᠬᠤ ᠨᠡᠶᠢᠭᠡᠮ ᠤᠨ ᠣᠷᠴᠢᠨ ᠨᠥᠬᠦᠴᠡᠯ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠥᠷᠥ  ᠶᠢᠨ ᠣᠷᠴᠢᠨ ᠨᠥᠬᠦᠴᠡᠯ  ᠢ ᠬᠦᠴᠦᠯᠡᠨ ᠪᠠᠲᠤᠯᠠᠵᠤ᠂ ᠨᠠᠮ ᠪᠣᠯᠣᠨ ᠤᠯᠤᠰ ᠣᠷᠣᠨ ᠤ ᠡᠯ᠎ᠡ ᠵᠦᠢᠯ ᠤᠨ ᠠᠵᠢᠯ ᠦᠢᠯᠡᠰ ᠲᠤ ᠴᠢᠬᠤᠯᠠ ᠶᠡᠭᠡ ᠰᠢᠨ᠎ᠡ ᠠᠮᠵᠢᠯᠲᠠ ᠣᠯᠬᠤ  ᠶᠢ ᠲᠦᠯᠬᠢᠨ ᠠᠬᠢᠭᠤᠯᠵᠤ᠂ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ  ᠢ ᠬᠤᠷᠠᠯᠳᠤᠭᠤᠯᠬᠤ ᠳᠤ ᠰᠠᠶᠢᠨ ᠰᠠᠶᠢᠬᠠᠨ ᠨᠥᠬᠦᠴᠡᠯ  ᠢ ᠪᠦᠷᠢᠯᠳᠦᠭᠦᠯᠵᠦ ᠥᠭᠴᠡᠢ᠃      ᠪᠦᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ 5 ᠵᠢᠯ ᠤᠨ ᠠᠵᠢᠯ ᠢ ᠳ᠋ᠦᠩᠨᠡᠵᠡᠢ᠃ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ 5 ᠵᠢᠯ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠶᠡᠷᠦ ᠪᠤᠰᠤ ᠶᠢᠨ 5 ᠵᠢᠯ ᠪᠣᠯᠣᠨ᠎ᠠ᠃5 ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ  ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠪᠦᠬᠦ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠵᠢᠯᠤᠭᠤᠳᠴᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠠᠶᠢᠭᠤᠯᠤᠨ ᠪᠦᠲᠦᠭᠡᠬᠦ ᠠᠬᠢᠴᠠ ᠶᠢ ᠪᠦᠬᠦ ᠬᠦᠴᠦᠨ ᠢᠶᠠᠷ ᠠᠬᠢᠭᠤᠯᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠥᠭᠡᠷᠡᠴᠢᠯᠡᠯᠲᠡ ᠶᠢ ᠲᠦᠷᠭᠡᠨ ᠪᠥᠭᠡᠳ ᠲᠣᠭᠲᠠᠭᠤᠨ ᠢᠶᠠᠷ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ  ᠶᠢ ᠪᠦᠬᠦ ᠲᠠᠯ᠎ᠠ  ᠪᠠᠷ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠲᠤᠪᠤᠶᠢᠯᠭᠠᠵᠤ᠂ ᠬᠦᠴᠦᠨ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠨ᠎ᠠ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠶ᠎ᠠ᠃ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠵᠤ᠂ ᠪᠦᠬᠦ ᠨᠠᠮ ᠤᠨ ᠳᠣᠲᠣᠷ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠪᠦᠬᠦ ᠨᠠᠮ ᠢᠶᠠᠷ ᠢᠶᠠᠨ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠬᠦ ᠶᠢ ᠤᠷᠢᠶᠠᠯᠠᠪᠠ᠃ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠠᠷᠠᠳ ᠤᠨ ᠲᠠᠶᠢᠨ᠂ ᠶᠡᠷᠦᠩᠬᠡᠢ ᠲᠠᠶᠢᠨ᠂ ᠬᠤᠷᠢᠭᠯᠠᠨ ᠴᠣᠬᠢᠬᠤ ᠲᠠᠶᠢᠨ ᠢ ᠥᠷᠨᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ᠦᠨᠳᠦᠰᠦᠨ ᠬᠠᠤᠯᠢ ᠪᠠ ᠦᠨᠳᠦᠰᠦ ᠪᠣᠯᠬᠤ ᠬᠠᠤᠯᠢ ᠶᠢᠨ ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠦᠲᠦᠮᠵᠢᠲᠡᠶ ᠪᠠᠷ ᠬᠡᠷᠡᠭᠵᠢᠭᠦᠯᠵᠦ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠰᠢᠶᠠᠩᠭᠠᠩ ᠤᠨ ᠪᠠᠶᠢᠳᠠᠯ ᠤᠨ ᠰᠠᠮᠠᠭᠤᠷᠠᠯ ᠠᠴᠠ ᠵᠠᠰᠠᠬᠤ ᠪᠣᠯᠤᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠪᠡ᠃ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠬᠤ ᠨᠢ ᠮᠠᠨ ᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠡᠷᠡᠰ ᠪᠠᠲᠤ ᠵᠣᠷᠢᠭ ᠪᠠ ᠬᠦᠴᠦᠷᠬᠡᠭ ᠶᠡᠭᠡ ᠴᠢᠳᠠᠪᠤᠷᠢ ᠪᠠᠨ ᠢᠯᠡᠷᠡᠭᠦᠯᠦᠭᠰᠡᠨ ᠪᠠᠶᠢᠨ᠎ᠠ᠃ᠤᠯᠤᠰ ᠣᠷᠣᠨ ᠤ ᠠᠰᠢᠭ ᠲᠤᠰᠠ ᠶᠢ ᠴᠢᠬᠤᠯᠠᠴᠢᠯᠠᠬᠤ᠂ ᠤᠯᠤᠰ ᠤᠨ ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠬᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠲᠡᠮᠡᠴᠡᠯ ᠤᠨ ᠳᠤᠮᠳᠠ ᠤᠯᠤᠰ ᠣᠷᠣᠨ ᠤ ᠨᠡᠷ᠎ᠡ ᠬᠦᠨᠳᠦ ᠪᠠ ᠭᠤᠣᠯᠯᠠᠬᠤ ᠠᠰᠢᠭ ᠲᠤᠰᠠ ᠶᠢ ᠬᠠᠮᠠᠭᠠᠯᠠᠬᠤ᠂ ᠮᠠᠨ ᠤ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠶᠢ ᠪᠠᠷᠢᠮᠲᠠᠯᠠᠪᠠ᠃5 ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠨ᠎ᠡ᠃ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠭᠰᠡᠨ ᠯᠤᠲᠤ ᠶᠡᠭᠡ ᠠᠶᠤᠯ ᠲᠦᠭᠰᠢᠭᠦᠷᠢ ᠶᠢᠨ ᠥᠷᠢᠰᠦᠯᠳᠦᠭᠡᠨ ᠢ ᠪᠦᠲᠦᠮᠵᠢᠲᠡᠶ ᠠᠷᠭᠠᠴᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠠᠰᠤᠷᠠᠯᠳᠠ ᠦᠭᠡᠢ ᠲᠦᠯᠬᠢᠨ ᠤᠷᠤᠭᠰᠢᠯᠠᠭᠤᠯᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠤᠰ ᠬᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠲᠦᠯᠬᠢᠨ ᠠᠬᠢᠭᠤᠯᠪᠠ᠃      ᠪᠦᠬᠦᠳᠡ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ 5 ᠵᠢᠯ ᠤᠨ ᠨᠠᠮ ᠪᠣᠯᠣᠨ ᠤᠯᠤᠰ ᠤᠨ ᠦᠢᠯᠡᠰ ᠤᠨ ᠴᠢᠬᠤᠯᠠ ᠶᠡᠭᠡ ᠠᠮᠵᠢᠯᠲᠠ ᠶᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠵᠦ ᠪᠠᠶᠢᠭᠠᠳ ᠣᠯᠣᠭᠰᠠᠨ ᠶᠤᠮ᠃ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠬᠤ ᠪᠠᠶᠢᠷᠢ ᠰᠠᠭᠤᠷᠢ ᠶᠢ ᠲᠣᠭᠲᠠᠭᠠᠭᠰᠠᠨ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃ᠪᠦᠬᠦ ᠨᠠᠮ ᠢᠶᠠᠷ ᠢᠶᠠᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠡᠷᠴᠢ ᠵᠣᠷᠢᠭ ᠲᠠᠢ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃      ᠪᠦᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠢ ᠳ᠋ᠦᠩᠨᠡᠵᠡᠢ᠃ᠰᠠᠨᠠᠯ ᠨᠢᠭᠡᠲᠡᠢ ᠦᠵᠡᠭᠰᠡᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠠᠮ ᠤᠨ ᠳᠦᠷᠢᠮ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ  ᠶᠢ ᠡᠷᠡᠰ ᠲᠤᠤᠱᠯᠠᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠤᠷᠲᠤ ᠬᠤᠭᠤᠴᠠᠭ᠎ᠠ  ᠪᠠᠷ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠳᠡᠶᠢᠯᠦᠩᠭᠦᠢ ᠢᠯᠠᠯᠲᠠ ᠣᠯᠬᠤ ᠶᠢᠨ ᠬᠠᠮᠲᠤ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠪᠦᠬᠦ ᠲᠠᠯ᠎ᠠ ᠪᠠᠷ ᠪᠠᠬᠢᠵᠢᠭᠦᠯᠦᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃      ᠪᠥᠬᠦᠳᠡ ᠬᠤᠷᠠᠯ ᠠᠴᠠ ᠨᠠᠮ ᠤᠨ ᠳᠦᠷᠢᠮ ᠤᠨ ᠲᠣᠭᠲᠠᠭᠠᠯ ᠶᠣᠰᠣᠭᠠᠷ᠂ ᠲᠥᠪ ᠬᠤᠷᠢᠶᠠᠨ ᠤ ᠣᠷᠣᠯᠠᠭᠴᠢ ᠭᠡᠰᠢᠭᠦᠨ ᠮᠠ ᠭᠦᠥᠸ᠋ ᠴᠢᠶᠠᠩ᠂ ᠸᠠᠩ ᠨᠢᠩ᠂ ᠸᠠᠩ ᠸᠧᠢ ᠵᠦᠩ ᠢ ᠲᠥᠪ ᠬᠤᠷᠢᠶᠠᠨ ᠤ ᠭᠡᠰᠢᠭᠦᠨ ᠢᠶᠠᠷ ᠳᠠᠷᠠᠭᠠᠯᠠᠨ ᠨᠥᠬᠦᠪᠦᠷᠢᠯᠡᠬᠦ ᠪᠠᠷ ᠲᠣᠭᠲᠠᠭᠠᠪᠠ᠃      ᠪᠥᠬᠦᠳᠡ ᠬᠤᠷᠠᠯ ᠠᠴᠠ ᠹᠦ᠋ ᠵᠧᠩ ᠬᠤᠸᠠ᠂ ᠱᠧᠨ ᠳ᠋ᠧ ᠶᠦᠩ᠂ ᠯᠢ ᠵᠢᠶᠠ᠂ ᠵᠠᠩ ᠵᠢᠩ ᠬᠤᠸᠠ ᠶᠢᠨ ᠬᠠᠤᠯᠢ ᠰᠠᠬᠢᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠶᠠᠷᠢᠯᠴᠠᠵᠤ ᠪᠠᠲᠤᠯᠠᠭᠠᠳ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠮᠦᠨ᠎ᠡ ᠭᠠᠷᠭᠠᠭᠰᠠᠨ ᠹᠦ᠋ ᠵᠧᠩ ᠬᠤᠸᠠ᠂ ᠱᠧᠨ ᠳ᠋ᠧ ᠶᠦᠩ᠂ ᠵᠠᠩ ᠵᠢᠩ ᠬᠤᠸᠠ ᠳᠤ ᠨᠠᠮ ᠠᠴᠠ ᠬᠥᠭᠡᠭᠡᠬᠦ ᠰᠢᠳᠬᠡᠯ ᠥᠭᠴᠦ᠂ ᠯᠢ ᠵᠢᠶᠠ ᠳᠤ ᠨᠠᠮ ᠤᠨ ᠳᠣᠲᠣᠭᠠᠳᠤ ᠶᠢᠨ ᠲᠤᠰᠢᠶᠠᠯ ᠠᠴᠠ ᠨᠢ ᠤᠭᠴᠠᠷᠠᠭᠤᠯᠬᠤ ᠰᠢᠳᠬᠡᠯ ᠥᠭᠬᠦ ᠶᠢ ᠨᠤᠲᠠᠯᠠᠪᠠ᠃      ᠪᠦᠬᠦᠳᠡ ᠬᠤᠷᠠᠯ ᠠᠴᠠ ᠣᠳᠣᠬᠠᠨ ᠤ ᠪᠠᠶᠢᠳᠠᠯ ᠪᠣᠯᠣᠨ ᠡᠭᠦᠷᠭᠡ ᠶᠢ ᠵᠠᠳᠠᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠠᠰᠠᠭᠤᠳᠠᠯ ᠤᠳ ᠢ ᠭᠦᠨᠵᠡᠭᠡᠢ ᠶᠠᠷᠢᠯᠴᠠᠵᠤ᠂ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1