ᠠᠰᠠᠭᠤᠯᠲᠠ᠄ ᠪᠤᠭᠤᠲᠤ ᠬᠤᠳᠠ ᠶᠢᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠬᠡᠷᠬᠢᠨ ᠣᠷᠣᠬᠤ ᠪᠤᠢ︖ | ᠬᠠᠷᠢᠭᠤᠯᠲᠠ᠄ ᠪᠠᠭ᠎ᠠ ᠰᠤᠷᠭᠠᠭᠤᠯᠢ ᠨᠢ ᠪᠦᠬᠦᠯᠢ 6 ᠨᠠᠰᠤ ᠬᠦᠷᠦᠭᠰᠡᠨ ᠪᠤᠭᠤᠲᠤ ᠬᠤᠲᠠ ᠶᠢᠨ ᠡᠷᠦᠬᠡ | ᠠᠮᠠ ᠶᠢᠨ ᠬᠠᠷᠢᠶ᠎ᠠ ᠲᠠᠢ ᠬᠡᠦᠬᠡᠳ ᠵᠢᠴᠢ ᠨᠥᠬᠦᠴᠡᠯ ᠳᠤ ᠨᠡᠶᠢᠴᠡᠬᠦ ᠭᠠᠳᠠᠨ᠎ᠠ ᠠᠴᠠ ᠢᠷᠡᠭᠰᠡᠨ ᠬᠦᠴᠦ | ᠶᠠᠪᠤᠭᠰᠠᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠢ ᠡᠯᠰᠡᠨ᠎ᠡ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ | ᠨᠢ ᠪᠤᠭᠤᠲᠤ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠤᠶᠤ ᠪᠤᠭᠤᠲᠤ ᠬᠤᠲᠠ ᠶᠢᠨ ᠰᠤᠷᠭᠠᠭᠤᠯᠢ ᠶᠢᠨ | ᠬᠠᠷᠢᠶ᠎ᠠ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠪᠠ ᠰᠤᠷᠭᠠᠭᠤᠯᠢ ᠳᠤ ᠣᠷᠣᠬᠤ | ᠨᠥᠬᠦᠴᠡᠯ ᠳᠤ ᠨᠡᠶᠢᠴᠡᠬᠦ ᠭᠠᠳᠠᠨ᠎ᠠ ᠠᠴᠠ ᠢᠷᠡᠭᠰᠡᠨ ᠬᠦᠴᠦ ᠶᠠᠪᠤᠭᠰᠠᠳ ᠤᠨ ᠦᠷ᠎ᠡ ᠬᠡᠦᠬᠡᠳ ᠢ ᠡᠯᠰᠡᠨ᠎ᠡ᠃ | | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠷᠭ᠎ᠠ ᠮᠠᠶ᠋ᠢᠭ ᠶᠠᠮᠠᠷ | ᠶᠠᠮᠠᠷ ᠪᠠᠶᠢᠳᠠᠭ ᠪᠣᠶ︖ | ᠬᠠᠷᠢᠭᠤᠯᠲᠠ᠄ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠡᠯ᠎ᠡ ᠭᠠᠵᠠᠷ ᠣᠷᠣᠨ | ᠲᠤᠰ ᠭᠠᠵᠠᠷ ᠣᠷᠣᠨ ᠤ ᠪᠠᠨ ᠰᠤᠷᠤᠯᠭ᠎ᠠ ᠶᠢᠨ ᠣᠷᠣᠨ ᠪᠠᠶᠢᠷᠢ ᠶᠢᠨ ᠬᠠᠩᠭᠠᠯᠭ᠎ᠠ ᠶᠢ ᠦᠨᠳᠦᠰᠦᠯᠡᠨ᠂ ᠭᠠᠭᠴᠠ | ᠰᠤᠷᠭᠠᠭᠤᠯᠢ ᠪᠠᠷ ᠬᠡᠰᠡᠭ ᠬᠤᠪᠢᠶᠠᠬᠤ᠂ ᠣᠯᠠᠨ ᠰᠤᠷᠭᠠᠭᠤᠯᠢ ᠪᠠᠷ ᠬᠡᠰᠡᠭ ᠬᠤᠪᠢᠶᠠᠬᠤ᠂ ᠺᠣᠮᠫᠢᠦ᠋ᠲ᠋ᠧᠷ ᠢᠶᠠᠷ ᠣᠷᠣᠨ | ᠪᠠᠶᠢᠷᠢ ᠲᠣᠬᠢᠷᠠᠭᠤᠯᠬᠤ᠂ ᠬᠡᠰᠡᠭ ᠬᠤᠪᠢᠶᠠᠬᠤ ᠪᠠ ᠣᠷᠣᠨ ᠪᠠᠶᠢᠷᠢ ᠲᠣᠬᠢᠷᠠᠭᠤᠯᠬᠤ ᠶᠢ ᠬᠠᠷᠢᠯᠴᠠᠨ ᠤᠶᠠᠯᠳᠤᠭᠤᠯᠬᠤ | ᠪᠠ ᠶᠢᠰᠦᠨ ᠵᠢᠯ ᠤᠨ ᠵᠤᠷᠰᠢᠯ ᠢᠶᠠᠷ ᠵᠣᠯᠭᠠᠭᠤᠯᠤᠨ ᠰᠤᠷᠭᠠᠭᠤᠯᠢ ᠳᠠᠪᠰᠢᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢ ᠬᠡᠷᠡᠭᠵᠢᠭᠦᠯᠵᠦ᠂ ᠲᠣᠬᠢᠷᠠᠬᠤ ᠨᠠᠰᠤᠨ ᠤ ᠬᠡᠦᠬᠡᠳ ᠪᠠᠭᠠᠴᠤᠳ ᠨᠢᠭᠡᠪᠦᠷᠢ ᠶᠢᠨ ᠡᠷᠬᠡ ᠲᠡᠭᠰᠢ ᠪᠠᠷ ᠠᠯᠪᠠᠨ | ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠡᠰᠡᠭ ᠲᠣᠭᠤᠷᠢᠭ ᠪᠤᠶᠤ | ᠰᠤᠷᠭᠠᠭᠤᠯᠢ ᠶᠢᠨ ᠲᠣᠭᠤᠷᠢᠭ ᠢ ᠲᠣᠭᠲᠠᠭᠠᠭᠰᠠᠨ ᠤ ᠳᠠᠷᠠᠭ᠎ᠠ᠂ ᠨᠢᠭᠡ ᠬᠡᠰᠡᠭ ᠬᠤᠭᠤᠴᠠᠭᠠᠨ ᠳᠤ ᠬᠠᠷᠢᠴᠠᠩᠭᠤᠢ | ᠲᠣᠭᠲᠠᠭᠤᠨ ᠪᠠᠶᠢᠯᠭᠠᠵᠤ᠂ ᠳᠠᠬᠢᠨ ᠬᠡᠰᠡᠭ ᠬᠤᠪᠢᠶᠠᠷᠢᠯᠠᠨ ᠲᠣᠬᠢᠷᠠᠭᠤᠯᠬᠤ ᠳᠠᠭᠠᠨ ᠪᠣᠯᠭᠤᠮᠵᠢᠲᠠᠢ ᠯᠠᠪᠳᠠᠭᠤᠨ | ᠬᠠᠨᠳᠤᠵᠤ᠂ ᠰᠤᠷᠤᠭᠴᠢ ᠶᠢᠨ ᠭᠡᠷ ᠤᠨ ᠠᠬᠠᠮᠠᠳ ᠤᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ | ᠮᠡᠳᠡᠭᠡ ᠵᠠᠩᠭᠢ ᠴᠤᠭᠯᠠᠭᠤᠯᠬᠤ ᠳᠤ ᠣᠯᠠᠨ ᠬᠤᠰᠢᠭᠤ ᠰᠢᠶᠠᠨ ᠲᠣᠭᠤᠷᠢᠭ ᠢ ᠰᠣᠩᠭᠤᠵᠤ ᠰᠦᠯᠵᠢᠶᠡᠨ ᠳᠡᠭᠡᠷ᠎ᠡ | ᠮᠡᠳᠡᠭᠦᠯᠵᠦ ᠪᠣᠯᠣᠨ᠎ᠠ ᠦᠦ︖ | ᠬᠠᠷᠢᠭᠤᠯᠲᠠ᠄ ᠪᠣᠯᠬᠤ ᠦᠭᠡᠢ᠃ ᠨᠢᠭᠡ ᠪᠡᠶ᠎ᠡ ᠶᠢᠨ ᠦᠨᠡᠮᠯᠡᠯ ᠢᠶᠠᠷ ᠵᠥᠪᠬᠡᠨ ᠨᠢᠭᠡ ᠭᠠᠵᠠᠷ ᠣᠷᠣᠨ ᠢ | ᠰᠣᠩᠭᠤᠵᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃ | ᠠᠰᠠᠭᠤᠯᠲᠠ᠄ ᠶᠠᠮᠠᠷ ᠪᠠᠶᠢᠳᠠᠯ ᠳᠣᠣᠷ᠎ᠠ ︽ᠣᠯᠠᠨ ᠰᠤᠷᠭᠠᠭᠤᠯᠢ ᠪᠠᠷ ᠬᠡᠰᠡᠭ ᠬᠤᠪᠢᠶᠠᠬᠤ︾ ᠶᠢ | ᠬᠡᠷᠡᠭᠵᠢᠭᠦᠯᠬᠦ ᠪᠣᠶ︖ | ᠬᠠᠷᠢᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠥᠷᠭᠡᠳᠬᠡᠨ ᠡᠯᠰᠡᠬᠦ | ᠴᠢᠳᠠᠪᠤᠷᠢ ᠬᠢᠵᠠᠭᠠᠷ ᠲᠠᠭᠠᠨ ᠬᠥᠷᠦᠭᠰᠡᠨ ᠴᠤ ᠮᠥᠨ ᠬᠦ ᠬᠡᠰᠡᠭ ᠲᠣᠭᠤᠷᠢᠭ ᠤᠨ ᠳᠣᠲᠣᠷᠠᠬᠢ ᠰᠤᠷᠤᠭᠴᠢᠳ ᠤᠨ | ᠰᠤᠷᠭᠠᠭᠤᠯᠢ ᠳᠤ ᠣᠷᠣᠬᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠤᠶᠤ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠡᠩᠴᠡᠭᠦᠷᠢᠲᠡᠢ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ ︽ᠣᠯᠠᠨ | ᠰᠤᠷᠭᠠᠭᠤᠯᠢ ᠪᠠᠷ ᠬᠡᠰᠡᠭ ᠬᠤᠪᠢᠶᠠᠬᠤ︾ ᠶᠢ ᠬᠡᠷᠡᠭᠵᠢᠭᠦᠯᠪᠡᠯ ᠵᠣᠬᠢᠨ᠎ᠠ᠃ | ᠠᠰᠠᠭᠤᠯᠲᠠ᠄ ᠪᠦᠬᠦᠯᠢ ᠵᠢᠷᠭᠤᠭᠠᠨ ᠨᠠᠰᠤ ᠭᠦᠷᠦᠭᠰᠡᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ | ᠣᠨᠴᠠᠭᠠᠶ ᠰᠢᠯᠲᠠᠭᠠᠨ ᠠᠴᠠ ᠪᠣᠯᠵᠤ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠵᠤ ᠪᠣᠯᠣᠨ᠎ᠠ ᠦᠦ︖ | ᠬᠠᠷᠢᠭᠤᠯᠲᠠ᠄ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠪᠡᠶ᠎ᠡ ᠮᠠᠬᠠᠪᠤᠳ ᠤᠨ | ᠪᠠᠶᠢᠳᠠᠯ ᠵᠡᠷᠭᠡ ᠰᠢᠯᠲᠠᠭᠠᠨ ᠠᠴᠠ ᠪᠣᠯᠵᠤ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠴᠢᠬᠤᠯᠠ ᠲᠠᠢ ᠪᠣᠯ᠂ | ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠠᠷᠠᠭᠠᠯᠵᠠᠨ ᠬᠠᠮᠠᠭᠠᠯᠠᠭᠴᠢ ᠨᠢ ᠭᠤᠶᠤᠴᠢᠯᠠᠯ | ᠳᠡᠪᠰᠢᠭᠦᠯᠵᠦ᠂ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠬᠤ ᠨᠠᠰᠤᠨ ᠤ ᠬᠡᠦᠬᠡᠳ ︽ | ᠭᠡᠷ ᠤᠨ ᠰᠤᠷᠭᠠᠭᠤᠯᠢ︾ ᠪᠤᠶᠤ ︽ᠲᠤᠮᠳᠠᠳᠤ ᠶᠢᠨ ᠤᠯᠠᠮᠵᠢᠯᠠᠯᠲᠤ ᠰᠣᠶᠣᠯ ᠤᠨ ᠠᠩᠭᠢ︾ ᠵᠡᠷᠭᠡ ᠪᠠᠷ ᠠᠯᠪᠠᠨ | ᠵᠢᠷᠤᠮ ᠤᠨ ᠰᠤᠷᠭᠠᠨ ᠬᠥᠮᠦᠵᠢᠯ ᠢ ᠣᠷᠣᠯᠠᠭᠤᠯᠵᠤ ᠪᠣᠯᠣᠨ᠎ᠠ ᠦᠦ︖ | ᠬᠠᠷᠢᠭᠤᠯᠲᠠ᠄ ᠪᠣᠯᠬᠤ ᠦᠭᠡᠢ᠃ ᠡᠯ᠎ᠡ ᠭᠠᠵᠠᠷ ᠤᠳ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ︽ | ᠲᠤᠮᠳᠠᠳᠤ ᠶᠢᠨ ᠤᠯᠠᠮᠵᠢᠯᠠᠯᠲᠤ ᠰᠣᠶᠣᠯ ᠤᠨ ᠠᠩᠭᠢ︾᠂ ︽ᠰᠣᠩᠭᠤᠳᠠᠭ ᠦᠵᠡᠯ ᠤᠨ ᠰᠤᠷᠬᠤ ᠠᠩᠭᠢ︾᠂ ︽ | ᠭᠡᠷ ᠤᠨ ᠰᠤᠷᠭᠠᠭᠤᠯᠢ︾ ᠵᠡᠷᠭᠡ ᠬᠡᠯᠪᠡᠷᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠢ ᠣᠷᠣᠯᠠᠭᠤᠯᠤᠭᠰᠠᠨ | ᠬᠠᠤᠯᠢ ᠪᠤᠰᠤ ᠪᠠᠷ ᠰᠤᠷᠭᠠᠭᠤᠯᠢ ᠡᠷᠬᠢᠯᠡᠭᠰᠡᠨ ᠦᠢᠯᠡ ᠠᠵᠢᠯᠯᠠᠭ᠎ᠠ ᠶᠢ ᠬᠢᠨᠠᠮᠠᠭᠠᠢ ᠵᠢᠭᠰᠠᠭᠠᠨ ᠪᠠᠶᠢᠴᠠᠭᠠᠬᠤ ᠶᠢᠨ | ᠬᠠᠮᠲᠤ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ | ᠪᠤᠰᠤᠳ ᠬᠢᠨᠠᠨ ᠬᠠᠮᠠᠭᠠᠯᠠᠭᠴᠢ ᠨᠢ ᠵᠦᠢ ᠶᠣᠰᠣᠨ ᠤ ᠰᠢᠯᠲᠠᠭᠠᠨ ᠦᠭᠡᠢ ᠪᠠᠷ ᠰᠤᠷᠬᠤ ᠨᠠᠰᠤᠨ ᠤ ᠬᠡᠦᠬᠡᠳ | ᠪᠠᠭᠠᠴᠤᠳ ᠢ ᠰᠤᠷᠭᠠᠭᠤᠯᠢ ᠳᠤ ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠭᠰᠡᠨ ᠦᠭᠡᠢ ᠪᠤᠶᠤ | ︽ᠭᠡᠷ ᠤᠨ ᠰᠤᠷᠭᠠᠭᠤᠯᠢ︾ ᠪᠤᠶᠤ ︽ᠲᠤᠮᠳᠠᠳᠤ ᠶᠢᠨ ᠤᠯᠠᠮᠵᠢᠯᠠᠯᠲᠤ ᠰᠣᠶᠣᠯ ᠤᠨ ᠠᠩᠭᠢ︾ ᠵᠡᠷᠭᠡ ᠬᠠᠤᠯᠢ | ᠪᠤᠰᠤ ᠰᠤᠷᠭᠠᠭᠤᠯᠢ ᠡᠷᠬᠢᠯᠡᠬᠦ ᠪᠠᠶᠢᠭᠤᠯᠤᠮᠵᠢ ᠳᠤ ᠬᠦᠷᠭᠡᠵᠦ ᠠᠯᠪᠠᠨ ᠵᠢᠷᠤᠮ ᠤᠨ ᠰᠤᠷᠭᠠᠨ ᠬᠥᠮᠦᠵᠢᠯ ᠢ | ᠣᠷᠣᠯᠠᠭᠤᠯᠤᠭᠰᠠᠨ ᠠᠴᠠ ᠪᠣᠯᠵᠤ ᠰᠤᠷᠤᠯᠭ᠎ᠠ ᠲᠤᠷᠭᠤᠨ ᠵᠣᠭᠰᠣᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ | ᠪᠤᠶᠤ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠷ | ᠤᠷᠢᠳ ᠢᠶᠠᠷ ᠰᠤᠷᠭᠠᠭᠤᠯᠢ ᠳᠤ ᠣᠷᠣᠵᠤ ᠪᠤᠯᠬᠤ ᠪᠤᠢ︖ | ᠬᠠᠷᠢᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠬᠥᠮᠥᠨ ᠤ ᠦᠷ᠎ᠡ | ᠬᠡᠦᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠨᠠᠷᠢᠨ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠦᠬᠡᠳ ᠤᠨ | ᠰᠤᠷᠭᠠᠨ ᠬᠥᠮᠦᠵᠢᠯ ᠤᠨ ᠬᠠᠷᠠᠭᠠᠯᠵᠠᠯ ᠤᠨ ᠠᠵᠢᠯ ᠤᠨ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠥᠰ ᠤᠨ ᠦᠷ᠎ᠡ ᠬᠡᠦᠬᠡᠳ ᠤᠨ | ᠰᠤᠷᠭᠠᠨ ᠬᠥᠮᠦᠵᠢᠯ ᠤᠨ ᠬᠠᠷᠠᠭᠠᠯᠵᠠᠯ ᠤᠨ ᠨᠠᠷᠢᠨ ᠳᠦᠷᠢᠮ︾ ᠤᠨ ᠨᠥᠬᠦᠴᠡᠯ ᠳᠤ ᠨᠡᠶᠢᠴᠡᠬᠦ ᠴᠡᠷᠢᠭ᠂ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠥᠰ ᠤᠨ | ᠦᠷ᠎ᠡ ᠬᠡᠦᠬᠡᠳ ᠢ ᠬᠠᠮᠢᠶ᠎ᠠ ᠪᠦᠬᠦᠢ ᠶᠠᠪᠤᠴᠠ ᠶᠣᠰᠣᠭᠠᠷ ᠰᠤᠷᠭᠠᠭᠤᠯᠢ ᠳᠤ ᠣᠷᠣᠬᠤ ᠶᠢ ᠭᠦᠢᠴᠡᠳᠬᠡᠨ᠎ᠡ᠃ ︽ | ᠪᠤᠭᠤᠲᠤ ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠤ ᠦᠢᠯᠡᠴᠢᠯᠡᠭᠡᠨ ᠤ ᠺᠠᠷᠲ︾ ᠪᠠᠶᠢᠬᠤ ᠬᠥᠮᠥᠰ ᠤᠨ | ᠦᠷ᠎ᠡ ᠬᠡᠦᠬᠡᠳ ︵ᠣᠮᠪᠣᠯᠣ᠂ ᠵᠢᠭᠡ ᠣᠮᠪᠣᠯᠣ ᠪᠠᠭᠲᠠᠨ᠎ᠠ︶ ᠤᠨ ᠰᠤᠷᠭᠠᠭᠤᠯᠢ ᠳᠤ ᠣᠷᠣᠬᠤ ᠶᠢ ᠬᠤᠲᠠ ᠶᠢᠨ | ᠴᠢᠳᠠᠪᠤᠷᠢᠲᠠᠨ ᠤ ᠦᠢᠯᠡᠴᠢᠯᠡᠭᠡᠨ ᠤ ᠲᠥᠪ ᠭᠥᠯᠢᠶᠡᠨ ᠠᠪᠴᠤ ᠰᠢᠢᠳᠪᠦᠷᠢᠯᠡᠨ᠎ᠡ ᠂ ︽ᠪᠤᠭᠤᠲᠤ ᠬᠤᠲᠠ ᠶᠢᠨ | ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ | ᠭᠤᠶᠤᠴᠢᠯᠠᠯ ᠤᠨ ᠬᠦᠰᠦᠨᠦᠭᠲᠦ︾ ᠶᠢ ᠲᠠᠭᠯᠠᠭᠰᠠᠨ ᠤ ᠳᠠᠷᠠᠭ᠎ᠠ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ ᠳᠤ ᠨᠢᠭᠡ ᠤᠳᠠᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ | ᠠᠰᠠᠭᠤᠯᠲᠠ᠄ ᠠᠷᠠᠳ ᠠᠴᠠ ᠡᠷᠭᠢᠯᠡᠭᠰᠡᠨ ᠰᠤᠷᠭᠠᠭᠤᠯᠢ ᠬᠡᠷᠬᠢᠨ ᠰᠣᠷᠣᠭᠴᠢ ᠡᠯᠰᠡᠬᠦ ᠪᠣᠶ︖ | ᠬᠠᠷᠢᠭᠤᠯᠲᠠ᠄ ᠠᠷᠠᠳ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠰᠣᠷᠣᠭᠴᠢ ᠡᠯᠰᠡᠬᠦ ᠳᠤ ᠬᠠᠷᠢᠶ᠎ᠠ | ᠭᠠᠵᠠᠷ ᠢᠶᠠᠷ ᠭᠤᠣᠯ ᠪᠣᠯᠭᠠᠵᠤ᠂ ᠪᠦᠬᠦᠨ ᠢ ᠬᠢᠨᠠᠨ ᠵᠥᠪᠰᠢᠶᠡᠷᠡᠬᠦ ᠭᠠᠵᠠᠷ ᠤᠨ ᠨᠢᠭᠡᠳᠦᠯᠲᠡᠢ ᠬᠠᠮᠢᠶᠠᠷᠤᠯᠲᠠ ᠳᠤ | ᠣᠷᠣᠭᠤᠯᠤᠨ᠂ ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠵᠥᠪᠰᠢᠶᠡᠷᠡᠭᠰᠡᠨ ᠰᠣᠷᠣᠭᠴᠢ ᠡᠯᠰᠡᠬᠦ ᠬᠡᠪᠴᠢᠶ᠎ᠡ᠂ | ᠰᠣᠷᠣᠭᠴᠢ ᠡᠯᠰᠡᠬᠦ ᠲᠥᠯᠥᠪᠯᠡᠭᠡ᠂ ᠰᠣᠷᠣᠭᠴᠢ ᠡᠯᠰᠡᠬᠦ ᠶᠠᠪᠤᠴᠠ ᠶᠣᠰᠣᠭᠠᠷ ᠠᠯᠪᠠᠨ ᠠᠴᠠ ᠡᠷᠭᠢᠯᠡᠭᠰᠡᠨ | ᠰᠤᠷᠭᠠᠭᠤᠯᠢ ᠲᠠᠢ ᠵᠡᠷᠭᠡᠪᠡᠷ ᠨᠡᠷ᠎ᠡ ᠮᠡᠳᠡᠭᠦᠯᠵᠦ᠂ ᠵᠡᠷᠭᠡᠪᠡᠷ ᠰᠣᠷᠣᠭᠴᠢ ᠡᠯᠰᠡᠨ᠎ᠡ᠂ ᠬᠠᠷᠢᠶ᠎ᠠ ᠭᠠᠵᠠᠷ ᠤᠨ | ᠬᠡᠪᠴᠢᠶ᠎ᠡ ᠠᠴᠠ ᠳᠠᠪᠠᠭᠤᠯᠤᠨ ᠰᠣᠷᠣᠭᠴᠢ ᠡᠯᠰᠡᠪᠡᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ | ᠳᠠᠩᠰᠠᠯᠠᠭᠤᠯᠬᠤ ᠬᠡᠷᠡᠭᠲᠡᠢ᠃ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠨᠢ ᠰᠤᠷᠤᠭᠴᠢ ᠡᠯᠰᠡᠬᠦ ᠲᠥᠯᠥᠪᠯᠡᠭᠡ ᠠᠴᠠ | ᠬᠡᠲᠦᠷᠡᠭᠰᠡᠨ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠬᠤᠰᠢᠭᠤ | ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡᠳᠦᠯᠲᠡᠢ | ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠨ ᠰᠤᠷᠤᠬᠴᠢ ᠡᠯᠰᠡᠬᠦ ᠶᠢ ᠬᠡᠷᠡᠭᠵᠢᠭᠦᠯᠦᠨ᠎ᠡ᠃ ᠠᠷᠠᠳ ᠠᠴᠠ | ᠡᠷᠬᠢᠯᠡᠭᠰᠡᠨ ᠰᠤᠷᠭᠠᠭᠤᠯᠢ ᠰᠤᠷᠤᠭᠴᠢ ᠡᠯᠰᠡᠬᠦ ᠠᠴᠠ ᠪᠠᠨ ᠡᠮᠦᠨ᠎ᠡ ᠡᠷᠬᠡᠪᠰᠢ ᠰᠤᠷᠤᠭᠴᠢ ᠡᠯᠰᠡᠬᠦ ᠨᠥᠬᠦᠴᠡᠯ ᠢᠶᠠᠨ | ᠢᠯᠡ ᠪᠠᠶᠢᠯᠭᠠᠵᠤ᠂ ᠰᠤᠷᠤᠭᠴᠢ ᠡᠯᠰᠡᠬᠦ ᠶᠠᠪᠤᠴᠠ ᠪᠠᠨ ᠢᠯᠡ ᠪᠠᠶᠢᠯᠭᠠᠵᠤ᠂ ᠰᠦᠢᠳᠬᠡᠯ ᠬᠤᠷᠢᠶᠠᠬᠤ | ᠪᠠᠷᠢᠮᠵᠢᠶ᠎ᠠ ᠪᠠᠨ ᠢᠯᠡ ᠪᠠᠶᠢᠯᠭᠠᠵᠤ᠂ ᠰᠤᠷᠤᠭᠴᠢ ᠡᠯᠰᠡᠭᠰᠡᠨ ᠤ ᠳᠠᠷᠠᠭ᠎ᠠ ᠰᠤᠷᠤᠭᠴᠢ ᠡᠯᠰᠡᠭᠰᠡᠨ ᠦᠷ᠎ᠡ ᠳ᠋ᠦᠩ ᠢᠶᠠᠨ | ᠢᠯᠡ ᠪᠠᠶᠢᠯᠭᠠᠵᠤ᠂ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠪᠠᠨ ᠴᠢᠩᠳᠠᠯᠠᠬᠤ ᠬᠡᠷᠡᠭᠲᠡᠢ᠃ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠲᠣᠪᠴᠢ ᠳᠦᠷᠢᠮ ᠪᠣᠯᠣᠨ ᠵᠠᠷ ᠮᠡᠳᠡᠭᠡ ᠪᠠᠨ ᠬᠢᠨᠠᠨ | ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠬᠤ ᠬᠡᠷᠡᠭᠲᠡᠢ᠃ | ᠠᠰᠠᠭᠤᠯᠲᠠ᠄ ᠬᠤᠳᠠ ᠶᠢᠨ ᠰᠢᠭᠤᠳ ᠬᠠᠷᠢᠶ᠎ᠠ ᠳᠤᠮᠳᠠᠳᠤ ᠰᠤᠷᠭᠠᠭᠤᠯᠢ ᠬᠡᠷᠬᠢᠨ ᠰᠣᠷᠣᠭᠴᠢ ᠡᠯᠰᠡᠬᠦ ᠪᠣᠶ︖ | | ᠬᠠᠷᠢᠭᠤᠯᠲᠠ᠄ ᠬᠤᠲᠠ ᠶᠢᠨ ᠰᠢᠭᠤᠳ ᠬᠠᠷᠢᠶ᠎ᠠ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠴᠥᠮ ᠬᠠᠷᠢᠶ᠎ᠠ ᠭᠠᠵᠠᠷ ᠲᠤᠨᠢ ᠬᠠᠮᠢᠶᠠᠷᠤᠭᠤᠯᠵᠤ᠂ | ᠰᠤᠯᠠ ᠪᠠᠶᠢᠭ᠎ᠠ ᠰᠤᠷᠤᠯᠭ᠎ᠠ ᠶᠢᠨ ᠣᠷᠣᠨ ᠪᠠᠶᠢᠷᠢ ᠶᠢ ᠪᠥᠬᠦ ᠬᠤᠲᠠ ᠺᠣᠮᠫᠢᠦ᠋ᠲ᠋ᠧᠷ ᠢᠶᠠᠷ ᠣᠷᠣᠨ ᠪᠠᠶᠢᠷᠢ | ᠲᠣᠬᠢᠷᠠᠭᠤᠯᠬᠤ ᠬᠡᠯᠪᠡᠷᠢ ᠪᠠᠷ ᠰᠣᠷᠣᠭᠴᠢ ᠡᠯᠰᠡᠵᠦ ᠪᠣᠯᠣᠨ᠎ᠠ᠃ | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠶᠠᠪᠤᠴᠠ ᠨᠢ ᠶᠡᠷᠦ ᠳᠡᠭᠡᠨ | ᠶᠠᠮᠠᠷ ᠪᠠᠶᠢᠳᠠᠭ ᠪᠤᠢ︖ | ᠬᠠᠷᠢᠭᠤᠯᠲᠠ᠄ ︽2021 ᠣᠨ ᠤ ᠪᠥᠬᠦ ᠬᠤᠳᠠ ᠶᠢᠨ ᠪᠠᠭ᠎ᠠ ᠰᠤᠷᠭᠠᠭᠤᠯᠢ ᠳᠤ ᠣᠷᠣᠬᠤ ᠳᠤ ︿ᠳᠥᠷᠪᠡᠨ | ᠨᠢᠭᠡᠳᠦᠯᠲᠡᠢ ᠪᠠᠶᠢᠯᠭᠠᠬᠤ﹀ ᠶᠢ ᠬᠡᠷᠡᠭᠵᠢᠭᠦᠯᠬᠦ ᠲᠤᠬᠠᠢ ᠮᠡᠳᠡᠭᠳᠡᠯ︾ ᠢ ᠦᠨᠳᠦᠰᠦᠯᠡᠪᠡᠯ᠂ 2021 ᠣᠨ ᠳᠤ ᠪᠥᠬᠦ | ᠬᠤᠳᠠ ᠶᠢᠨ ᠬᠢᠨ ᠨᠢᠭᠡᠳᠦᠯᠲᠡᠢ ᠴᠠᠭ ᠲᠤ ᠲᠤᠬᠠᠢ ᠶᠢᠨ ᠭᠠᠵᠠᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠲᠥᠰᠥᠯ ᠢ ᠨᠡᠶᠢᠲᠡᠯᠡᠵᠦ᠂ ᠨᠡᠷ᠎ᠡ ᠮᠡᠳᠡᠭᠦᠯᠬᠦ ᠮᠡᠳᠡᠭᠡ ᠵᠠᠩᠭᠢ ᠴᠤᠭᠯᠠᠭᠤᠯᠬᠤ ᠲᠠᠪᠴᠠᠩ ᠢ | ᠨᠢᠭᠡᠳᠦᠯᠲᠡᠢ ᠪᠠᠶᠢᠯᠭᠠᠵᠤ᠂ ᠮᠡᠳᠡᠭᠡ ᠵᠠᠩᠭᠢ ᠴᠤᠭᠯᠠᠭᠤᠯᠬᠤ ᠴᠠᠭ ᠢ ᠨᠢᠭᠡᠳᠦᠯᠲᠡᠢ ᠪᠠᠶᠢᠯᠭᠠᠨ᠂ ᠬᠢᠷᠢ ᠬᠡᠮ ᠢ ᠬᠢᠨᠠᠨ | ᠬᠠᠷᠭᠤᠭᠤᠯᠬᠤ ᠴᠠᠭ ᠢ ᠨᠢᠭᠡᠳᠦᠯᠲᠡᠢ ᠪᠠᠶᠢᠯᠭᠠᠨ᠎ᠠ᠃ 1. ᠡᠯ᠎ᠡ ᠬᠤᠰᠢᠭᠤ ᠰᠢᠶᠠᠨ ᠲᠣᠭᠤᠷᠢᠭ ᠰᠤᠷᠤᠭᠴᠢ ᠡᠯᠰᠡᠬᠦ | ᠲᠥᠷᠥ ᠶᠢᠨ ᠪᠣᠳᠣᠯᠭ᠎ᠠ᠂ ᠨᠡᠷ᠎ᠡ ᠮᠡᠳᠡᠭᠦᠯᠬᠦ ᠴᠠᠭ᠂ ᠭᠠᠵᠠᠷ ᠵᠢᠴᠢ ᠨᠡᠷ᠎ᠡ ᠮᠡᠳᠡᠭᠦᠯᠬᠦ ᠳᠤ ᠬᠡᠷᠡᠭᠰᠡᠬᠦ ᠡᠯ᠎ᠡ ᠵᠦᠢᠯ ᠤᠨ | ᠦᠨᠡᠮᠯᠡᠯ ᠵᠡᠷᠭᠡ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠨ᠎ᠡ᠃ 2. ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ | ᠮᠡᠳᠡᠭᠦᠯᠬᠦ ᠪᠠ ᠬᠢᠨᠠᠨ ᠬᠠᠷᠭᠤᠭᠤᠯᠬᠤ ᠠᠵᠢᠯ ᠳᠤ᠂ ᠪᠥᠬᠦ ᠬᠤᠲᠠ ᠳᠤ ᠨᠢᠭᠡᠳᠦᠯᠲᠡᠢ ︽ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ ᠰᠢᠰᠲ᠋ᠧᠮ︾ ᠢ | ᠪᠠᠶᠢᠭᠤᠯᠵᠤ᠂ ᠰᠤᠷᠭᠠᠭᠤᠯᠢ ᠳᠤ ᠣᠷᠣᠬᠤ ᠨᠥᠬᠦᠴᠡᠯ ᠳᠤ ᠨᠡᠶᠢᠴᠡᠬᠦ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ | ᠂ ᠪᠠᠭᠠᠴᠤᠳ ᠤᠨ ᠬᠢᠨᠠᠨ ᠬᠠᠮᠠᠭᠠᠯᠠᠭᠴᠢ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠶᠢᠨ ᠲᠣᠭᠲᠠᠭᠠᠭᠰᠠᠨ ᠴᠠᠭ ᠤᠨ ᠳᠣᠲᠣᠷ᠎ᠠ᠂ ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ | ᠲᠠᠪᠴᠠᠩ︾ ᠳᠤ ᠭᠠᠷᠴᠤ᠂ ᠬᠠᠮᠢᠶ᠎ᠠ ᠪᠦᠬᠦᠢ ᠲᠣᠳᠣᠷᠬᠠᠶᠢᠯᠠᠯᠲᠠ ᠪᠠ ᠰᠠᠨᠠᠭᠤᠯᠤᠮᠵᠢ ᠶᠢ ᠦᠨᠳᠦᠰᠦᠯᠡᠨ᠂ | ᠲᠣᠭᠲᠠᠭᠰᠠᠨ ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠪᠠ ᠬᠠᠷᠠᠭᠠᠯᠵᠠᠭᠰᠠᠨ | ᠨᠡᠷ᠎ᠡ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠠᠵᠢᠯ ᠢ ᠭᠦᠢᠴᠡᠳᠬᠡᠬᠦ ᠬᠡᠷᠡᠭᠲᠡᠢ᠃ ᠬᠠᠷᠢᠶ᠎ᠠ ᠪᠤᠰᠤ ᠭᠠᠵᠠᠷ ᠤᠨ | ᠡᠷᠦᠬᠡ ᠠᠮᠠ ᠶᠢᠨ ᠬᠠᠷᠢᠶ᠎ᠠ ᠲᠠᠢ ᠳᠠᠭᠠᠵᠤ ᠨᠡᠭᠦᠭᠰᠡᠨ ᠦᠷ᠎ᠡ ᠬᠡᠦᠬᠡᠳ ᠨᠢ ᠵᠥᠪᠬᠡᠨ ︽ᠣᠷᠣᠰᠢᠨ ᠰᠠᠭᠤᠬᠤ | ᠦᠨᠡᠮᠯᠡᠯ︾ ᠤᠨ ᠬᠠᠷᠢᠶ᠎ᠠ ᠭᠠᠵᠠᠷ ᠢ ᠰᠣᠩᠭᠤᠵᠤ ᠰᠦᠯᠵᠢᠶᠡᠨ ᠳᠡᠭᠡᠷ᠎ᠡ ᠮᠡᠳᠡᠭᠡ ᠵᠠᠩᠭᠢ ᠴᠤᠭᠯᠠᠭᠤᠯᠬᠤ ᠶᠢ | ᠬᠡᠷᠡᠭᠵᠢᠭᠦᠯᠬᠦ ᠮᠥᠷᠲᠡᠭᠡᠨ ᠵᠥᠪᠬᠡᠨ ᠲᠣᠰ ᠭᠠᠵᠠᠷ ᠣᠷᠣᠨ ᠳᠤ ᠰᠤᠷᠤᠯᠴᠠᠵᠤ᠂ ᠬᠢᠨᠠᠨ ᠬᠠᠷᠭᠤᠭᠤᠯᠬᠤ ᠦᠶ᠎ᠡ ᠳᠤ | ᠵᠠᠷᠴᠢᠮ ᠳᠡᠭᠡᠷ᠎ᠡ ᠪᠠᠨ ︽ᠣᠷᠣᠰᠢᠨ ᠰᠠᠭᠤᠬᠤ ᠦᠨᠡᠮᠯᠡᠯ︾ ᠢ ᠬᠠᠩᠭᠠᠵᠤ᠂ ᠪᠠᠭ᠎ᠠ ᠰᠤᠷᠭᠠᠭᠤᠯᠢ ᠳᠤ ᠣᠷᠣᠬᠤ | ᠦᠶ᠎ᠡ ᠳᠤ ︽ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ︾ ᠢ ᠨᠡᠮᠡᠵᠦ ᠬᠠᠩᠭᠠᠵᠤ᠂ ᠡᠯ᠎ᠡ ᠭᠠᠵᠠᠷ | ᠣᠷᠣᠨ ᠤ ᠬᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ ᠬᠢᠨᠠᠨ ᠬᠠᠷᠭᠤᠭᠤᠯᠬᠤ ᠶᠠᠪᠤᠴᠠ ᠶᠢ | ᠳᠥᠭᠦᠮᠴᠢᠯᠡᠵᠦ᠂ ᠰᠣᠷᠣᠭᠴᠢᠳ ᠤᠨ ᠭᠡᠷ ᠤᠨ ᠠᠬᠠᠮᠠᠳ ᠲᠤ ᠲᠥᠬᠦᠮ ᠦᠵᠡᠭᠦᠯᠬᠦ ᠶᠢ ᠵᠣᠷᠢᠭᠵᠢᠭᠤᠯᠤᠨ᠎ᠠ᠃ 3. | ᠬᠡᠰᠡᠭ ᠬᠤᠪᠢᠶᠠᠨ ᠰᠣᠷᠣᠭᠴᠢ ᠡᠯᠰᠡᠬᠦ᠂ ᠰᠤᠯᠠ ᠰᠤᠷᠤᠯᠭ᠎ᠠ ᠶᠢᠨ ᠣᠷᠣᠨ ᠪᠠᠶᠢᠷᠢ ᠶᠢ ᠰᠤᠷᠭᠠᠭᠤᠯᠢ ᠠᠴᠠ | ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠵᠢᠴᠢ ᠡᠯᠰᠡᠭᠰᠡᠨ ᠦᠷ᠎ᠡ ᠳ᠋ᠦᠩ ᠢ ᠪᠠᠶᠢᠴᠠᠭᠠᠨ ᠯᠠᠪᠯᠠᠨ᠎ᠠ᠃ 4. | ᠢᠯᠡ ᠪᠠᠷ ᠠᠩᠭᠢ ᠬᠤᠪᠢᠶᠠᠬᠤ᠃ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ | ᠡᠯ᠎ᠡ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠪᠠ ᠪᠣᠳᠠᠲᠠᠢ ᠰᠤᠷᠭᠠᠭᠤᠯᠢ ᠳᠤ ᠣᠷᠣᠬᠤ ᠰᠤᠷᠤᠭᠴᠢ ᠶᠢᠨ | ᠲᠤᠭ᠎ᠠ ᠵᠢᠴᠢ ᠬᠠᠮᠢᠶ᠎ᠠ ᠪᠦᠬᠦᠢ ᠠᠩᠭᠢ ᠶᠢᠨ ᠲᠣᠭᠠᠨ ᠤ ᠲᠣᠭᠲᠠᠭᠠᠯ ᠢ ᠦᠨᠳᠦᠰᠦᠯᠡᠨ᠂ ᠡᠯ᠎ᠡ ᠰᠤᠷᠭᠠᠭᠤᠯᠢ ᠶᠢᠨ | ᠠᠩᠭᠢ ᠶᠢᠨ ᠲᠤᠭ᠎ᠠ ᠶᠢ ᠵᠦᠢ ᠵᠣᠬᠢᠰᠲᠠᠢ ᠲᠣᠭᠲᠠᠭᠠᠵᠤ᠂ 3 ᠡᠳᠦᠷ ᠤᠷᠢᠳᠴᠢᠯᠠᠨ ᠠᠩᠭᠢ ᠬᠤᠪᠢᠶᠠᠬᠤ ᠴᠠᠭ ᠪᠠ | ᠭᠠᠵᠠᠷ ᠢ ᠲᠣᠭᠲᠠᠭᠠᠨ᠎ᠠ᠃ ︽ᠢᠯᠡ ᠪᠠᠷ ᠠᠩᠭᠢ ᠬᠤᠪᠢᠶᠠᠬᠤ︾ ᠲᠤᠬᠠᠢ ᠶᠢᠨ ᠲᠠᠯᠠᠪᠠᠶ ᠳᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠭᠡᠷ ᠤᠨ ᠠᠬᠠᠮᠠᠳ᠂ ᠪᠠᠭᠰᠢ᠂ ᠰᠣᠨᠢᠨ | ᠮᠡᠳᠡᠭᠡᠨ ᠤ ᠵᠠᠭᠤᠴᠢᠯᠠᠭᠤᠷ ᠵᠡᠷᠭᠡ ᠡᠯ᠎ᠡ ᠡᠲᠡᠭᠡᠳ ᠤᠨ ᠲᠥᠯᠥᠭᠡᠯᠡᠭᠴᠢᠳ ᠤᠨ ᠬᠢᠨᠠᠯᠲᠠ ᠲᠠᠯᠪᠢᠯᠲᠠ ᠳᠣᠣᠷ᠎ᠠ᠂ | ᠭᠡᠷ ᠤᠨ ᠠᠬᠠᠮᠠᠳ ᠤᠨ ᠲᠥᠯᠥᠭᠡᠯᠡᠭᠴᠢ ᠪᠤᠶᠤ ᠪᠠᠭᠰᠢ ᠶᠢᠨ ᠲᠥᠯᠥᠭᠡᠯᠡᠭᠴᠢ᠂ ᠲᠤᠬᠠᠢ ᠶᠢᠨ ᠲᠠᠯᠠᠪᠠᠶ ᠳᠤ | ᠺᠣᠮᠫᠢᠦ᠋ᠲ᠋ᠧᠷ ᠢᠶᠠᠷ ᠠᠩᠭᠢ ᠬᠤᠪᠢᠶᠠᠬᠤ ᠵᠥᠭᠡᠯᠡᠨ ᠲᠣᠨᠤᠭ ᠢ ᠬᠡᠷᠡᠭᠯᠡᠵᠦ᠂ ᠪᠥᠬᠦ ᠰᠢᠨ᠎ᠡ ᠰᠤᠷᠤᠭᠴᠢᠳ ᠢ ᠡᠷᠡᠭᠲᠡᠢ | ᠡᠮᠡᠭᠲᠡᠢ ᠬᠦᠢᠰᠦ ᠶᠢᠨ ᠢᠯᠭᠠᠯ ᠢᠶᠠᠷ ᠵᠦᠢ ᠵᠣᠬᠢᠰᠲᠠᠢ ᠲᠣᠬᠢᠷᠠᠭᠤᠯᠬᠤ ᠶᠣᠰᠣᠭᠠᠷ ᠺᠤᠮᠫᠢᠦ᠋ᠲ᠋ᠧᠷ ᠢᠶᠠᠷ ᠠᠩᠭᠢ | ᠲᠣᠬᠢᠷᠠᠭᠤᠯᠬᠤ ᠬᠡᠷᠡᠭᠲᠡᠢ᠃ ᠠᠩᠭᠢ ᠬᠤᠪᠢᠶᠠᠬᠤ ᠪᠥᠬᠦ ᠶᠠᠪᠤᠴᠠ ᠳᠤ ᠳᠦᠷᠰᠦ ᠰᠢᠩᠭᠡᠭᠡᠵᠦ᠂ ᠠᠩᠭᠢ ᠬᠤᠪᠢᠶᠠᠭᠰᠠᠨ | ᠦᠷ᠎ᠡ ᠳ᠋ᠦᠩ ᠢ ᠲᠤᠬᠠᠢ ᠶᠢᠨ ᠲᠠᠯᠠᠪᠠᠶ ᠳᠤ ᠳᠡᠪᠲᠡᠷ ᠪᠣᠯᠭᠠᠨ ᠳᠠᠷᠤᠮᠠᠯᠯᠠᠵᠤ᠂ ᠨᠢᠭᠡ ᠬᠡᠯᠪᠡᠷᠢ ᠶᠢᠨ 2 ᠬᠤᠪᠢ | ᠳᠠᠷᠤᠮᠠᠯᠯᠠᠵᠤ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠤ ᠳᠠᠷᠠᠭ᠎ᠠ᠂ ᠰᠤᠷᠭᠠᠭᠤᠯᠢ᠂ ᠬᠤᠰᠢᠭᠤ ᠰᠢᠶᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠣᠰ ᠲᠣᠰ ᠦᠯᠡᠳᠡᠭᠡᠬᠦ ᠶᠢᠨ ᠬᠠᠮᠲᠤ᠂ ᠡᠯ᠎ᠡ ᠰᠤᠷᠭᠠᠭᠤᠯᠢ | ᠨᠢ ᠰᠤᠷᠭᠠᠭᠤᠯᠢ ᠶᠢᠨ ᠬᠦᠷᠢᠶᠡᠨ ᠤ ᠢᠯᠡ ᠪᠠᠶᠢᠷᠢᠨ ᠳᠤ ᠠᠩᠭᠢ ᠬᠤᠪᠢᠶᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ | ᠬᠡᠷᠡᠭᠲᠡᠢ᠃ ᠠᠩᠭᠢ ᠬᠤᠪᠢᠶᠠᠭᠰᠠᠨ ᠨᠡᠷᠡᠰ ᠲᠣᠭᠲᠠᠭᠰᠠᠨ ᠤ ᠳᠠᠷᠠᠭ᠎ᠠ᠂ ᠰᠤᠷᠭᠠᠭᠤᠯᠢ ᠠᠴᠠ ᠠᠩᠭᠢ ᠶᠢᠨ ᠲᠤᠭ᠎ᠠ ᠶᠢ | ᠦᠨᠳᠦᠰᠦᠯᠡᠨ᠂ ᠰᠢᠪᠠᠭ᠎ᠠ ᠰᠤᠭᠤᠯᠤᠨ ᠠᠩᠭᠢ ᠶᠢᠨ ᠡᠷᠬᠢᠯᠡᠭᠴᠢ ᠶᠢᠨ ᠨᠡᠷᠡᠰ ᠢ ᠲᠣᠭᠲᠠᠭᠠᠬᠤ ᠶᠢᠨ ᠬᠠᠮᠲᠤ᠂ ︽ | ᠲᠡᠩᠴᠡᠭᠦᠷᠢᠲᠡᠢ ᠲᠣᠬᠢᠷᠠᠭᠤᠯᠬᠤ᠂ ᠪᠦᠲᠦᠴᠡ ᠨᠢ ᠵᠦᠢ ᠵᠣᠬᠢᠰᠲᠠᠢ︾ ᠵᠠᠷᠴᠢᠮ ᠶᠣᠰᠣᠭᠠᠷ ᠬᠠᠷᠠᠭᠠᠯᠵᠠᠭᠰᠠᠨ | ᠬᠢᠴᠢᠶᠡᠯ ᠵᠢᠭᠠᠬᠤ ᠪᠠᠭᠰᠢ ᠶᠢ ᠲᠣᠬᠢᠷᠠᠭᠤᠯᠤᠨ᠎ᠠ᠃ ᠡᠯ᠎ᠡ ᠰᠤᠷᠭᠠᠭᠤᠯᠢ ᠰᠤᠷᠭᠠᠭᠤᠯᠢ ᠡᠬᠢᠯᠡᠭᠰᠡᠨ ᠤ ᠳᠠᠷᠠᠭ᠎ᠠ | ᠢᠯᠡ ᠪᠠᠷ ᠠᠩᠭᠢ ᠬᠤᠪᠢᠶᠠᠭᠰᠠᠨ ᠦᠭᠡᠢ ᠰᠤᠷᠤᠭᠴᠢ ᠶᠢ ᠭᠥᠯᠢᠶᠡᠨ ᠠᠪᠬᠤ ᠶᠢ ᠴᠢᠩᠭ᠎ᠠ ᠴᠠᠭᠠᠵᠠᠯᠠᠵᠤ᠂ ᠢᠯᠡ ᠪᠠᠷ | ᠠᠩᠭᠢ ᠬᠤᠪᠢᠶᠠᠬᠤ ᠦᠷ᠎ᠡ ᠪᠦᠲᠦᠮᠵᠢ ᠶᠢ ᠪᠠᠲᠤᠯᠠᠨ᠎ᠠ᠃ | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠵᠢᠯ ᠳᠤ ᠶᠠᠮᠠᠷ | ᠠᠵᠢᠯ ᠤᠨ ᠰᠠᠬᠢᠯᠭ᠎ᠠ ᠪᠠᠲᠤ ᠪᠠᠶᠢᠬᠤ ᠪᠣᠶ︖ | ᠬᠠᠷᠢᠭᠤᠯᠲᠠ᠄ ᠲᠥᠯᠥᠪᠯᠡᠭᠡ ᠦᠭᠡᠢ᠂ ᠲᠥᠯᠥᠪᠯᠡᠭᠡ ᠠᠴᠠ ᠳᠠᠪᠠᠭᠤᠯᠤᠨ ᠰᠤᠷᠤᠭᠴᠢ ᠡᠯᠰᠡᠬᠦ ᠶᠢ ᠴᠢᠩᠭ᠎ᠠ | ᠴᠠᠭᠠᠵᠠᠯᠠᠵᠤ᠂ ᠰᠤᠷᠤᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ᠂ ᠰᠤᠷᠭᠠᠭᠤᠯᠢ ᠨᠢ ᠪᠤᠰᠤᠳ | ᠰᠤᠷᠭᠠᠭᠤᠯᠢ ᠳᠤ ᠡᠯᠰᠡᠭᠳᠡᠭᠰᠡᠨ ᠰᠤᠷᠤᠭᠴᠢ ᠶᠢ ᠳᠤᠷ᠎ᠠ ᠪᠠᠷ ᠢᠶᠠᠨ ᠡᠯᠰᠡᠵᠦ ᠪᠣᠯᠬᠤ ᠦᠭᠡᠢ︔ ᠥᠪᠡᠰᠦᠪᠡᠨ | ᠰᠣᠷᠣᠭᠴᠢ ᠰᠣᠩᠭᠤᠬᠤ ᠪᠠᠷ ᠵᠣᠷᠢᠯᠭ᠎ᠠ ᠪᠣᠯᠭᠠᠭᠰᠠᠨ ᠡᠯ᠎ᠡ ᠲᠥᠷᠥᠯ ᠤᠨ ᠰᠢᠯᠭᠠᠯᠲᠠ ᠶᠢ ᠵᠣᠬᠢᠶᠠᠨ ᠪᠠᠶᠢᠭᠤᠯᠬᠤ | ᠪᠤᠶᠤ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠲᠠᠢ ᠬᠠᠮᠲᠤᠷᠠᠨ ᠵᠣᠬᠢᠶᠠᠨ ᠪᠠᠶᠢᠭᠤᠯᠬᠤ ᠶᠢ ᠴᠢᠩᠭ᠎ᠠ | ᠴᠠᠭᠠᠵᠠᠯᠠᠨ᠎ᠠ︔ ᠰᠤᠷᠤᠭᠴᠢ ᠡᠯᠰᠡᠬᠦ ᠶᠢ ᠤᠷᠢᠳᠴᠢᠯᠠᠨ ᠵᠣᠬᠢᠶᠠᠨ ᠪᠠᠶᠢᠭᠤᠯᠬᠤ᠂ ᠬᠡᠯᠪᠡᠷᠢ ᠶᠢ ᠨᠢ ᠥᠭᠡᠷᠡᠲᠦᠭᠦᠯᠦᠨ | ︽ᠰᠢᠯᠢᠳᠡᠭ ᠢ ᠨᠢ ᠰᠣᠩᠭᠤᠬᠤ︾ ᠶᠢ ᠴᠢᠩᠭ᠎ᠠ ᠴᠠᠭᠠᠵᠠᠯᠠᠨ᠎ᠠ︔ ᠠᠯᠪᠠᠨ ᠠᠴᠠ ᠡᠷᠭᠢᠯᠡᠭᠰᠡᠨ ᠰᠤᠷᠭᠠᠭᠤᠯᠢ | ᠲᠣᠭᠲᠠᠭᠠᠯ ᠠᠴᠠ ᠵᠥᠷᠢᠴᠡᠨ ᠬᠤᠰᠢᠭᠤ ᠰᠢᠶᠠᠨ ᠲᠣᠭᠤᠷᠢᠭ ᠠᠯᠤᠰᠯᠠᠨ ᠰᠣᠷᠣᠭᠴᠢ ᠡᠯᠰᠡᠬᠦ ᠶᠢ ᠴᠢᠩᠭ᠎ᠠ | ᠴᠠᠭᠠᠵᠠᠯᠠᠨ᠎ᠠ︔ ᠡᠳ᠋ ᠪᠣᠳᠠᠰ ᠢᠶᠠᠷ ᠱᠠᠩᠨᠠᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠲᠥᠪ ᠪᠤᠰᠤ ᠠᠷᠭ᠎ᠠ | ᠪᠠᠷᠢᠯ ᠢᠶᠠᠷ ᠰᠤᠷᠤᠭᠴᠢ ᠲᠠᠲᠠᠬᠤ ᠶᠢ ᠴᠢᠩᠭ᠎ᠠ ᠴᠠᠭᠠᠵᠠᠯᠠᠨ᠎ᠠ︔ ᠰᠤᠷᠤᠭᠴᠢ ᠡᠯᠰᠡᠬᠦ ᠠᠵᠢᠯ ᠢ ᠠᠰᠢᠭᠯᠠᠨ | ᠰᠤᠷᠭᠠᠭᠤᠯᠢ ᠳᠤ ᠣᠷᠣᠬᠤ ᠯᠤᠭ᠎ᠠ ᠬᠤᠯᠪᠣᠭᠳᠠᠭᠤᠯᠤᠭᠰᠠᠨ ᠳᠡᠮᠵᠢᠯᠭᠡ ᠶᠢᠨ ᠰᠦᠢᠳᠬᠡᠯ ᠬᠤᠷᠢᠶᠠᠬᠤ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ︔ ᠡᠯ᠎ᠡ ᠲᠥᠷᠥᠯ ᠤᠨ | ᠤᠷᠤᠯᠳᠤᠭᠠᠨ ᠤ ᠦᠨᠡᠮᠯᠡᠯ᠂ ᠲᠣᠭᠠᠨ ᠤ ᠤᠬᠠᠭᠠᠨ ᠤ ᠣᠯᠢᠮᠫᠢᠺ ᠤᠨ ᠤᠷᠤᠯᠳᠤᠭᠠᠨ ᠵᠡᠷᠭᠡ ᠬᠢᠴᠢᠶᠡᠯ ᠲᠥᠷᠥᠯ ᠤᠨ | ᠤᠷᠤᠯᠳᠤᠭᠠᠨ ᠤ ᠬᠢᠷᠢ ᠪᠦᠲᠦᠮᠵᠢ ᠪᠤᠶᠤ ᠲᠠᠰ ᠰᠢᠯᠭᠠᠭᠰᠠᠨ ᠦᠨᠡᠮᠯᠡᠯ ᠵᠡᠷᠭᠡ ᠪᠠᠷ ᠰᠣᠷᠣᠭᠴᠢ ᠡᠯᠰᠡᠬᠦ ᠦᠨᠳᠦᠰᠦᠯᠡᠯ | ᠪᠣᠯᠭᠠᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ | ᠰᠤᠷᠭᠠᠭᠤᠯᠢ ᠳᠤ ᠶᠠᠮᠠᠷᠪᠠ ᠨᠡᠷ᠎ᠡ ᠪᠠᠷ ᠭᠤᠣᠯᠳᠠᠯᠭ᠎ᠠ ᠲᠠᠢ ᠠᠩᠭᠢ᠂ ᠲᠦᠷᠭᠡᠨ ᠤᠳᠠᠭᠠᠨ ᠠᠩᠭᠢ ᠪᠠᠶᠢᠭᠤᠯᠬᠤ ᠶᠢ | ᠴᠢᠩᠭ᠎ᠠ ᠴᠠᠭᠠᠵᠠᠯᠠᠨ᠎ᠠ︔ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠤᠭᠴᠢᠳ ᠤᠨ ᠬᠢᠷᠢ ᠪᠦᠲᠦᠮᠵᠢ ᠶᠢᠨ | ᠵᠢᠭᠰᠠᠭᠠᠯᠲᠠ ᠬᠢᠵᠦ᠂ ᠰᠤᠷᠭᠠᠭᠤᠯᠢ ᠳᠡᠪᠰᠢᠬᠦ ᠨᠣᠷᠮ᠎ᠠ ᠶᠢ ᠤᠬᠠᠭᠤᠯᠬᠤ ᠶᠢ ᠴᠢᠩᠭ᠎ᠠ ᠴᠠᠭᠠᠵᠠᠯᠠᠨ᠎ᠠ︔ ᠬᠥᠮᠥᠨ ᠪᠠ | ᠡᠷᠦᠬᠡ ᠠᠮᠠ ᠶᠢᠨ ᠬᠠᠷᠢᠶ᠎ᠠ ᠶᠢ ᠰᠠᠯᠭᠠᠬᠤ᠂ ᠰᠤᠷᠭᠠᠭᠤᠯᠢ ᠶᠢᠨ ᠬᠠᠷᠢᠶ᠎ᠠ ᠶᠢ ᠬᠤᠭᠤᠰᠤᠨ ᠡᠯᠭᠦᠬᠦ᠂ | ᠰᠤᠷᠭᠠᠭᠤᠯᠢ ᠶᠢᠨ ᠬᠠᠷᠢᠶ᠎ᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ | ᠲᠣᠭᠲᠠᠭᠠᠯ ᠠᠴᠠ ᠵᠥᠷᠢᠴᠡᠨ ᠣᠷᠣᠨ ᠪᠦᠰᠡ ᠠᠯᠤᠰᠯᠠᠨ ᠡᠯᠰᠡᠭᠰᠡᠨ ᠰᠤᠷᠤᠭᠴᠢ ᠪᠣᠯᠣᠨ ᠲᠣᠭᠲᠠᠭᠠᠯ ᠠᠴᠠ | ᠵᠥᠷᠢᠴᠡᠨ ᠰᠤᠷᠭᠠᠭᠤᠯᠢ ᠰᠢᠯᠵᠢᠭᠰᠡᠨ ᠰᠤᠷᠤᠭᠴᠢᠳ ᠲᠤ ᠰᠤᠷᠭᠠᠭᠤᠯᠢ ᠶᠢᠨ ᠬᠠᠷᠢᠶ᠎ᠠ ᠶᠢ ᠰᠢᠯᠵᠢᠭᠦᠯᠦᠨ ᠠᠪᠬᠤ ᠶᠢ | ᠭᠦᠢᠴᠡᠳᠬᠡᠵᠦ ᠪᠣᠯᠬᠤ ᠦᠭᠡᠢ᠃ | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠬᠡᠷᠬᠢᠨ ᠬᠠᠶᠢᠬᠤ ᠪᠤᠢ︖ | ᠬᠠᠷᠢᠭᠤᠯᠲᠠ᠄ ᠰᠣᠷᠣᠭᠴᠢ ᠡᠯᠰᠡᠬᠦ ᠬᠤᠭᠤᠴᠠᠭᠠᠨ ᠳᠤ ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ | ᠲᠠᠪᠴᠠᠩ ︵www . btjy . net︶︾ ᠪᠠ ︽ᠪᠤᠭᠤᠲᠤ ᠶᠢᠨ ᠰᠤᠷᠭᠠᠨ ᠬᠥᠮᠦᠵᠢᠯ ᠤᠨ ᠰᠦᠯᠵᠢᠶᠡᠨ | ᠳᠡᠭᠡᠷ᠎ᠡ︾ ᠵᠢᠷᠭᠢᠶ᠎ᠡ ᠶᠢᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠤᠨ ᠬᠢᠨ ᠡᠯ᠎ᠡ ᠭᠠᠵᠠᠷ ᠣᠷᠣᠨ ᠤ ᠰᠣᠷᠣᠭᠴᠢ | ᠡᠯᠰᠡᠬᠦ ᠲᠥᠰᠥᠯ ᠪᠠ ᠰᠣᠷᠣᠭᠴᠢ ᠡᠯᠰᠡᠬᠦ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠨᠡᠶᠢᠲᠡᠯᠡᠵᠦ᠂ | ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠴᠤ ᠬᠤᠰᠢᠭᠤ ᠰᠢᠶᠠᠨ ᠲᠣᠭᠤᠷᠢᠭ ᠤᠨ | ᠱᠠᠲᠤᠨ ᠤ ᠠᠯᠪᠠᠨ ᠤ ᠵᠢᠷᠭᠢᠶ᠎ᠡ ᠲᠠᠪᠴᠠᠩ ᠢᠶᠠᠷ ᠳᠠᠮᠵᠢᠭᠤᠯᠤᠨ ᠬᠠᠮᠲᠤ ᠳᠤᠨᠢ ᠨᠡᠶᠢᠲᠡᠯᠡᠨ᠎ᠡ᠃ | ᠠᠰᠠᠭᠤᠯᠲᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠶᠠᠪᠤᠴᠠ ᠳᠤ ᠠᠰᠠᠭᠤᠳᠠᠯ | ᠲᠤᠯᠭᠠᠷᠠᠪᠠᠯ ᠶᠠᠭᠠᠬᠢᠬᠤ ᠪᠣᠶ︖ | ᠬᠠᠷᠢᠭᠤᠯᠲᠠ᠄ ᠬᠠᠷᠢᠶ᠎ᠠ ᠭᠠᠵᠠᠷ ︵ᠬᠤᠰᠢᠭᠤ ᠰᠢᠶᠠᠨ ᠲᠣᠭᠤᠷᠢᠭ︶ ᠤᠨ ᠬᠠᠮᠢᠶᠠᠷᠤᠯᠲᠠ ᠶᠢᠨ ᠵᠠᠷᠴᠢᠮ | ᠶᠣᠰᠣᠭᠠᠷ᠂ ᠬᠠᠷᠢᠶ᠎ᠠ ᠭᠠᠵᠠᠷ ᠤᠨ ᠨᠡᠶᠢᠲᠡᠯᠡᠭᠰᠡᠨ ᠠᠰᠠᠭᠤᠨ ᠯᠠᠪᠯᠠᠬᠤ ᠤᠲᠠᠰᠤ ᠶᠢ ᠤᠲᠠᠰᠤᠳᠠᠬᠤ ᠪᠤᠶᠤ ᠬᠠᠷᠢᠶ᠎ᠠ | ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠴᠢᠵᠤ ᠠᠰᠠᠭᠤᠨ ᠯᠠᠪᠯᠠᠭᠠᠷᠠᠢ᠃ | |