ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ  ᠪᠤᠭᠤᠲᠤ ᠬᠤᠲᠠ ᠶᠢᠨ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠶᠠᠪᠤᠭᠳᠠᠵᠠᠢ
ᠨᠡᠶᠢᠲᠡᠯᠡᠭᠰᠡᠨ ᠴᠠᠭ᠄
2022/10/26
     9 ᠰᠠᠷ᠎ᠠ ᠶᠢᠨ 19 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ  70 ᠵᠢᠯ ᠤᠨ ᠣᠢ ᠶᠢ ᠪᠡᠯᠭᠡᠯᠡᠬᠦ ᠪᠤᠭᠤᠲᠤ ᠬᠤᠲᠠ ᠶᠢᠨ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ  ᠬᠥᠬᠡᠬᠤᠲᠠ ᠳᠤ ᠶᠠᠪᠤᠭᠳᠠᠪᠠ᠃ ᠬᠤᠷᠠᠯ ᠳᠡᠭᠡᠷ᠎ᠡ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ  ᠣᠷᠳᠣᠨ ᠤ ᠬᠠᠷᠢᠭᠤᠴᠠᠯᠭᠠᠲᠠᠨ ᠠᠴᠠ 70 ᠵᠢᠯ ᠤᠨ ᠲᠤᠷᠰᠢᠬᠢ᠂ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ  ᠶᠡᠭᠡ ᠬᠤᠷᠠᠯ ᠠᠴᠠ ᠨᠠᠭᠠᠰᠢᠬᠢ ᠪᠤᠭᠤᠲᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠠᠮᠢ ᠠᠬᠤᠢ ᠶᠢᠨ  ᠪᠣᠯᠪᠠᠰᠤᠨ ᠤ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠶᠢᠨ ᠪᠠᠶᠢᠳᠠᠯ ᠢ  ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃            ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠪᠤᠭᠤᠲᠤ ᠬᠤᠲᠠ ᠶᠢᠨ ᠠᠵᠤ  ᠠᠬᠤᠢ ᠪᠣᠳᠠᠲᠤ ᠬᠦᠴᠦᠨ ᠶᠡᠭᠡ ᠪᠠᠷ ᠳᠡᠭᠡᠭᠰᠢᠯᠡᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠡᠳᠦᠷ ᠢᠷᠡᠬᠦᠶ᠎ᠡ  ᠰᠢᠨᠡᠳᠦᠨ ᠠᠷᠠᠳ ᠤᠨ ᠠᠮᠢᠳᠤᠷᠠᠯ ᠲᠣᠭᠲᠠᠭᠤᠨ ᠢᠶᠠᠷ ᠳᠡᠭᠡᠭᠰᠢᠯᠡᠭᠰᠡᠨ ᠪᠠᠶᠢᠨ᠎ᠠ᠃ 2018 ᠣᠨ ᠳᠤ ᠪᠦᠬᠦ  ᠬᠤᠳᠠ ᠶᠢᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠠ ᠡᠳ᠋ ᠤᠨ ᠵᠠᠰᠠᠭ ᠤᠨ  ᠣᠷᠣᠯᠭ᠎ᠠ  ᠨᠢ 1952 ᠣᠨ ᠤ ᠬᠢ ᠠᠴᠠ ᠲᠤᠰ ᠪᠦᠷᠢ 1628 ᠳᠠᠬᠢᠨ ᠪᠠ 2426 ᠳᠠᠬᠢᠨ ᠨᠡᠮᠡᠭᠳᠡᠵᠦ᠂  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠲᠤᠰ ᠪᠦᠷᠢ 47407 ᠲᠥᠭᠦᠷᠢᠭ ᠪᠠ 17435  ᠲᠥᠭᠦᠷᠢᠭ ᠲᠤ ᠬᠦᠷᠴᠦ᠂ ᠮᠠᠨ ᠤ ᠤᠯᠤᠰ ᠤᠨ ᠪᠠᠷᠠᠭᠤᠨ ᠪᠡᠶ᠎ᠡ ᠶᠢᠨ ᠬᠤᠲᠠ ᠶᠢᠨ ᠳᠣᠲᠣᠷ᠎ᠠ ᠨᠢᠭᠡᠳᠦᠭᠡᠷ ᠪᠠ  ᠵᠢᠷᠭᠤᠳᠤᠭᠠᠷ ᠲᠤ ᠣᠷᠣᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠤᠭᠤᠲᠤ ᠬᠤᠲᠠ ︽ ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠢ ᠡᠷᠡᠰ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠰᠢᠨ᠎ᠡ ᠶᠢ ᠡᠭᠦᠳᠬᠦ ᠪᠠ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠠᠮᠵᠢᠯᠴᠠᠨ  ᠬᠦᠭᠵᠢᠬᠦ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠵᠤ᠂ ᠠᠮᠢ ᠠᠬᠤᠢ ᠶᠢ ᠰᠡᠷᠭᠦᠭᠡᠬᠦ ᠪᠠ ᠪᠣᠬᠢᠷᠳᠤᠯ ᠢ  ᠰᠡᠷᠭᠡᠶᠢᠯᠡᠨ ᠵᠠᠰᠠᠬᠤ ᠶᠢ ᠵᠡᠷᠭᠡ ᠪᠠᠷ ᠠᠳᠬᠤᠨ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ  ᠭᠦᠢᠴᠡᠳ ᠬᠥᠭᠵᠢᠭᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ  ᠲᠠᠰᠤᠷᠠᠯᠲᠠ ᠦᠭᠡᠢ ᠳᠡᠭᠡᠭᠰᠢᠯᠡᠭᠦᠯᠵᠤ ᠪᠠᠶᠢᠨ᠎ᠠ᠃ ︵ᠰᠤᠷᠪᠤᠯᠵᠢᠯᠠᠭᠴᠢ  ᠴᠡᠯᠮᠡᠭ︶
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1