ᠰᠤᠷᠪᠤᠯᠵᠢᠯᠠᠭᠴᠢ᠄ ᠪᠤᠭᠤᠲᠤ ᠬᠤᠳᠠ ᠶᠢᠨ ᠬᠤᠳᠠ ᠶᠢᠨ ᠲᠥᠯᠦᠪᠵᠢᠭᠦᠯᠭᠡ ᠶᠢᠨ ᠲᠠᠯ᠎ᠠ ᠪᠠᠷ ᠬᠢ ᠠᠷᠭ᠎ᠠ | ᠬᠢᠳᠡᠯ ᠵᠢᠴᠢ ᠠᠮᠵᠢᠯᠲᠠ ᠪᠦᠳᠦᠮᠵᠢ ᠶᠢᠨ ᠲᠤᠬᠠᠢ ᠲᠠᠨᠢᠯᠴᠠᠭᠤᠯᠤᠭᠠᠳ ᠥᠭᠭᠦᠨ᠎ᠡ ᠤᠤ︖ | ᠪᠤᠭᠤᠲᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ | ᠳᠡᠳ᠋ ᠳᠠᠷᠤᠭ᠎ᠠ ᠵᠠᠩ ᠵᠢᠶᠠᠨ ᠵᠦᠩ᠄ | ᠪᠤᠭᠤᠲᠤ ᠶᠢᠨ ᠬᠤᠳᠠ ᠶᠢᠨ ᠲᠥᠯᠦᠪᠵᠢᠭᠦᠯᠭᠡ ᠶᠢᠨ ᠲᠡᠦᠬᠡ ᠨᠢ ᠪᠤᠭᠤᠲᠤ ᠬᠤᠳᠠ ᠶᠢᠨ ᠤᠯᠤᠰ | ᠪᠠᠶᠢᠭᠤᠯᠤᠭᠳᠠᠭᠰᠠᠨ ᠠᠩᠬᠠᠨ ᠤ ᠦᠶ᠎ᠡ ᠠᠴᠠ ᠥᠭᠡᠷᠡᠴᠢᠯᠡᠯᠲᠡ ᠨᠡᠭᠡᠭᠡᠯᠲᠡ ᠶᠢᠨ ᠴᠠᠭ ᠦᠶ᠎ᠡ ᠬᠦᠷᠲᠡᠯᠡᠬᠢ᠂ | ᠠᠬᠢᠭᠠᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠡᠦᠬᠡᠨ ᠠᠬᠢᠴᠠ ᠶᠢ ᠬᠤᠯᠪᠣᠵᠤ᠂ | ᠪᠤᠭᠤᠲᠤ ᠬᠤᠳᠠ ᠶᠢᠨ 70 ᠵᠢᠯ ᠤᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠳᠤ ᠣᠯᠣᠭᠰᠠᠨ ᠬᠡᠷᠡᠯ | ᠰᠠᠴᠤᠷᠠᠩᠭᠤᠢ ᠠᠮᠵᠢᠯᠲᠠ ᠪᠦᠳᠦᠮᠵᠢ ᠶᠢ ᠭᠡᠷᠡᠴᠢᠯᠡᠵᠦ ᠪᠠᠶᠢᠨ᠎ᠠ᠃ 1955 ᠣᠨ ᠤ ᠠᠩᠬᠠᠳᠠᠭᠴᠢ ᠤᠳᠠᠭ᠎ᠠ ᠶᠢᠨ | ᠬᠤᠳᠠ ᠶᠢᠨ ᠲᠥᠯᠦᠪᠵᠢᠭᠦᠯᠭᠡ ᠪᠣᠯ ᠨᠠᠮ ᠤᠨ ᠲᠥᠪ ᠬᠤᠷᠢᠶ᠎ᠠ ᠠᠴᠠ ᠰᠢᠭᠤᠳ ᠴᠣᠬᠤᠯᠠᠪᠤᠷᠢ ᠥᠭᠭᠦᠭᠰᠡᠨ ᠪᠦᠬᠦ | ᠤᠯᠤᠰ ᠤᠨ ᠴᠤᠷ ᠤᠨ ᠭᠠᠭᠴᠠ ᠭᠠᠵᠠᠷ ᠤᠨ ᠲᠡᠰ ᠤᠨ ᠬᠤᠳᠠ ᠶᠢᠨ ᠲᠥᠯᠦᠪᠵᠢᠭᠦᠯᠭᠡ ᠪᠤᠯᠬᠤ ᠶᠤᠮ᠃ ᠲᠤᠰ | ᠲᠥᠯᠦᠪᠵᠢᠭᠦᠯᠭᠡ ᠨᠢ ᠪᠤᠭᠤᠲᠤ ᠬᠤᠳᠠ ᠶᠢᠨ ᠥᠨᠥᠳᠥᠷ ᠤᠨ ︽ᠨᠢᠭᠡ ᠬᠤᠳᠠ ᠬᠤᠶᠠᠷ ᠲᠣᠭᠤᠷᠢᠭ︾ ᠤᠨ | ᠦᠨᠳᠦᠰᠦᠨ ᠪᠠᠶᠢᠷᠢᠰᠢᠯ ᠢ ᠪᠦᠷᠢᠯᠳᠦᠭᠦᠯᠵᠡᠢ᠃ | ᠬᠡᠳᠦᠨ ᠠᠷᠪᠠᠨ ᠵᠢᠯ ᠤᠨ ᠲᠤᠷᠰᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ | ᠲᠥᠯᠦᠪᠵᠢᠭᠦᠯᠭᠡ ᠶᠣᠰᠣᠭᠠᠷ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠢᠶᠠᠷ᠂ ᠬᠤᠳᠠ ᠶᠢᠨ | ᠴᠢᠳᠠᠪᠬᠢ ᠶᠢᠨ ᠪᠠᠶᠢᠷᠢᠰᠢᠯ ᠲᠠᠰᠤᠷᠠᠯᠳᠠ ᠦᠭᠡᠢ ᠰᠢᠯᠢᠳᠡᠭᠵᠢᠵᠦ᠂ ᠭᠤᠣᠯ ᠬᠤᠳᠠ ᠪᠣᠯᠣᠨ ᠪᠠᠭ᠎ᠠ ᠬᠤᠳᠠ ᠪᠠᠯᠭᠠᠰᠤ | ᠵᠣᠬᠢᠴᠠᠩᠭᠤᠢ ᠬᠥᠭᠵᠢᠵᠦ᠂ ᠬᠤᠳᠠ ᠪᠠᠯᠭᠠᠰᠤᠨ ᠤ ᠦᠢᠯᠡᠴᠢᠯᠡᠭᠡᠨ ᠤ ᠴᠢᠳᠠᠪᠬᠢ ᠪᠦᠬᠦ ᠲᠠᠯ᠎ᠠ ᠪᠠᠷ ᠳᠡᠭᠡᠭᠰᠢᠯᠡᠭᠰᠡᠨ | ᠪᠠᠶᠢᠨ᠎ᠠ᠃ ᠡᠭᠦᠨ ᠤ ᠬᠠᠮᠲᠤ᠂ ᠬᠤᠳᠠ ᠶᠢᠨ ᠶᠡᠷᠦᠩᠬᠡᠢ ᠲᠥᠯᠦᠪᠵᠢᠭᠦᠯᠭᠡ ᠶᠢᠨ ᠵᠢᠯᠣᠭᠤᠳᠤᠯᠭ᠎ᠠ ᠳᠣᠣᠷ᠎ᠠ᠂ | ᠪᠤᠭᠤᠲᠤ ᠬᠤᠳᠠ ᠨᠢ ᠤᠯᠠᠨ ᠲᠦᠷᠦᠯ ᠤᠨ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | ᠥᠪᠡᠷᠲᠡᠭᠡᠨ ᠵᠠᠰᠠᠬᠤ ᠣᠷᠣᠨ ᠳᠤ ᠲᠦᠷᠦᠭᠦᠯᠡᠨ ᠲᠤᠰᠬᠤᠨ ᠪᠠᠯᠭᠠᠰᠤᠨ ᠤ ᠲᠥᠯᠦᠪᠵᠢᠭᠦᠯᠭᠡ ᠶᠢ ᠪᠦᠷᠬᠦᠬᠦᠯᠬᠦ᠂ | ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠬᠡᠷᠡᠭᠯᠡᠬᠦ ᠬᠦᠷᠢᠶ᠎ᠡ ᠬᠡᠪᠴᠢᠶ᠎ᠡ ᠶᠢ ᠡᠵᠡᠮᠳᠡᠬᠦ ᠴᠢᠨᠠᠷᠲᠠᠢ ᠨᠠᠷᠢᠨ | ᠲᠥᠯᠦᠪᠵᠢᠭᠦᠯᠭᠡ ᠶᠢ ᠪᠦᠷᠬᠦᠬᠦᠯᠬᠦ ᠶᠢ ᠪᠡᠶᠡᠯᠡᠭᠦᠯᠵᠡᠢ᠃ ︽ᠬᠤᠳᠠ ᠶᠢᠨ ᠬᠤᠣᠰ ᠵᠠᠰᠠᠯᠲᠠ︾ ᠶᠢᠨ ᠢᠨᠵᠧᠨᠧᠷᠢᠩ᠂ | ᠬᠤᠳᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠠᠳᠠᠯ ᠠᠬᠤᠢ ᠶᠢᠨ ᠬᠠᠮᠢᠶᠠᠷᠤᠯᠲᠠ ᠶᠢ | ᠲᠡᠰ ᠲᠡᠪᠰᠢᠬᠦᠯᠬᠦ ᠵᠡᠷᠭᠡ ᠬᠤᠳᠠ ᠶᠢᠨ ᠳᠦᠷᠢ ᠲᠥᠷᠬᠦ ᠬᠡᠪ ᠴᠢᠨᠠᠷ ᠢ ᠲᠡᠬᠡᠭᠰᠢᠯᠡᠬᠦᠯᠬᠦ ᠳᠤ ᠬᠤᠯᠪᠣᠭᠳᠠᠭᠰᠠᠨ᠂ | ᠬᠤᠳᠠ ᠶᠢᠨ ᠠᠷᠠᠳ ᠤᠯᠠᠨ ᠤ ᠦᠨᠳᠦᠰᠦᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠲᠠᠢ | ᠠᠵᠢᠯ ᠤᠳ ᠢ ᠰᠢᠰᠲ᠋ᠧᠮ ᠲᠠᠢ ᠥᠷᠨᠢᠭᠦᠯᠬᠦ ᠪᠠᠷ ᠲᠡᠮᠵᠢᠨ᠂ ᠬᠥᠮᠥᠰ ᠤᠨ ᠣᠷᠣᠰᠢᠨ ᠰᠠᠭᠤᠬᠤ ᠳᠤ ᠲᠠᠭᠠᠯᠠᠮᠵᠢᠲᠠᠢ | ᠬᠤᠳᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠤᠯᠭᠠᠬᠰᠠᠨ ᠪᠠᠶᠢᠨ᠎ᠠ᠃ | ᠰᠤᠷᠪᠤᠯᠵᠢᠯᠠᠭᠴᠢ᠄ ᠪᠤᠭᠤᠲᠤ ᠬᠤᠳᠠ ᠥᠪᠡᠷᠲᠡᠭᠡᠨ ᠵᠠᠰᠠᠬᠤ ᠣᠷᠣᠨ ᠳᠤ ᠲᠦᠷᠦᠭᠦᠯᠡᠨ ᠠᠵᠤ ᠠᠬᠤᠶᠢᠯᠠᠯ | ᠣᠷᠣᠨ ᠨᠤᠲᠤᠭ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠲᠣᠭᠲᠠᠴᠠ ᠶᠢ ᠪᠠᠶᠢᠭᠤᠯᠵᠠᠢ᠂ ᠪᠣᠳᠠᠲᠠᠢ ᠠᠵᠢᠯ | ᠳᠤᠮᠳᠠ ᠡᠨᠡ ᠬᠦ ᠳᠦᠷᠢᠮ ᠢ ᠬᠡᠷᠬᠢᠨ ᠬᠡᠷᠡᠭᠵᠢᠭᠦᠯᠦᠭᠰᠡᠨ ᠪᠤᠢ︖ | ᠪᠤᠭᠤᠲᠤ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠤᠤ ᠵᠢᠶᠠᠩ ᠲᠤᠤ᠄ | | ᠨᠢᠭᠡ ᠳᠤ᠂ ᠪᠦᠬᠦ ᠲᠠᠯ᠎ᠠ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠤᠯᠭᠠᠵᠦ᠂ ᠠᠵᠤ ᠠᠬᠤᠶᠢᠯᠠᠯ | ᠣᠷᠣᠨ ᠨᠤᠲᠤᠭ ᠢ ᠠᠭᠤᠰᠤᠯᠴᠠᠭᠤᠯᠤᠨ ᠬᠥᠭᠵᠢᠭᠦᠯᠬᠦ ᠬᠠᠮᠲᠤ ᠶᠢᠨ ᠲᠠᠨᠢᠯᠲᠠ ᠶᠢ ᠪᠤᠢ ᠪᠣᠯᠭᠠᠪᠠ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠲᠦᠷᠦ ᠶᠢᠨ ᠪᠣᠳᠣᠯᠭ᠎ᠠ ᠲᠣᠭᠲᠠᠭᠠᠵᠤ᠂ ᠲᠣᠭᠲᠠᠴᠠ ᠶᠢ ᠪᠠᠶᠢᠭᠤᠯᠤᠨ᠂ | ᠲᠠᠪᠴᠠᠩ ᠭᠠᠷᠭᠠᠨ᠂ ᠦᠢᠯᠡᠴᠢᠯᠡᠭᠡ ᠪᠠᠨ ᠰᠢᠯᠢᠳᠡᠭᠵᠢᠭᠦᠯᠬᠦ ᠶᠢ ᠠᠬᠢᠭᠤᠯᠬᠤ ᠪᠠᠷ ᠲᠠᠮᠵᠢᠨ ᠪᠡᠯᠡ ᠮᠥᠩᠭᠦ᠂ ᠮᠡᠷᠭᠡᠵᠢᠯ | ᠂ ᠴᠢᠳᠠᠪᠤᠷᠢᠲᠠᠨ᠂ ᠵᠠᠬ᠎ᠠ ᠳᠡᠯᠭᠡᠭᠦᠷ᠂ ᠮᠥᠩᠭᠦᠨ ᠭᠦᠢᠯᠭᠡᠭᠡ᠂ ᠮᠡᠳᠡᠭᠡ ᠵᠠᠩᠭᠢ᠂ ᠵᠠᠮ ᠬᠠᠷᠢᠯᠴᠠᠭ᠎ᠠ ᠵᠡᠷᠭᠡ ᠡᠯ᠎ᠡ | ᠲᠦᠷᠦᠯ ᠤᠨ ᠳᠠᠪᠠᠭᠤᠯᠢᠭ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠬᠠᠷᠢᠯᠴᠠᠨ ᠨᠡᠪᠲᠡᠷᠡᠬᠦ ᠶᠢ ᠬᠥᠲᠥᠯᠥᠨ | ᠵᠢᠯᠤᠭᠤᠳᠬᠤ ᠪᠠ ᠲᠦᠯᠬᠢᠨ ᠠᠬᠢᠭᠤᠯᠵᠤ᠂ ᠪᠤᠭᠤᠲᠤ ᠶᠢᠨ ᠬᠦᠴᠦᠨ ᠵᠦᠢᠯ ᠤᠨ ᠪᠥᠭᠡᠮᠨᠡᠷᠡᠯ ᠤᠨ ᠳᠠᠪᠠᠭᠤᠯᠢᠭ ᠢ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠠᠢ᠃ ᠬᠤᠶᠠᠷ ᠲᠤ᠂ ︽ | ᠬᠤᠶᠠᠷ ᠲᠣᠭᠲᠠᠴᠠ︾ ᠶᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠣᠷᠣᠨ ᠨᠤᠲᠤᠭ ᠡᠭᠤᠰᠤᠯᠴᠠᠨ ᠬᠦᠭᠵᠢᠬᠦ | ᠬᠠᠮᠲᠤᠷᠠᠯ ᠤᠨ ᠬᠦᠴᠦᠨ ᠢ ᠪᠤᠢ ᠪᠣᠯᠭᠠᠪᠠ᠃ ︽ᠬᠡᠯᠬᠢᠶᠡᠵᠢᠯ ᠤᠨ ᠳᠠᠷᠤᠭ᠎ᠠ︾ ᠬᠤᠳᠠᠯᠳᠤᠭᠠᠴᠢᠨ ᠤᠷᠢᠬᠤ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠨᠢᠭᠡ ᠬᠤᠳᠠ ᠶᠢᠨ ᠲᠡᠰ ᠤᠨ ᠤᠳᠤᠷᠢᠳᠤᠯᠭ᠎ᠠ ᠨᠢᠭᠡ ᠵᠤᠷᠪᠤᠰ ᠠᠵᠤ | ᠠᠬᠤᠶᠢᠯᠠᠯ ᠤᠨ ᠬᠡᠯᠬᠢᠶᠡᠵᠢᠯ ᠢ ᠳᠠᠭᠠᠭᠤᠯᠬᠤ ᠵᠠᠷᠴᠢᠮ ᠶᠣᠰᠣᠭᠠᠷ᠂ 12 ᠬᠤᠳᠠ ᠶᠢᠨ ᠲᠡᠰ ᠤᠨ ᠤᠳᠤᠷᠢᠳᠤᠯᠭ᠎ᠠ ︽ | ᠬᠡᠯᠬᠢᠶᠡᠵᠢᠯ ᠤᠨ ᠳᠠᠷᠤᠭ᠎ᠠ︾ ᠶᠢ ᠡᠭᠦᠷᠭᠡᠯᠡᠵᠦ᠂ 37 ᠳᠡᠳ᠋ ᠬᠡᠯᠬᠢᠶᠡᠵᠢᠯ ᠤᠨ ᠳᠠᠷᠤᠭ᠎ᠠ ᠵᠢᠴᠢ 70 ᠭᠠᠵᠠᠷ ᠣᠷᠣᠨ | ᠂ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠠᠮᠲᠤ ᠪᠠᠷ ︽ᠬᠡᠯᠬᠢᠶᠡᠵᠢᠯ ᠤᠨ ᠳᠠᠷᠤᠭ᠎ᠠ︾ | ᠶᠢᠨ ᠪᠦᠯᠬᠦᠮ ᠢ ᠪᠦᠷᠢᠯᠳᠦᠭᠦᠯᠵᠡᠢ᠃ ︽ᠪᠦᠯᠦᠭᠯᠡᠯ ᠤᠨ ᠳᠠᠷᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠵᠤ᠂ 7 ᠲᠣᠮᠣ ᠬᠡᠯᠪᠡᠷᠢ ᠶᠢᠨ ᠭᠤᠣᠯᠯᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠦᠢᠯᠡᠰ ᠤᠨ | ︽ᠪᠦᠯᠦᠭᠯᠡᠯ ᠤᠨ ᠳᠠᠷᠤᠭ᠎ᠠ︾ ᠶᠢᠨ ᠪᠦᠯᠬᠦᠮ ᠢ ᠪᠠᠶᠢᠭᠤᠯᠵᠤ ᠠᠵᠤ ᠦᠢᠯᠡᠰ ᠤᠨ ᠪᠦᠯᠦᠭᠯᠡᠯ ᠤᠨ ᠬᠥᠭᠵᠢᠯᠲᠡ ᠶᠢᠨ | ᠰᠡᠳᠬᠢᠴᠡ ᠪᠠ ᠰᠠᠨᠠᠯ ᠰᠠᠨᠠᠭᠤᠯᠭ᠎ᠠ ᠶᠢ ᠳᠤᠷᠠᠳᠴᠠᠢ᠃ ᠭᠤᠷᠪᠠ᠂ ︽ᠵᠢᠷᠭᠤᠭᠠᠨ ᠶᠡᠭᠡ ᠲᠠᠪᠴᠠᠩ︾ ᠢ ᠪᠠᠶᠢᠭᠤᠯᠵᠤ | ᠂ ᠠᠵᠤ ᠠᠬᠤᠶᠢᠯᠠᠯ ᠣᠷᠣᠨ ᠨᠤᠲᠤᠭ ᠤᠨ ᠡᠯᠧᠮᠧᠨ᠋ᠲ ᠢ ᠠᠭᠤᠰᠤᠯᠴᠠᠭᠤᠯᠤᠨ ᠬᠥᠭᠵᠢᠭᠦᠯᠬᠦ ᠵᠠᠮ ᠢ ᠨᠡᠪᠲᠡᠷᠡᠭᠦᠯᠪᠡ᠃ | ᠠᠵᠤ ᠦᠢᠯᠡᠰ ᠤᠨ ᠬᠠᠮᠲᠤᠷᠠᠯᠴᠠᠭ᠎ᠠ᠂ ᠪᠦᠲᠦᠭᠡᠭᠳᠡᠬᠦᠨ ᠢ ᠬᠤᠳᠠᠯᠳᠤᠨ ᠠᠪᠬᠤ ᠪᠠ ᠪᠣᠷᠣᠯᠠᠭᠤᠯᠬᠤ᠂ ᠮᠡᠳᠡᠭᠡ | ᠵᠠᠩᠭᠢ ᠴᠢᠮᠡᠭᠡ ᠨᠡᠪᠲᠡᠷᠡᠯᠭᠡ᠂ ᠴᠡᠷᠢᠭ ᠠᠷᠠᠳ ᠤᠨ ᠬᠠᠮ ᠬᠥᠭᠵᠢᠭᠦᠯᠦᠯᠲᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠬᠦᠳᠬᠦ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠵᠢᠷᠭᠤᠭᠠᠨ ᠶᠡᠭᠡ ᠲᠠᠪᠴᠠᠩ ᠢ | ᠪᠠᠶᠢᠭᠤᠯᠵᠤ᠂ ᠠᠵᠤ ᠠᠬᠤᠶᠢᠯᠠᠯ ᠣᠷᠣᠨ ᠨᠤᠲᠤᠭ ᠤᠨ ᠭᠦᠨᠵᠡᠭᠡᠢ ᠠᠭᠤᠰᠤᠯᠴᠠᠯ᠂ ᠠᠰᠢᠭ ᠲᠤᠰᠠ ᠶᠢᠨ | ᠬᠠᠮᠲᠤ ᠶᠢᠨ ᠴᠣᠭᠴᠠ ᠶᠢ ᠪᠦᠷᠢᠯᠳᠦᠭᠦᠯᠬᠦ ᠳᠤ ᠠᠰᠢᠭᠲᠠᠢ ᠨᠥᠬᠦᠴᠡᠯ ᠬᠠᠩᠭᠠᠵᠠᠢ᠃ | ᠰᠤᠷᠪᠤᠯᠵᠢᠯᠠᠭᠴᠢ᠄ ᠪᠤᠭᠤᠲᠤ ᠬᠤᠲᠠ ᠬᠠᠭᠤᠴᠢᠨ ᠠᠵᠤ ᠦᠢᠯᠡᠳᠪᠦᠷᠢ ᠶᠢᠨ ᠬᠤᠲᠠ ᠪᠣᠯᠤᠭᠰᠠᠨ ᠤ | ᠬᠤᠪᠢ ᠳᠤ᠂ ᠬᠡᠷᠬᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠳᠠᠭᠠᠤ ᠥᠨᠳᠥᠷ ᠬᠢᠷᠢ ᠲᠦᠪᠰᠢᠨ ᠪᠦᠬᠦᠢ | ᠠᠮᠢ ᠠᠬᠤᠢ ᠶᠢᠨ ᠬᠠᠮᠠᠭᠠᠯᠠᠯᠲᠠ ᠶᠢ ᠪᠡᠶᠡᠯᠡᠭᠦᠯᠦᠭᠰᠡᠨ ᠪᠤᠢ︖ | ᠪᠤᠭᠤᠲᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠤᠤ ᠵᠢᠶᠠᠩ ᠲᠤᠤ | ᠤᠢᠢᠷ᠎ᠠ ᠶᠢᠨ ᠵᠢᠯ ᠤᠨ ᠲᠤᠷᠰᠢ᠂ ᠪᠤᠭᠤᠲᠦ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠬᠦᠬᠡᠮᠳᠦᠭ | ᠨᠤᠭᠤᠭᠠᠨ ᠠᠭᠤᠯᠠ ᠤᠰᠤ ᠪᠤᠯ ᠠᠯᠲᠠᠨ ᠮᠦᠡᠭᠭᠦᠨ ᠠᠭᠤᠯᠠ︾ ᠭᠡᠬᠦ ᠠᠮᠢ ᠠᠬᠤᠢ ᠶᠢᠨ ᠣᠢᠢᠯᠠᠭᠠᠭᠳᠠᠬᠤᠨ ᠢ ᠪᠠᠲᠤ | ᠪᠣᠶ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠳᠬᠠᠭᠰᠠᠭᠠᠷ ᠢᠷᠡᠵᠡᠢ᠃ ᠨᠢᠭᠡ ᠳᠤ᠂ | ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠳᠡᠭᠡᠷ᠎ᠡ ᠬᠦᠴᠦ ᠲᠠᠯᠪᠢᠵᠠᠢ᠃ ᠤᠯᠠᠮᠵᠢᠯᠠᠯᠲᠤ ᠠᠵᠤ | ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦ ᠶᠢ ᠠᠬᠢᠭᠤᠯᠬᠤ ᠵᠢᠴᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ᠂ ᠬᠤᠪᠣᠷ ᠰᠢᠷᠣᠶ ᠶᠢᠨ ᠠᠵᠤ ᠦᠢᠯᠡᠰ᠂ | ᠣᠶᠤᠨᠴᠢ ᠦᠢᠯᠡᠳᠭᠡᠯ ᠵᠡᠷᠭᠡ ᠳᠥᠷᠪᠡᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠤᠬᠲᠠᠭᠠᠪᠠ᠃ | ᠬᠤᠶᠠᠷ ᠲᠤ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠬᠤ ᠲᠠᠯ᠎ᠠ ᠪᠠᠷ ᠰᠢᠪᠲᠤᠯᠤᠯᠲᠠ | ᠭᠠᠷᠭᠠᠪᠠ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠶᠢ ᠰᠡᠷᠭᠦᠭᠡᠬᠦ᠂ | ᠪᠡᠯᠴᠢᠭᠡᠷᠯᠡᠬᠦᠯᠬᠦ ᠶᠢ ᠵᠣᠭᠰᠣᠭᠠᠵᠤ ᠨᠤᠳᠤᠭ ᠪᠡᠯᠴᠢᠭᠡᠷ ᠢ ᠰᠡᠷᠭᠦᠭᠡᠬᠦ᠂ ᠨᠤᠭᠤ ᠭᠠᠵᠠᠷ ᠢ ᠬᠠᠮᠠᠭᠠᠯᠠᠬᠤ ᠵᠡᠷᠭᠡ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠪᠡ᠃ ᠭᠤᠷᠪᠠ ᠳᠤ᠂ ᠠᠮᠢ ᠠᠬᠤᠶ ᠣᠷᠴᠢᠨ | ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠦᠴᠦᠲᠡᠶ ᠠᠷᠭ᠎ᠠ ᠬᠡᠮᠵᠢᠶ᠎ᠡ ᠠᠪᠤᠪᠠ ᠃ ︽ | ᠬᠡᠯᠪᠡᠷᠢ ᠶᠢ ᠬᠤᠪᠢᠷᠠᠭᠤᠯᠬᠤ᠂ ᠬᠡᠢ ᠶᠢ ᠵᠠᠰᠠᠬᠤ᠂ ᠨᠡᠭᠦᠷᠡᠰᠦ ᠶᠢ ᠪᠠᠭᠠᠰᠬᠠᠬᠤ᠂ ᠲᠣᠭᠤᠰᠣ ᠶᠢ ᠪᠠᠭᠤᠷᠠᠭᠤᠯᠬᠤ᠂ | ᠲᠡᠷᠭᠡ ᠶᠢ ᠬᠢᠵᠠᠭᠠᠷᠯᠠᠬᠤ᠂ ᠴᠢᠩᠭ᠎ᠠ ᠬᠠᠮᠢᠶᠠᠷᠬᠤ︾ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ | ᠨᠠᠶᠢᠳᠠᠪᠤᠷᠢᠵᠢᠭᠤᠯᠵᠦ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠬᠦ᠂ | ᠡᠨᠧᠷᠭᠢ ᠶᠢᠨ ᠪᠦᠲᠦᠴᠡ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠬᠦ᠂ ᠵᠠᠮ ᠲᠡᠭᠡᠭᠡᠪᠦᠷᠢ ᠶᠢᠨ ᠪᠦᠲᠦᠴᠡ ᠶᠢᠨ | ᠲᠤᠬᠢᠷᠠᠭᠤᠯᠤᠯᠳᠠ ᠶᠢ ᠰᠢᠯᠢᠳᠡᠭᠵᠢᠭᠦᠯᠬᠦ ᠵᠢᠴᠢ ᠲᠣᠭᠤᠰᠣ ᠳᠡᠭᠳᠡᠬᠦ ᠪᠣᠬᠢᠷᠲᠤᠯ ᠢ ᠰᠡᠷᠭᠡᠶᠢᠯᠡᠨ ᠵᠠᠰᠠᠬᠤ᠂ ᠠᠵᠤ | ᠦᠢᠯᠡᠳᠪᠦᠷᠢ ᠶᠢᠨ ᠪᠣᠬᠢᠷᠲᠤᠯ ᠢ ᠭᠦᠨᠵᠡᠭᠡᠶ ᠵᠠᠰᠠᠬᠤ᠂ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ᠂ | ᠬᠤᠲᠠ ᠶᠢ ᠨᠠᠷᠢᠯᠢᠬᠵᠢᠭᠤᠯᠤᠨ ᠬᠠᠮᠢᠶᠠᠷᠬᠤ ᠵᠡᠷᠭᠡ ︽ᠲᠤᠯᠤᠭᠠᠨ ᠶᠡᠭᠡ ᠢᠨᠵᠧᠨᠧᠷᠢᠩ︾ ᠢ ᠭᠦᠨᠵᠡᠭᠡᠶ | ᠬᠡᠷᠡᠭᠵᠢᠭᠦᠯᠪᠡ᠃ | ᠰᠤᠷᠪᠤᠯᠵᠢᠯᠠᠭᠴᠢ᠄ ᠰᠢᠨ᠎ᠠ ᠲᠤᠮᠳᠠᠳᠦ ᠤᠯᠤᠰ ᠪᠠᠶᠢᠭᠤᠯᠤᠬᠳᠠᠬᠰᠠᠠ 70 ᠵᠢᠯ ᠤᠨ ᠲᠤᠷᠰᠢ᠂ ᠪᠤᠭᠤᠳᠦ | ᠬᠤᠳᠠ ᠶᠢᠨ ᠬᠢᠨ ᠤᠷᠤᠨ ᠰᠠᠭᠤᠴᠠ ᠶᠢᠨ ᠪᠠᠳᠤᠯᠠᠪᠤᠷᠢ ᠶᠢᠨ ᠲᠠᠯ᠎ᠠ ᠪᠠᠷ ᠶᠠᠮᠠᠷ ᠶᠠᠮᠠᠷ ᠠᠮᠵᠢᠯᠳᠠ ᠤᠯᠤᠬᠰᠠᠠ ᠪᠤᠢ︖ | | ᠪᠤᠭᠤᠳᠦ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠳᠠ ᠶᠢᠨ ᠪᠠᠶᠢᠩᠭᠤ ᠶᠢᠨ | ᠲᠡᠳ᠋ ᠲᠠᠷᠤᠭ᠎ᠠ ᠵᠠᠩ ᠵᠢᠶᠠᠨ ᠵᠦᠩ᠄ | ᠤᠷᠤᠨ ᠰᠠᠭᠤᠴᠠ ᠶᠢᠨ ᠪᠠᠳᠤᠯᠠᠪᠤᠷᠢ ᠶᠢᠨ ᠦᠢᠯᠡᠰ ᠪᠤᠯ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ | ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠬᠦᠭᠵᠢᠯᠳᠡ ᠶᠢᠨ ᠢᠨᠵᠧᠨᠧᠷᠢᠩ ᠮᠦᠨ᠃ ᠲᠡᠭᠡᠷ᠎ᠠ | ᠵᠠᠭᠤᠨ ᠤ ᠶᠡᠷᠡᠭᠡᠳ ᠤᠨ ᠠᠴᠠ ᠨᠠᠭᠠᠰᠢ ᠪᠤᠭᠤᠳᠦ ᠬᠤᠳᠠ ᠶᠢᠨ ᠬᠤᠭᠤᠴᠠᠭ᠎ᠠ ᠪᠦᠷᠢ ᠶᠢᠨ ᠬᠤᠳᠠ ᠶᠢᠨ ᠨᠠᠮ ᠤᠨ | ᠬᠤᠷᠢᠶ᠎ᠠ᠂ ᠵᠠᠰᠠᠬ ᠤᠨ ᠤᠷᠳᠤᠨ ᠢᠮᠠᠬᠳᠠ ᠤᠷᠤᠨ ᠰᠠᠭᠤᠴᠠ ᠶᠢᠨ ᠪᠠᠳᠤᠯᠠᠪᠤᠷᠢ ᠶᠢ ᠠᠷᠠᠳ ᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠤᠯᠭᠠᠨ ᠠᠳᠬᠤᠬᠰᠠᠭᠠᠷ ᠢᠷᠡᠵᠠᠢ᠂ 30 ᠭᠠᠷᠤᠢ ᠵᠢᠯ ᠤᠨ | ᠬᠦᠭᠵᠢᠯᠳᠡ ᠪᠠᠷ ᠲᠠᠮᠵᠢᠭᠠᠳ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠬ ᠢ ᠦᠭᠡᠷᠡᠴᠢᠯᠡᠨ | ᠪᠠᠶᠢᠭᠤᠯᠬᠤ ᠪᠤᠯᠤᠨ ᠤᠯᠠᠨ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠪᠠᠷ ᠭᠤᠤᠯ ᠪᠤᠯᠭᠠᠬᠰᠠᠠ ᠤᠷᠤᠨ | ᠰᠠᠭᠤᠴᠠ ᠶᠢᠨ ᠪᠠᠳᠤᠯᠠᠪᠤᠷᠢ ᠶᠢᠨ ᠰᠢᠰᠲ᠋ᠧᠮ ᠢ ᠪᠦᠷᠢᠯᠳᠦᠬᠦᠯᠵᠠᠢ᠃ ᠰᠢᠨ᠎ᠠ ᠵᠠᠭᠤᠨ ᠳᠤ ᠤᠷᠤᠭᠠᠳ ᠤᠷᠤᠨ | ᠰᠠᠭᠤᠴᠠ ᠶᠢᠨ ᠲᠦᠷᠢᠮ ᠤᠨ ᠦᠭᠡᠷᠡᠴᠢᠯᠡᠯᠳᠡ ᠶᠢᠨ ᠢᠳᠡᠭ ᠢᠳᠡᠭ ᠢᠶᠠᠷ ᠠᠬᠢᠬᠤ ᠶᠢ ᠲᠠᠭᠠᠯᠳᠤᠨ᠂ ᠨᠤᠷᠠᠬᠤ | ᠠᠶᠤᠯ ᠲᠠᠢ ᠬᠠᠭᠤᠴᠢᠨ ᠪᠠᠶᠢᠰᠢᠩ ᠢ ᠦᠭᠡᠷᠡᠴᠢᠯᠡᠨ ᠪᠠᠶᠢᠭᠤᠯᠬᠤ ᠶᠢ ᠲᠤᠮᠦ ᠠᠵᠤ ᠠᠬᠤᠢᠢᠯᠠᠯ ᠯᠤᠭ᠎ᠠ ᠪᠡᠯᠡ | ᠨᠡᠶᠢᠯᠡᠭᠦᠯᠦᠨ ᠭᠡᠷ ᠪᠠᠶᠢᠰᠢᠩ ᠪᠠᠶᠢᠭᠤᠯᠬᠤ ᠪᠤᠯᠤᠨ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ | ᠪᠠᠶᠢᠭᠤᠯᠤᠯᠳᠠ ᠲᠠᠢ ᠤᠶᠠᠯᠳᠤᠭᠤᠯᠬᠤ ᠵᠠᠬᠪᠤᠷ ᠢ ᠠᠪᠴᠦ᠂ ᠳ᠋ᠦᠩ ᠾᠧ ᠲᠤᠭᠤᠷᠢᠬ ᠤᠨ ᠬᠠᠭᠤᠴᠢᠨ ᠬᠤᠳᠠ ᠶᠢᠨ | ᠭᠡᠷ ᠪᠠᠶᠢᠰᠢᠩ᠂ ᠬᠦᠨᠳᠡᠯᠡᠨ ᠲᠤᠭᠤᠷᠢᠬ ᠤᠨ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠬ ᠢ | ᠦᠭᠡᠷᠡᠴᠢᠯᠡᠨ ᠪᠠᠶᠢᠭᠤᠯᠬᠤ ᠵᠡᠷᠭᠡ ᠨᠢᠭᠡ ᠪᠦᠯᠦᠭ ︽ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ︾ ᠢ | ᠭᠡᠷᠡᠭᠵᠢᠭᠦᠯᠵᠠᠢ᠃ 2013 ᠤᠨ ᠳᠤ᠂ ᠶᠡᠷᠦᠩᠭᠡᠢ ᠱᠦᠵᠢ ᠰᠢ ᠶᠢᠨ ᠫᠢᠩ ᠤᠨ ᠤᠷᠤᠨ ᠰᠠᠭᠤᠴᠠ ᠶᠢᠨ | ᠪᠠᠳᠤᠯᠠᠪᠤᠷᠢ ᠶᠢᠨ ᠲᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠪᠸᠢ | ᠯᠢᠶᠡᠩ ᠤᠨ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠬ ᠢ ᠦᠭᠡᠷᠡᠴᠢᠯᠡᠨ ᠪᠠᠶᠢᠭᠤᠯᠬᠤ ᠠᠵᠢᠯ ᠢ | ᠡᠬᠢᠯᠡᠭᠦᠯᠵᠦ᠂ ᠵᠦᠪᠭᠡᠨ 3 ᠵᠢᠯ ᠤᠨ ᠬᠤᠭᠤᠴᠠᠭᠠᠨ ᠳᠤ᠂ 13 ᠲᠡᠭᠰᠢ ᠲᠦᠷᠪᠡᠯᠵᠢᠨ ᠺᠢᠯᠤᠮᠧᠲᠷ ᠲᠦᠬᠦᠮ | ᠪᠦᠳᠦᠴᠡᠳᠦ ᠤᠷᠤᠨ ᠰᠠᠭᠤᠴᠠ ᠶᠢᠨ ᠲᠤᠭᠤᠷᠢᠬ ᠢ ᠦᠭᠡᠷᠡᠴᠢᠯᠡᠨ ᠪᠠᠶᠢᠭᠤᠯᠵᠤ᠂ 4.7 ᠲᠦᠮᠡᠨ ᠡᠷᠦᠭᠡ ᠰᠠᠭᠤᠭᠠᠯᠢ | ᠠᠷᠠᠳ ᠢ ᠲᠦᠪᠬᠢᠨᠡᠭᠦᠯᠪᠠ᠃ 2014 ᠤᠨ ᠳᠤ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ | ᠶᠠᠮᠤᠨ ᠠᠴᠠ ︽ᠪᠦᠬᠦ ᠤᠯᠤᠰ ᠤᠨ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠬ ᠢ ᠦᠭᠡᠷᠡᠴᠢᠯᠡᠨ | ᠪᠠᠶᠢᠭᠤᠯᠤᠭᠰᠠᠨ ᠵᠢᠱᠢᠶ᠎ᠠ ᠦᠵᠡᠭᠦᠯᠬᠦ ᠬᠤᠳᠠ︾ ᠶᠢᠨ ᠢᠷᠠᠭᠤ ᠠᠯᠳᠠᠷ ᠢ ᠬᠦᠷᠳᠡᠭᠡᠭᠰᠡᠡ ᠪᠠᠶᠢᠨ᠎ᠠ᠃ ᠡᠶᠢᠨ ᠬᠦ | ᠪᠤᠭᠤᠳᠤ ᠬᠤᠳᠠ ᠪᠦᠬᠦ ᠤᠯᠤᠰ ᠲᠤ ᠴᠤᠷ ᠤᠨ ᠭᠠᠭᠴᠠ ᠲᠤᠰ ᠢᠷᠠᠭᠤ ᠠᠯᠳᠠᠷ ᠢ ᠬᠦᠷᠳᠡᠭᠰᠡᠡ ᠬᠤᠳᠠ ᠪᠤᠯᠵᠠᠢ᠃ | | ᠰᠤᠷᠪᠤᠯᠵᠢᠯᠠᠭᠴᠢ᠄ ᠪᠤᠭᠤᠳᠤ ᠬᠤᠳᠠ ᠪᠤᠯ ︽ᠲᠡᠯᠡᠬᠡᠢ ᠶᠢᠨ ᠬᠤᠪᠤᠷ ᠰᠢᠷᠦᠢ ᠶᠢᠨ ᠬᠤᠳᠠ︾ ᠮᠦᠨ᠃ | ᠪᠤᠭᠤᠳᠤ ᠬᠤᠳᠠ ᠨᠢ ︽ᠰᠢᠷᠦᠢ ᠮᠠᠯᠳᠠᠵᠤ ᠰᠢᠷᠦᠢ ᠪᠠᠨ ᠬᠤᠳᠠᠯᠳᠤᠬᠤ︾ ᠪᠦᠳᠦᠬᠦᠯᠢᠭ ᠬᠡᠯᠪᠡᠷᠢ ᠶᠢᠨ ᠡᠬᠢ | ᠪᠠᠶᠠᠯᠢᠭ ᠢ ᠨᠡᠬᠡᠬᠡᠨ ᠠᠰᠢᠬᠯᠠᠬᠤ ᠵᠠᠬᠪᠤᠷ ᠢ ᠬᠤᠪᠢᠷᠠᠭᠤᠯᠬᠤ ᠲᠠᠯ᠎ᠠ ᠪᠠᠷ ᠶᠠᠮᠠᠷ ᠶᠠᠮᠠᠷ ᠠᠮᠵᠢᠯᠳᠠ ᠪᠦᠳᠦᠮᠵᠢ | ᠤᠯᠤᠬᠰᠠᠨ ᠪᠤᠢ︖ ᠲᠠᠷᠠᠭᠠᠴᠢ ᠶᠢᠨ ᠠᠯᠬᠤᠮ ᠳᠤ᠂ ᠶᠠᠮᠠᠷᠰᠢᠦ ᠠᠷᠭ᠎ᠠ ᠬᠡᠮᠵᠢᠶ᠎ᠠ ᠠᠪᠴᠤ ᠡᠨᠡ ᠬᠦ ᠠᠵᠢᠯ ᠢ | ᠠᠬᠢᠭᠤᠯᠬᠤ ᠪᠤᠢ︖ | ᠪᠤᠭᠤᠳᠤ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠵᠤᠤ ᠵᠢᠶᠠᠩ ᠲᠤᠤ᠄ | | ᠬᠤᠪᠤᠷ ᠰᠢᠷᠦᠢ ᠶᠢᠨ ᠠᠵᠤ ᠦᠢᠯᠡᠰ ᠪᠤᠯ ᠪᠤᠭᠤᠳᠤ ᠬᠤᠳᠠ ᠶᠢᠨ ᠬᠠᠮᠤᠭ ᠤᠨ ᠶᠡᠭᠡ ᠲᠠᠪᠠᠭᠤᠯᠢᠭ ᠮᠦᠨ᠃ | ᠤᠢᠢᠷ᠎ᠠ ᠶᠢᠨ ᠵᠢᠯ ᠠᠴᠠ ᠨᠠᠭᠠᠰᠢ᠂ ᠪᠤᠭᠤᠳᠤ ᠬᠤᠳᠠ ᠨᠢ ᠡᠨᠡ ᠬᠦ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ | ᠠᠵᠤ ᠦᠢᠯᠡᠰ ᠤᠨ ᠰᠢᠰᠲ᠋ᠧᠮ ᠢᠶᠠᠨ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠡᠷᠳᠡᠮ ᠰᠢᠨᠵᠢᠯᠡᠭᠡᠨ ᠤ ᠬᠦᠴᠦᠨ ᠢ | ᠲᠦᠪᠯᠡᠷᠡᠬᠦᠯᠦᠨ ᠪᠤᠶᠢᠵᠢᠭᠤᠯᠵᠤ᠂ ᠦᠢᠯᠡᠴᠢᠯᠡᠬᠡᠨ ᠤ ᠰᠢᠰᠲ᠋ᠧᠮ ᠢᠶᠠᠨ ᠲᠡᠰ ᠲᠠᠪᠰᠢᠬᠦᠯᠤᠨ᠂ ᠲᠦᠷᠦ ᠶᠢᠨ | ᠪᠤᠳᠤᠯᠭ᠎ᠠ ᠪᠡᠯᠡ ᠮᠦᠩᠬᠦ ᠶᠢᠨ ᠪᠠᠳᠤᠯᠠᠭ᠎ᠠ ᠶᠢ ᠴᠢᠩᠭᠠᠳᠬᠠᠬᠤ ᠪᠠᠷ ᠲᠡᠮᠵᠢᠭᠤᠯᠤᠨ ᠬᠤᠪᠤᠷ ᠰᠢᠷᠦᠢ ᠶᠢᠨ ᠠᠵᠤ | ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠤᠬᠰᠠᠨ ᠪᠠᠶᠢᠨ᠎ᠠ᠃ ᠤᠳᠤᠬᠠᠨ ᠳᠤ᠂ ᠬᠤᠪᠤᠷ | ᠰᠢᠷᠦᠢ ᠶᠢᠨ ᠲᠦᠬᠦᠬᠡᠢ ᠮᠠᠲ᠋ᠧᠷᠢᠶᠠᠯ ᠢ ᠲᠤᠰ ᠭᠠᠵᠠᠷ ᠲᠠᠭᠠᠨ ᠤᠨᠳᠤᠤᠰᠢᠭᠤᠯᠬᠤ ᠨᠤᠷᠮ᠎ᠠ 40% ᠪᠠᠶᠢᠬᠰᠠᠨ ᠠᠴᠠ | 75% ᠪᠤᠯᠤᠨ ᠲᠡᠬᠡᠭᠰᠢᠯᠡᠵᠤ᠂ ᠬᠤᠪᠤᠷ ᠰᠢᠷᠦᠢ ᠶᠢᠨ ᠴᠢᠳᠡᠪᠬᠢᠳᠤ ᠮᠠᠲ᠋ᠧᠷᠢᠶᠠᠯ ᠵᠢᠴᠢ ᠬᠡᠷᠡᠭᠯᠡᠬᠡᠨ ᠤ ᠠᠵᠤ | ᠦᠢᠯᠡᠰ ᠤᠨ ᠡᠵᠡᠯᠡᠬᠦ ᠬᠠᠷᠢᠴᠠᠯ 32.7% ᠪᠠᠶᠢᠬᠰᠠᠨ ᠠᠴᠠ 51.5% ᠪᠤᠯᠵᠤ᠂ ︽ᠰᠢᠷᠦᠢ ᠮᠠᠯᠳᠠᠵᠤ | ᠰᠢᠷᠦᠢ ᠪᠠᠨ ᠬᠤᠳᠠᠯᠳᠤᠬᠤ︾ ᠪᠦᠳᠦᠬᠦᠯᠢᠭ ᠬᠡᠯᠪᠡᠷᠢ ᠶᠢᠨ ᠡᠬᠢ ᠪᠠᠶᠠᠯᠢᠭ ᠢ ᠨᠡᠬᠡᠬᠡᠨ ᠠᠰᠢᠬᠯᠠᠬᠤ ᠵᠠᠬᠪᠤᠷ | ᠪᠦᠳᠦᠮᠵᠢᠳᠡᠢ ᠦᠬᠡᠷᠡᠴᠢᠯᠡᠭᠳᠡᠭᠰᠡᠨ ᠪᠠᠶᠢᠨ᠎ᠠ᠃ ᠪᠢᠳᠡ ᠲᠠᠷᠠᠭᠠᠴᠢ ᠶᠢᠨ ᠠᠯᠬᠤᠮ ᠳᠤ᠂ ᠶᠠᠭᠤᠨ ᠤ ᠡᠮᠦᠨ᠎ᠡ᠂ | ᠤᠯᠤᠰ ᠤᠨ ᠲᠡᠰ ᠤᠨ ᠬᠤᠪᠤᠷ ᠰᠢᠷᠦᠢ ᠶᠢᠨ ᠴᠢᠳᠡᠪᠬᠢᠳᠤ ᠮᠠᠲ᠋ᠧᠷᠢᠶᠠᠯ ᠤᠨ ᠰᠢᠨ᠎ᠠ ᠶᠢ ᠡᠬᠦᠳᠬᠦ ᠲᠦᠪ ᠢ | ᠪᠠᠶᠢᠭᠤᠯᠵᠤ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠪᠤᠭᠤᠳᠤ ᠶᠢᠨ ᠬᠤᠪᠤᠷ ᠰᠢᠷᠦᠢ | ᠰᠤᠳᠤᠯᠬᠤ ᠭᠠᠵᠠᠷ ᠢ ᠪᠠᠶᠢᠭᠤᠯᠬᠤ ᠶᠢ ᠠᠬᠢᠭᠤᠯᠵᠤ᠂ ᠠᠭᠠᠵᠢᠮ ᠢᠶᠠᠷ ᠲᠡᠯᠡᠬᠡᠢ ᠶᠢᠨ ᠬᠤᠪᠤᠷ ᠰᠢᠷᠦᠢ ᠶᠢᠨ ᠰᠢᠨᠵᠢᠯᠡᠬᠦ | ᠤᠬᠠᠭᠠᠨ ᠤ ᠰᠤᠳᠤᠯᠤᠯ ᠤᠨ ᠦᠨᠳᠦᠷᠯᠢᠭ ᠢ ᠡᠵᠡᠯᠡᠨ᠎ᠡ᠃ ᠲᠠᠷᠠᠭ᠎ᠠ ᠨᠢ᠂ ᠦᠪᠦᠷ ᠮᠤᠩᠭᠤᠯ ᠤᠨ ᠬᠤᠪᠤᠷ | ᠰᠢᠷᠦᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠠᠩ ᠲᠤᠭᠤᠷᠢᠭ ᠢ ᠲᠦᠷᠬᠡᠳᠬᠡᠨ ᠪᠦᠳᠦᠬᠡᠨ | ᠪᠠᠶᠢᠭᠤᠯᠤᠨ᠎ᠠ᠃ ᠭᠤᠷᠪᠠ ᠳᠤ᠂ ᠬᠤᠪᠤᠷ ᠰᠢᠷᠦᠢ ᠶᠢᠨ ᠠᠵᠤ ᠦᠢᠯᠡᠰ ᠤᠨ ᠬᠡᠯᠬᠢᠶᠠᠵᠢᠯ ᠢ ᠬᠦᠴᠦᠯᠡᠨ | ᠤᠷᠳᠤᠳᠬᠠᠵᠤ᠂ ᠬᠤᠪᠤᠷ ᠰᠢᠷᠦᠢ ᠶᠢᠨ ᠠᠵᠤ ᠦᠢᠯᠡᠰ ᠤᠨ ᠰᠦᠷᠦᠭᠵᠢᠨ ᠬᠦᠭᠵᠢᠬᠦ ᠶᠢ ᠠᠭᠢᠭᠤᠯᠵᠤ᠂ | ᠲᠡᠯᠡᠬᠡᠢ ᠶᠢᠨ ︽ᠰᠤᠷᠢᠨᠵᠢᠨ ᠬᠦᠮᠦᠷᠬᠡ︾ ᠶᠢ ᠡᠬᠦᠳᠦᠨ᠎ᠠ᠃ | ᠰᠤᠷᠪᠤᠯᠵᠢᠯᠠᠭᠴᠢ᠄ ᠮᠡᠳᠡᠭᠡᠵᠢ ᠪᠠᠷ ᠪᠤᠭᠤᠳᠦ ᠬᠤᠳᠠ ᠪᠤᠯ ᠲᠠᠯ᠎ᠠ ᠨᠤᠳᠤᠬ ᠤᠨ ᠪᠤᠯᠤᠳ ᠲᠡᠮᠦᠷ ᠤᠨ ᠬᠤᠳᠠ | ᠪᠤᠯᠤᠨ᠎ᠠ᠂ ᠭᠡᠪᠡᠴᠦ ᠬᠤᠳᠠ ᠶᠢᠨ ᠪᠦᠳᠦᠭᠡᠨ ᠪᠠᠶᠢᠭᠤᠯᠤᠯᠳᠠ ᠪᠠ ᠨᠤᠭᠤᠭᠠᠷᠠᠭᠤᠯᠤᠯᠳᠠ ᠨᠢ ᠬᠦᠮᠦᠰ ᠲᠤ ᠶᠡᠭᠡ | ᠰᠠᠶᠢᠨ ᠰᠠᠭᠤᠭᠳᠠᠯ ᠦᠯᠡᠳᠡᠭᠡᠳᠡᠭ᠃ ᠬᠤᠳᠠ ᠶᠢᠨ ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠶᠢᠨ ᠲᠠᠯ᠎ᠠ ᠪᠠᠷ ᠬᠢ | ᠴᠢᠬᠤᠯᠠ ᠠᠷᠭ᠎ᠠ ᠬᠢᠳᠡᠯ ᠪᠤᠯᠤᠨ ᠠᠮᠵᠢᠯᠳᠠ ᠪᠦᠳᠦᠮᠵᠢ ᠪᠠᠨ ᠶᠠᠷᠢᠭᠠᠳ ᠦᠭᠬᠦᠨ᠎ᠠ ᠤᠤ︖ | ᠪᠤᠭᠤᠳᠦ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠳᠠ ᠶᠢᠨ ᠪᠠᠶᠢᠩᠭᠤ ᠶᠢᠨ | ᠲᠡᠳ᠋ ᠲᠠᠷᠤᠭ᠎ᠠ ᠵᠠᠩ ᠵᠢᠶᠠᠨ ᠵᠦᠩ᠄ | 70 ᠭᠠᠷᠤᠢ ᠵᠢᠯ ᠤᠨ ᠲᠤᠷᠰᠢ᠂ ᠪᠤᠭᠤᠳᠦ ᠬᠤᠳᠠ ᠶᠢᠨ ᠲᠦᠷᠰᠦ ᠪᠠᠶᠢᠳᠠᠯ ᠳᠤ ᠲᠡᠭᠷᠢ ᠭᠠᠵᠠᠷ ᠢ | ᠲᠤᠩᠰᠤᠯᠭᠠᠮ᠎ᠠ ᠬᠤᠪᠢᠷᠠᠯᠳᠠ ᠭᠠᠷᠴᠦ ᠬᠤᠳᠠ ᠶᠢᠨ ᠠᠷᠠᠳ ᠤᠨ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ | ᠲᠦᠷᠦᠭᠳᠡᠯ ᠪᠤᠯᠤᠨ ᠬᠠᠨᠤᠮᠵᠢ ᠶᠢᠨ ᠭᠡᠮᠵᠢᠶ᠎ᠠ ᠮᠡᠳᠡᠭᠳᠡᠮ᠎ᠠ ᠲᠡᠭᠡᠭᠰᠢᠯᠠᠵᠢ᠃ | ᠨᠢᠭᠡ ᠳᠤ᠂ ᠬᠤᠳᠠ ᠶᠢᠨ ᠶᠡᠷᠦᠩᠭᠡᠶᠢᠯᠡᠭᠰᠡᠡ ᠠᠴᠢᠶᠠᠯᠠᠪᠤᠷᠢ ᠶᠢᠨ ᠴᠢᠳᠠᠪᠤᠷᠢ ᠲᠠᠰᠤᠷᠠᠯᠳᠠ ᠦᠭᠡᠢ | ᠲᠡᠭᠡᠭᠰᠢᠯᠡᠵᠡᠢ᠃ 2018 ᠤᠨ ᠪᠤᠯᠳᠠᠯ᠎ᠠ ᠪᠤᠭᠤᠳᠦ ᠶᠢᠨ ᠬᠤᠳᠠ ᠲᠤᠭᠤᠷᠢᠬ ᠤᠨ ᠪᠦᠳᠦᠭᠡᠨ ᠪᠠᠶᠢᠭᠤᠯᠤᠬᠰᠠᠠ | ᠵᠠᠰᠠᠮᠠᠯ ᠵᠠᠮ ᠤᠨ ᠤᠷᠳᠦ 1633.21 ᠺᠢᠯᠤᠮᠧᠲᠷ ᠲᠤ ᠬᠦᠷᠴᠦ᠂ ᠵᠠᠰᠠᠮᠠᠯ ᠵᠠᠮ ᠤᠨ ᠲᠠᠯᠠᠪᠠᠢ 3035.31 | ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ ᠬᠦᠮᠦᠨ ᠲᠤᠮᠳᠠᠴᠢ ᠶᠢᠨ ᠵᠠᠰᠠᠮᠠᠯ ᠵᠠᠮ ᠤᠨ ᠲᠠᠯᠠᠪᠠᠢ 15.68 | ᠲᠡᠭᠰᠢ ᠲᠦᠷᠪᠡᠯᠵᠢᠨ ᠮᠧᠲᠷ ᠲᠤ ᠬᠦᠷᠴᠠᠢ᠃ ᠬᠤᠶᠠᠷ ᠲᠤ᠂ ᠬᠤᠳᠠ ᠶᠢᠨ ᠨᠠᠷᠢᠯᠢᠬᠵᠢᠭᠤᠯᠤᠬᠰᠠᠠ ᠬᠠᠮᠢᠶᠠᠷᠤᠯᠳᠠ ᠶᠢ | ᠬᠦᠴᠦᠯᠠᠨ ᠠᠬᠢᠭᠤᠯᠪᠠ᠃ ᠨᠠᠮ ᠤᠨ ᠲᠦᠪ ᠬᠤᠷᠢᠶᠠᠨ ᠤ ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ᠂ | ᠬᠤᠳᠠ ᠶᠢᠨ ᠬᠠᠮᠢᠶᠠᠷᠤᠯᠳᠠ ᠶᠢᠨ ᠬᠠᠤᠯᠢ ᠭᠡᠷᠡᠭᠵᠢᠭᠦᠯᠬᠦ ᠪᠠᠶᠢᠭᠤᠯᠤᠮᠵᠢ ᠪᠠᠶᠢᠭᠤᠯᠬᠤ᠂ ᠡᠷᠭᠡ ᠬᠠᠷᠢᠭᠤᠴᠠᠯᠭ᠎ᠠ ᠶᠢᠨ | ᠨᠠᠷᠢᠨ ᠲᠠᠩᠰᠠ ᠲᠤᠬᠳᠠᠭᠠᠬᠤ᠂ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠵᠡᠷᠭᠡ ᠠᠯᠢ ᠤᠯᠠᠨ ᠠᠷᠭ᠎ᠠ | ᠠᠪᠬᠤ ᠪᠠᠷ ᠲᠠᠮᠵᠢᠭᠤᠯᠤᠨ ᠦᠨᠳᠦᠷ ᠦᠷ᠎ᠠ ᠠᠰᠢᠬ ᠪᠦᠬᠦᠢ ᠬᠤᠳᠠ ᠶᠢᠨ ᠬᠠᠮᠢᠶᠠᠷᠤᠯᠳᠠ ᠶᠢᠨ ᠶᠡᠷᠦᠩᠭᠡᠶᠢᠯᠡᠭᠰᠡᠡ | ᠬᠠᠤᠯᠢ ᠭᠡᠷᠡᠭᠵᠢᠭᠦᠯᠬᠦ ᠰᠢᠨ᠎ᠠ ᠲᠤᠬᠳᠠᠴᠠ ᠶᠢ ᠪᠠᠶᠢᠭᠤᠯᠵᠠᠢ᠃ | | |