ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠳᠠᠬᠢ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2022/10/28
     10 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠳᠠᠶᠠᠭᠠᠷ ᠢᠶᠠᠨ ᠦᠪᠡᠳᠡᠭᠰᠢ ᠶᠡᠭᠡ  ᠪᠠᠷ ᠡᠬᠢᠯᠡᠬᠦ᠃ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠲᠧᠯᠸᠢᠰ᠂ ᠰᠦᠯᠵᠢᠶ᠎ᠡ ᠵᠡᠷᠭᠡ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠭᠥᠯᠢᠶᠡᠨ ᠠᠪᠴᠤ ᠦᠵᠡᠵᠦ᠂ ᠰᠢ ᠶᠢᠨ ᠫᠢᠩ   ᠶᠡᠷᠦᠩᠬᠡᠢ ᠱᠦᠵᠢ ᠶᠢᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠬᠢᠭᠰᠡᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃      ᠡᠭᠦᠨ ᠳᠤ᠂ ᠶᠡᠷᠦᠩᠬᠡᠢ ᠱᠦᠵᠢ ᠰᠢ ᠶᠢᠨ ᠫᠢᠩ ᠢᠯᠡᠳᠬᠡᠯ ᠳᠡᠭᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ︾ ᠭᠡᠵᠦ ᠵᠢᠭᠠᠵᠤ ᠭᠠᠷᠭᠠᠪᠠ᠃ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠯᠡᠳᠬᠡᠯ ᠳᠠᠬᠢ ᠡᠨᠡ ᠬᠦ ᠦᠭᠡᠨ ᠳᠤ ᠮᠠᠰᠢ ᠭᠦᠨ ᠰᠠᠭᠤᠭᠳᠠᠯ ᠲᠠᠢ ᠪᠠᠶᠢᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠬᠠᠯᠠᠭᠤᠨ ᠲᠤᠰᠬᠠᠯ ᠭᠠᠷᠭᠠᠵᠠᠢ᠃2022 ᠣᠨ ᠤ 3 ᠰᠠᠷ᠎ᠠ ᠳᠤ ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠠᠴᠠ ᠨᠠᠰᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ︽ᠳ᠋ᠦᠩ ᠾᠧ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠬᠦ ᠶᠢᠨ ᠬᠠᠮᠲᠤ ᠱᠠᠲᠤ ᠦᠶ᠎ᠡ ᠶᠢᠨ ᠴᠢᠨᠠᠷᠲᠠᠢ ᠦᠷ᠎ᠡ ᠳ᠋ᠦᠩ ᠣᠯᠬᠤ ᠬᠡᠷᠡᠭᠲᠡᠢ᠃      ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠠᠵᠢᠯ ᠢ ᠴᠢᠨᠠᠭᠰᠢᠳᠠ ᠥᠷᠨᠢᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃ᠦᠵᠡᠯ ᠰᠠᠨᠠᠭᠠᠨ ᠤ ᠤᠬᠠᠭᠤᠯᠭ᠎ᠠ ᠶᠢᠨ ᠲᠠᠯ᠎ᠠ ᠪᠠᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠰᠠᠷ᠎ᠠ ᠰᠠᠷ᠎ᠠ ᠪᠠᠷ ᠦᠨᠳᠦᠰᠦᠲᠡᠨ ᠤ ᠪᠦᠯᠬᠦᠮᠳᠡᠯ ᠤᠨ ᠲᠤᠰᠬᠠᠢ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠣᠨᠣᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ︽ᠢᠨᠲ᠋ᠧᠷ ᠰᠦᠯᠵᠢᠶ᠎ᠡ +︾ ᠪᠠ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠦᠨᠳᠦᠰᠦᠲᠡᠨ ᠤ ᠺᠠᠳ᠋ᠷ ᠣᠯᠠᠨ ᠲᠦᠮᠡᠨ ᠤ ᠰᠣᠶᠣᠯ ᠤᠨ ᠨᠥᠬᠦᠷᠯᠡᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ᠲᠤᠬᠠᠶᠢᠯᠠᠭᠰᠠᠨ ᠠᠵᠢᠯ ᠤᠨ ᠲᠠᠯ᠎ᠠ ᠪᠠᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠣᠣᠷ ᠢ ᠰᠠᠶᠢᠲᠤᠷ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠪᠦᠯᠬᠦᠮᠳᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠰᠠᠭᠤᠳᠠᠯ ᠬᠦᠴᠢᠷ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠪᠠ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠵᠡᠷᠭᠡ ᠡᠯ᠎ᠡ ᠲᠠᠯ᠎ᠠ ᠶᠢᠨ ᠠᠵᠢᠯ ᠤᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠦᠷᠲᠡᠭᠡᠬᠦ ᠶᠢ ᠠᠬᠢᠭᠤᠯᠬᠤ ᠬᠡᠷᠡᠭᠲᠡᠢ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠶᠢ ᠢᠮᠠᠭᠲᠠ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠨᠢᠭᠡᠴᠡ ᠶᠢ ᠢᠳᠡᠪᠬᠢᠲᠡᠢ ᠴᠣᠭᠴᠠᠯᠠᠵᠤ᠂ ᠳ᠋ᠦᠩ ᠾᠧ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠨᠢᠭᠲᠠ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠳ᠋ᠦᠩ ᠾᠧ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠵᠤ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1