ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | | ᠲᠠᠷᠬᠠᠭᠠᠭᠰᠠᠨ ﹇2020﹈ 53 ᠳ᠋ᠤᠭᠠᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡᠴᠢ᠂ ᠲᠥᠪ ᠤᠨ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠄ | ᠡᠳᠦᠭᠡ ︽ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ | ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠰᠦᠭᠡᠢ᠃ | | 2020 ᠣᠨ ᠤ 9 ᠰᠠᠷ᠎ᠠ ᠶᠢᠨ 14 ᠤ ᠡᠳᠦᠷ | ︵ᠡᠨᠡ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠪᠦᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠴᠢᠳᠠᠪᠤᠷᠢ | ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠬᠡᠷᠡᠭᠵᠢᠭᠦᠯᠬᠦ ᠲᠥᠰᠥᠯ | ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠴᠢᠳᠠᠪᠤᠷᠢᠲᠠᠨ ᠵᠢᠴᠢ ᠲᠤᠰᠬᠠᠢ ᠮᠡᠷᠭᠡᠵᠢᠯ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ︽ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠷᠬᠠᠭᠠᠭᠰᠠᠨ ﹇2020﹈ | 13 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠪᠦᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ᠂ ᠨᠠᠮ ᠤᠨ | ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠂ ᠴᠢᠳᠠᠪᠤᠷᠢᠲᠠᠨ ᠢ ᠲᠡᠷᠢᠭᠦᠨ ᠳᠤ | ᠲᠠᠯᠪᠢᠬᠤ ᠶᠢ ᠲᠤᠪᠤᠶᠢᠯᠭᠠᠵᠤ᠂ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠬᠦ ᠪᠠ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠴᠢᠳᠠᠪᠤᠷᠢᠲᠠᠨ ᠵᠢᠴᠢ ᠲᠤᠰᠬᠠᠢ ᠮᠡᠷᠭᠡᠵᠢᠯ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠨ᠂ ᠰᠤᠯᠠᠷᠠᠭᠤᠯᠤᠯ ᠦᠭᠡᠢ ᠪᠠᠶᠢᠬᠤ ᠶᠢ ᠪᠠᠷᠢᠮᠲᠠᠯᠠᠵᠤ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠬᠢᠨᠠᠨ ᠰᠢᠯᠭᠠᠬᠤ ᠥᠷᠲᠡᠭᠡ ᠴᠡᠭ ᠤᠨ ᠪᠠᠷᠢᠮᠵᠢᠶᠠᠵᠢᠭᠰᠠᠨ᠂ | ᠵᠢᠷᠤᠮᠵᠢᠭᠤᠯᠤᠭᠰᠠᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ | ᠴᠢᠳᠠᠪᠤᠷᠢᠲᠠᠨ ᠢ ᠬᠥᠮᠥᠵᠢᠭᠦᠯᠬᠦ ᠪᠠ ᠤᠷᠢᠨ ᠠᠪᠴᠢᠷᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠠᠭᠠᠵᠢᠮ ᠢᠶᠠᠷ ᠪᠠᠶᠢᠭᠤᠯᠵᠤ᠂ ᠮᠠᠨ ᠤ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ᠃ 2021 ᠣᠨ ᠤ ᠡᠴᠦᠰ ᠪᠣᠯᠲᠠᠯ᠎ᠠ᠂ ᠬᠤᠲᠠ ᠶᠢᠨ ᠱᠠᠲᠤ ᠪᠠ | ᠬᠢᠵᠢᠭ ᠤᠨ ᠡᠭᠦᠰᠦᠯ ᠤᠨ ᠪᠣᠢ ᠪᠦᠬᠦᠢ ᠬᠤᠰᠢᠭᠤ ᠰᠢᠶᠠᠨ ᠲᠣᠭᠤᠷᠢᠭ ᠤᠨ ᠡᠪᠡᠳᠴᠢᠨ ᠬᠢᠵᠢᠭ ᠢ ᠰᠡᠷᠭᠡᠶᠢᠯᠡᠨ | ᠡᠵᠡᠮᠳᠡᠬᠦ ᠲᠥᠪ ᠴᠥᠮ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠢ ᠡᠭᠦᠷᠭᠡᠯᠡᠬᠦ ᠳᠣᠲᠣᠭᠠᠳᠤ | ᠪᠠᠶᠢᠭᠤᠯᠤᠮᠵᠢ ᠲᠠᠢ ᠪᠣᠯᠵᠤ᠂ ᠬᠥᠨᠳᠡᠯᠡᠨ ᠲᠣᠭᠤᠷᠢᠭ᠂ ᠵᠢᠦᠶᠤᠸᠠᠨ ᠲᠣᠭᠤᠷᠢᠭ᠂ ᠪᠠᠶᠠᠨ᠋ᠣ᠋ᠪᠣᠭ᠎ᠠ ᠠᠭᠤᠷᠬᠠᠢ ᠶᠢᠨ | ᠣᠷᠣᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠠᠩ ᠰᠢᠶᠠᠨ ᠪᠦᠬᠦᠨ ᠢᠶᠠᠷ ᠢᠶᠠᠨ ᠬᠤᠯᠤᠭᠠᠨ᠎ᠠ ᠶᠢᠨ | ᠬᠢᠵᠢᠭ ᠢ ᠬᠢᠨᠠᠨ ᠰᠢᠯᠭᠠᠬᠤ ᠨᠥᠬᠦᠴᠡᠯ ᠲᠠᠢ ᠪᠣᠯᠵᠤ᠂ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠰᠢᠰᠲ᠋ᠧᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ︔ ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ | ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠨᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠬᠡᠷᠡᠭᠴᠡᠭᠡ ᠳᠤ | ᠦᠨᠳᠦᠰᠦᠨ ᠳᠡᠭᠡᠨ ᠵᠣᠬᠢᠴᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯᠲᠠᠨ ᠳᠤᠲᠠᠭᠳᠠᠬᠤ ᠪᠠᠶᠢᠳᠠᠯ ᠢ | ᠢᠯᠡᠳᠲᠡ ᠰᠠᠶᠢᠵᠢᠷᠠᠭᠤᠯᠤᠨ᠎ᠠ︔ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠰᠠᠭᠤᠷᠢ ᠲᠥᠬᠦᠭᠡᠷᠦᠮᠵᠢ᠂ | ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠥᠬᠦᠭᠡᠷᠦᠮᠵᠢ᠂ ᠲᠣᠨᠤᠭ ᠲᠥᠬᠦᠭᠡᠷᠦᠮᠵᠢ᠂ ᠲᠡᠷᠭᠡ ᠬᠥᠰᠬᠡ ᠵᠡᠷᠭᠡ ᠨᠢ | ᠠᠵᠢᠯ ᠤᠨ ᠬᠡᠷᠡᠭᠴᠡᠭᠡ ᠶᠢ ᠬᠠᠩᠭᠠᠵᠤ᠂ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠪᠠᠶᠢᠴᠠᠭᠠᠨ ᠰᠢᠯᠭᠠᠬᠤ | ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠪᠦᠲᠦᠴᠡ ᠨᠢ ᠵᠦᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ᠂ ᠴᠠᠭ ᠲᠤᠬᠠᠢ ᠳᠤᠨᠢ ᠲᠤᠰᠬᠠᠬᠤ᠂ ᠥᠨᠳᠥᠷ | ᠦᠷ᠎ᠡ ᠪᠦᠲᠦᠮᠵᠢᠲᠡᠢ ᠰᠢᠢᠳᠪᠦᠷᠢᠯᠡᠵᠦ ᠴᠢᠳᠠᠬᠤ ᠬᠤᠲᠠ᠂ ᠬᠤᠰᠢᠭᠤ ᠰᠢᠶᠠᠨ ᠲᠣᠭᠤᠷᠢᠭ ᠤᠨ ᠬᠤᠶᠠᠳᠤᠭᠠᠷ | ᠳᠡᠰ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠠᠩᠬ᠎ᠠ ᠠᠯᠬᠤᠮ | ᠪᠦᠷᠢᠯᠳᠦᠭᠦᠯᠦᠨ᠎ᠡ᠃ | ᠬᠤᠶᠠᠷ᠂ ᠠᠵᠢᠯ ᠤᠨ ᠡᠭᠦᠷᠭᠡ | ︵ᠨᠢᠭᠡ︶ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠠᠴᠠ ᠪᠤᠰᠤᠳ ᠬᠢᠵᠢᠭ ᠤᠨ ᠡᠭᠦᠰᠦᠯ ᠤᠨ ᠭᠠᠵᠠᠷ ᠣᠷᠣᠨ᠂ ᠬᠥᠨᠳᠡᠯᠡᠨ | ᠲᠣᠭᠤᠷᠢᠭ᠂ ᠵᠢᠦᠶᠤᠸᠠᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠠᠩ ᠰᠢᠶᠠᠨ | ᠪᠦᠬᠦᠨ ᠢᠶᠠᠷ ᠢᠶᠠᠨ ᠬᠡᠭᠡᠷ᠎ᠡ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠪᠠᠷᠢᠮᠵᠢᠶᠠᠵᠢᠭᠰᠠᠨ ᠥᠷᠲᠡᠭᠡ | ᠪᠠᠶᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ | ᠲᠥᠬᠦᠭᠡᠷᠦᠮᠵᠢ᠂ ᠲᠤᠬᠠᠢ ᠶᠢᠨ ᠲᠠᠯᠠᠪᠠᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠬᠦᠭᠡᠷᠦᠮᠵᠢ | ᠪᠣᠯᠣᠨ ᠲᠣᠨᠤᠭ ᠲᠥᠬᠦᠭᠡᠷᠦᠮᠵᠢ ᠵᠢᠴᠢ ᠠᠯᠪᠠᠨ ᠳᠤ ᠬᠡᠷᠡᠭᠯᠡᠬᠦ ᠴᠢᠬᠤᠯᠠ ᠪᠦᠬᠦᠢ ᠠᠮᠢᠳᠤᠷᠠᠯ ᠤᠨ ᠲᠥᠬᠦᠭᠡᠷᠦᠮᠵᠢ | ᠪᠣᠯᠣᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠡᠷᠭᠡ ᠶᠢ ᠬᠤᠳᠠᠯᠳᠤᠨ ᠠᠪᠴᠤ ᠪᠦᠷᠢᠨ ᠲᠣᠬᠢᠷᠠᠭᠤᠯᠵᠤ᠂ ᠡᠳᠦᠷ | ᠲᠤᠳᠤᠮ ᠤᠨ ᠬᠢᠨᠠᠨ ᠰᠢᠯᠭᠠᠬᠤ ᠠᠵᠢᠯ ᠤᠨ ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠢ᠃ ᠬᠤᠯᠤᠭᠠᠨ᠎ᠠ ᠶᠢᠨ | ᠬᠢᠵᠢᠭ ᠢ ᠬᠢᠨᠠᠨ ᠰᠢᠯᠭᠠᠬᠤ ᠪᠣᠢ ᠪᠦᠬᠦᠢ ᠥᠷᠲᠡᠭᠡ ᠴᠥᠮ ᠪᠦᠲᠦᠭᠡᠨ ᠪᠠᠶᠢᠭᠤᠯᠬᠤ ᠪᠠᠷᠢᠮᠵᠢᠶ᠎ᠠ ᠳᠤ ᠨᠡᠶᠢᠴᠡᠬᠦ | ᠮᠥᠷᠲᠡᠭᠡᠨ ᠪᠦᠬᠦ ᠵᠢᠯ ᠤᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠯᠲᠠ ᠥᠷᠨᠢᠭᠦᠯᠬᠦ ᠨᠥᠬᠦᠴᠡᠯ ᠢ | ᠪᠦᠷᠢᠯᠳᠦᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠬᠤ ᠲᠥᠰᠥᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠵᠢᠯᠣᠭᠤᠴᠢ ᠦᠭᠡᠢ ᠨᠢᠰᠬᠡᠯ ᠢ ᠢᠳᠡᠪᠬᠢᠲᠡᠢ ᠪᠠᠷ ᠳᠡᠯᠭᠡᠷᠡᠭᠦᠯᠦᠨ | ᠬᠡᠷᠡᠭᠯᠡᠵᠦ ᠬᠢᠵᠢᠭ ᠤᠨ ᠡᠭᠦᠰᠦᠯ ᠤᠨ ᠭᠠᠵᠠᠷ ᠲᠤ ᠪᠠᠶᠢᠴᠠᠭᠠᠯᠲᠠ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠤᠨ | PCR ᠪᠠᠶᠢᠴᠠᠭᠠᠨ ᠰᠢᠯᠭᠠᠯᠲᠠ ᠵᠡᠷᠭᠡ ᠰᠢᠨ᠎ᠡ ᠮᠡᠷᠭᠡᠵᠢᠯ ᠢ ᠬᠡᠷᠡᠭᠯᠡᠵᠦ᠂ ᠬᠢᠨᠠᠨ ᠰᠢᠯᠭᠠᠬᠤ ᠠᠵᠢᠯ ᠤᠨ ᠦᠷ᠎ᠡ | ᠪᠦᠲᠦᠮᠵᠢ ᠪᠣᠯᠣᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠡᠯ᠎ᠡ ᠬᠤᠯᠪᠣᠭᠳᠠᠯ ᠪᠦᠬᠦᠢ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠬᠠᠷᠢᠭᠤᠴᠠᠨ᠎ᠠ︶᠃ | ︵ᠬᠤᠶᠠᠷ︶ ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠡᠷᠴᠢᠮᠵᠢᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠪᠣᠯᠣᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠨᠤᠭᠤᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ ᠴᠥᠮ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢ ᠪᠦᠷᠢᠳᠦᠭᠦᠯᠦᠨ᠎ᠡ᠃ ᠪᠥᠭᠡᠮ ᠬᠦᠴᠢᠯ ᠤᠨ | ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠪᠠᠶᠢᠭᠤᠯᠬᠤ ᠡᠭᠦᠷᠭᠡ ᠪᠠᠨ ᠪᠡᠶᠡᠯᠡᠭᠦᠯᠦᠭᠡᠳᠦᠢ ᠭᠠᠵᠠᠷ ᠣᠷᠣᠨ | ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠲᠠᠨᠢᠯᠲᠠ ᠪᠠᠨ ᠲᠡᠭᠡᠭᠰᠢᠯᠡᠭᠦᠯᠵᠦ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠠᠵᠢᠯ ᠢ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ | ᠠᠷᠭ᠎ᠠ ᠬᠡᠮᠵᠢᠶ᠎ᠡ ᠪᠤᠯᠭᠠᠵᠤ᠂ ᠪᠦᠲᠦᠭᠡᠨ ᠪᠠᠶᠢᠭᠤᠯᠬᠤ ᠡᠷᠴᠢᠮ ᠪᠠ ᠠᠬᠢᠴᠠ ᠶᠢ ᠲᠦᠷᠭᠡᠳᠬᠡᠨ ᠠᠬᠢᠭᠤᠯᠵᠤ᠂ | ᠠᠵᠢᠯ ᠤᠨ ᠠᠬᠢᠴᠠ ᠶᠢᠨ ᠬᠦᠰᠦᠨᠦᠭᠲᠦ ᠭᠠᠷᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠨ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠦᠴᠦᠲᠡᠢ ᠠᠷᠭ᠎ᠠ ᠠᠪᠴᠠᠯ | ᠠᠪᠴᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠲᠦᠷᠭᠡᠨ ᠠᠬᠢᠭᠤᠯᠵᠤ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠪᠠᠶᠢᠭᠤᠯᠤᠮᠵᠢ ᠪᠠ ᠡᠮᠴᠢᠯᠡᠭᠡᠨ ᠤ ᠪᠠᠶᠢᠭᠤᠯᠤᠮᠵᠢ ᠶᠢᠨ ᠪᠥᠭᠡᠮ | ᠬᠦᠴᠢᠯ ᠤᠨ ᠲᠤᠷᠰᠢᠯᠲᠠ ᠶᠢᠨ ᠲᠠᠰᠤᠭ ᠤᠨ ᠲᠦᠷᠭᠡᠨ ᠢᠶᠠᠷ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ ︵ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠬᠠᠷᠢᠭᠤᠴᠠᠨ᠎ᠠ︶᠃ | ︵ᠭᠤᠷᠪᠠ︶ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠢ ᠪᠠᠶᠢᠭᠤᠯᠤᠮᠵᠢ ᠶᠢ ᠪᠦᠷᠢᠨᠰᠢᠭᠦᠯᠦᠨ᠎ᠡ᠃ | ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠤᠭᠤᠳ ᠠᠵᠢᠯ ᠶᠠᠪᠤᠳᠠᠯ ᠢᠶᠠᠷ | ᠠᠵᠢᠯ ᠤᠨ ᠪᠠᠶᠢᠷᠢ ᠲᠣᠬᠢᠷᠠᠭᠤᠯᠬᠤ᠂ ᠠᠵᠢᠯ ᠤᠨ ᠪᠠᠶᠢᠷᠢ ᠪᠠᠷ ᠬᠥᠮᠥᠨ ᠲᠣᠭᠲᠠᠭᠠᠬᠤ ᠵᠠᠷᠴᠢᠮ ᠪᠠ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠠᠵᠢᠯ ᠤᠨ ᠪᠠᠶᠢᠷᠢ ᠶᠢ ᠵᠦᠢ | ᠵᠣᠬᠢᠰᠲᠠᠢ ᠲᠣᠬᠢᠷᠠᠭᠤᠯᠵᠤ᠂ ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠪᠣᠯᠣᠨ ᠬᠥᠨᠳᠡᠯᠡᠨ | ᠲᠣᠭᠤᠷᠢᠭ᠂ ᠵᠢᠦᠶᠤᠸᠠᠨ ᠲᠣᠭᠤᠷᠢᠭ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ᠂ ᠭᠦᠶᠠᠩ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠳᠣᠲᠣᠭᠠᠳᠤ ᠶᠢᠨ ᠪᠠᠶᠢᠭᠤᠯᠤᠮᠵᠢ ᠲᠠᠢ ᠪᠣᠯᠵᠤ᠂ ᠬᠢᠵᠢᠭ ᠤᠨ ᠡᠭᠦᠰᠦᠯ ᠤᠨ | ᠭᠠᠵᠠᠷ ᠪᠤᠰᠤ ᠪᠤᠰᠤᠳ ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ | ᠬᠢᠨ ᠳᠣᠲᠣᠭᠠᠳᠤ ᠳᠠᠭᠠᠨ ᠪᠠᠶᠢᠷᠢᠯᠠᠭᠤᠯᠤᠭᠰᠠᠨ ᠬᠠᠷᠠᠭᠠᠯᠵᠠᠭᠰᠠᠨ ᠰᠠᠯᠠᠭ᠎ᠠ ᠲᠠᠰᠤᠭ ᠲᠤ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠴᠢᠳᠠᠪᠬᠢ ᠶᠢ ᠲᠣᠳᠣᠷᠬᠠᠶᠢᠯᠠᠬᠤ ᠬᠡᠷᠡᠭᠲᠡᠢ᠃ 2020 ᠣᠨ ᠤ 9 | ᠰᠠᠷ᠎ᠠ ᠶᠢᠨ ᠡᠴᠦᠰ ᠠᠴᠠ ᠡᠮᠦᠨ᠎ᠡ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠣᠯᠣᠨ | ᠬᠥᠨᠳᠡᠯᠡᠨ ᠲᠣᠭᠤᠷᠢᠭ᠂ ᠵᠢᠦᠶᠤᠸᠠᠨ ᠲᠣᠭᠤᠷᠢᠭ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ᠂ ᠭᠦᠶᠠᠩ ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠨᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠢ ᠰᠠᠯᠠᠭ᠎ᠠ ᠲᠠᠰᠤᠭ ᠪᠠ ᠲᠤᠰᠬᠠᠢ ᠲᠤᠰᠢᠶᠠᠯᠲᠤ ᠠᠵᠢᠯᠲᠠᠨ | ᠲᠣᠬᠢᠷᠠᠭᠤᠯᠵᠤ᠂ ᠬᠢᠵᠢᠭ ᠤᠨ ᠡᠭᠦᠰᠦᠯ ᠤᠨ ᠭᠠᠵᠠᠷ ᠪᠤᠰᠤ ᠪᠤᠰᠤᠳ ᠬᠤᠰᠢᠭᠤ ᠰᠢᠶᠠᠨ ᠲᠣᠭᠤᠷᠢᠭ ᠤᠨ ᠡᠪᠡᠳᠴᠢᠨ | ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠢ ᠬᠠᠷᠠᠭᠠᠯᠵᠠᠭᠰᠠᠨ | ᠰᠠᠯᠠᠭ᠎ᠠ ᠲᠠᠰᠤᠭ ᠪᠠ ᠠᠵᠢᠯᠲᠠᠨ ᠬᠠᠷᠢᠭᠤᠴᠠᠬᠤ ᠶᠢ ᠪᠠᠲᠤᠯᠠᠬᠤ ᠬᠡᠷᠡᠭᠲᠡᠢ᠃ ︵ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠣᠭᠠᠨ ᠤ ᠠᠯᠪᠠᠨ ᠭᠡᠷ᠂ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠳᠥᠷᠪᠡ︶ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠢ ᠡᠩᠨᠡᠭᠡ ᠪᠠᠶᠢᠭᠤᠯᠤᠨ᠎ᠠ᠃ ᠡᠯ᠎ᠡ ᠭᠠᠵᠠᠷ | ᠣᠷᠣᠨ ᠤ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ᠪᠠᠶᠢᠭᠤᠯᠤᠮᠵᠢ ᠶᠢᠨ ᠣᠷᠣᠨ ᠲᠣᠭᠠᠨ ᠤ ᠬᠠᠮᠢᠶᠠᠷᠤᠯᠲᠠ ᠶᠢᠨ ᠠᠷᠭ᠎ᠠ︾ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠣᠷᠣᠨ ᠲᠣᠭᠠᠨ ᠤ ᠠᠯᠪᠠᠨ ᠭᠡᠷ ᠤᠨ | ᠲᠠᠷᠬᠠᠭᠠᠭᠰᠠᠨ ﹇2017﹈ 241 ᠳ᠋ᠦ᠋ᠭᠡᠷ ᠲᠣᠭᠠᠲᠤ︶ ᠪᠠ ︽ᠪᠦᠬᠦ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠬᠦᠷᠢᠶᠡᠨ ᠳᠠᠬᠢ ᠪᠠᠶᠢᠭᠤᠯᠤᠮᠵᠢ ᠶᠢᠨ ᠣᠷᠣᠨ ᠲᠣᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ ᠵᠢᠷᠤᠮᠵᠢᠭᠤᠯᠬᠤ ᠲᠤᠬᠠᠢ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠤᠯᠤᠮᠵᠢ ᠶᠢᠨ ᠣᠷᠣᠨ ᠲᠣᠭᠠᠨ ᠤ ᠠᠯᠪᠠᠨ ᠭᠡᠷ ᠤᠨ ᠲᠠᠷᠬᠠᠭᠠᠭᠰᠠᠨ ﹇2020﹈ 83 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠣᠰᠣᠭᠠᠷ᠂ ᠠᠵᠢᠯᠲᠠᠨ ᠤ ᠣᠷᠣᠨ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃ | ᠣᠳᠣ ᠪᠠᠶᠢᠭ᠎ᠠ ᠣᠷᠣᠨ ᠲᠤᠭ᠎ᠠ ᠲᠠᠢ ᠬᠥᠮᠥᠰ ᠤᠨ ᠲᠤᠭ᠎ᠠ ᠨᠢ ᠬᠢᠨᠠᠨ ᠲᠣᠭᠲᠠᠭᠠᠭᠰᠠᠨ ᠣᠷᠣᠨ ᠲᠤᠭ᠎ᠠ ᠳᠤ ᠬᠦᠷᠬᠦ | ᠦᠭᠡᠢ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠣᠯᠣᠨ ᠬᠤᠯᠪᠣᠭᠳᠠᠯ ᠪᠦᠬᠦᠢ ᠬᠤᠰᠢᠭᠤ | ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 2020 ᠣᠨ ᠤ ᠡᠴᠦᠰ ᠠᠴᠠ ᠡᠮᠦᠨ᠎ᠡ | ᠂ ᠰᠤᠯᠠ ᠣᠷᠣᠨ ᠲᠤᠭ᠎ᠠ ᠶᠢᠨ 60% ᠪᠠᠷ ᠠᠵᠢᠯᠲᠠᠨ ᠢᠶᠠᠨ ᠨᠥᠬᠦᠪᠦᠷᠢᠯᠡᠨ᠎ᠡ︔ 2021 ᠣᠨ ᠤ 6 ᠰᠠᠷ᠎ᠠ ᠶᠢᠨ | ᠡᠴᠦᠰ ᠠᠴᠠ ᠡᠮᠦᠨ᠎ᠡ᠂ ᠬᠢᠨᠠᠨ ᠲᠣᠭᠲᠠᠭᠠᠭᠰᠠᠨ ᠣᠷᠣᠨ ᠲᠤᠭ᠎ᠠ ᠪᠠ ᠠᠵᠢᠯ ᠤᠨ ᠪᠠᠶᠢᠷᠢ ᠶᠣᠰᠣᠭᠠᠷ ᠪᠦᠬᠦ | ᠬᠥᠮᠥᠰ ᠢ ᠪᠦᠷᠢᠨ ᠭᠦᠢᠴᠡᠳ ᠨᠥᠬᠦᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠭᠡᠷ᠂ ᠣᠷᠣᠨ ᠲᠣᠭᠠᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠵᠣᠬᠢᠴᠠᠯᠳᠤᠨ ᠬᠠᠮᠵᠢᠯᠴᠠᠵᠤ᠂ ᠡᠯ᠎ᠡ ᠱᠠᠲᠤᠨ ᠤ ᠬᠢᠵᠢᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ︵ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠪᠠᠶᠢᠭᠤᠯᠤᠮᠵᠢ︶ ᠳᠤ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠬᠦ ᠲᠤᠰᠬᠠᠢ ᠮᠡᠷᠭᠡᠵᠢᠯ ᠤᠨ ᠠᠵᠢᠯᠲᠠᠨ ᠢ ᠭᠦᠢᠴᠡᠳ ᠨᠥᠬᠦᠪᠦᠷᠢᠯᠡᠵᠦ᠂ ᠬᠤᠲᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠲᠥᠪ ᠪᠣᠯᠣᠨ ᠬᠥᠨᠳᠡᠯᠡᠨ ᠲᠣᠭᠤᠷᠢᠭ᠂ ᠵᠢᠦᠶᠤᠸᠠᠨ ᠲᠣᠭᠤᠷᠢᠭ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ | ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠠᠩ ᠰᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠰᠠᠯᠠᠭ᠎ᠠ ᠲᠠᠰᠤᠭ ᠲᠤ ᠠᠳᠠᠭ ᠲᠠᠭᠠᠨ 5 ᠲᠤᠰᠬᠠᠢ ᠲᠤᠰᠢᠶᠠᠯᠲᠤ | ᠠᠵᠢᠯᠲᠠᠨ ᠲᠣᠬᠢᠷᠠᠭᠤᠯᠤᠨ᠎ᠠ᠂ ᠡᠭᠦᠨ ᠳᠤ᠂ ᠲᠤᠷᠰᠢᠯᠲᠠ ᠶᠢᠨ ᠲᠠᠰᠤᠭ ᠤᠨ ᠪᠠᠶᠢᠴᠠᠭᠠᠭᠴᠢ 2 ᠬᠥᠮᠥᠨ᠂ | ᠬᠡᠭᠡᠷ᠎ᠡ ᠶᠢᠨ ᠪᠠᠶᠢᠴᠠᠭᠠᠭᠴᠢ 3 ᠬᠥᠮᠥᠨ ᠪᠠᠶᠢᠬᠤ ᠬᠡᠷᠡᠭᠲᠡᠢ︔ ᠬᠢᠵᠢᠭ ᠤᠨ ᠡᠭᠦᠰᠦᠯ ᠤᠨ ᠭᠠᠵᠠᠷ ᠪᠤᠰᠤ ᠪᠤᠰᠤᠳ | ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ 2 — 3 ᠨᠡᠷᠡᠰ | ᠲᠤᠰᠬᠠᠢ ᠲᠤᠰᠢᠶᠠᠯᠲᠤ ᠪᠠ ᠲᠤᠰᠢᠶᠠᠯ ᠬᠠᠪᠰᠤᠷᠭᠠᠭᠰᠠᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯᠲᠠᠨ | ᠲᠣᠬᠢᠷᠠᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠬᠡᠷᠡᠭᠴᠡᠭᠡ ᠶᠢ ᠬᠠᠩᠭᠠᠬᠤ ᠶᠢ ᠪᠠᠲᠤᠯᠠᠨ᠎ᠠ᠃ | ︵ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ | ᠲᠣᠭᠠᠨ ᠤ ᠠᠯᠪᠠᠨ ᠭᠡᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ᠃︶ | ︵ᠲᠠᠪᠤ︶ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠡᠵᠡᠮᠳᠡᠬᠦ ᠠᠪᠤᠷᠠᠨ ᠡᠮᠨᠡᠭᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠯᠤᠭᠠᠨ᠎ᠠ ᠶᠢᠨ ᠬᠢᠵᠢᠭ ᠵᠡᠷᠭᠡ ᠠᠮᠢᠲᠠᠨ ᠤ ᠡᠭᠦᠰᠦᠯ ᠤᠨ | ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠵᠦ ᠠᠪᠤᠷᠠᠨ ᠡᠮᠨᠡᠬᠦ ᠴᠢᠳᠠᠪᠤᠷᠢ ᠶᠢ ᠴᠢᠷᠮᠠᠶᠢᠨ | ᠳᠡᠭᠡᠭᠰᠢᠯᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠲᠠᠰᠤᠭ ᠤᠨ | ᠪᠠᠶᠢᠭᠤᠯᠤᠯᠲᠠ ᠪᠠ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠬᠠᠯᠳᠠᠪᠤᠷᠢᠲᠤ ᠡᠪᠡᠳᠴᠢᠨ ᠤ ᠣᠷᠣᠨ ᠤ | ᠴᠢᠳᠠᠪᠤᠷᠢ ᠶᠢ ᠲᠡᠭᠡᠭᠰᠢᠯᠡᠭᠦᠯᠬᠦ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠬᠤᠲᠠ ᠶᠢᠨ | ᠬᠠᠯᠳᠠᠪᠤᠷᠢᠲᠤ ᠡᠪᠡᠳᠴᠢᠨ ᠢ ᠠᠪᠤᠷᠠᠨ ᠡᠮᠨᠡᠭᠦ ᠳᠡᠰ ᠬᠤᠪᠢᠶᠠᠬᠤ ᠳᠠᠪᠬᠤᠷᠭ᠎ᠠ ᠬᠤᠪᠢᠶᠠᠬᠤ ᠰᠠᠯᠭᠠᠨ ᠬᠤᠪᠢᠶᠠᠷᠢᠯᠠᠬᠤ | ᠲᠣᠣᠷ ᠢ ᠪᠠᠶᠢᠭᠤᠯᠤᠨ᠎ᠠ᠃ ᠴᠡᠭ ᠲᠣᠭᠲᠠᠭᠠᠨ ᠠᠪᠤᠷᠠᠨ ᠡᠮᠨᠡᠭᠦ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ | ᠲᠥᠯᠥᠪᠵᠢᠭᠦᠯᠦᠨ ᠪᠦᠲᠦᠭᠡᠨ ᠪᠠᠶᠢᠭᠤᠯᠵᠤ ᠤᠯᠤᠰ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠤ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠵᠦ᠂ ᠪᠤᠭᠤᠲᠤ ᠶᠢᠨ ᠡᠮᠨᠡᠯᠭᠡ ᠶᠢᠨ ᠬᠤᠷᠢᠶ᠎ᠠ ᠶᠢᠨ ᠨᠢᠭᠡᠳᠦᠭᠡᠷ | ᠬᠠᠷᠢᠶᠠᠲᠤ ᠡᠮᠨᠡᠯᠭᠡ ᠶᠢᠨ ᠬᠤᠷᠢᠶ᠎ᠠ᠂ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠣᠷᠣᠨ ᠨᠤᠲᠤᠭ ᠤᠨ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠲᠣᠭᠲᠠᠭᠰᠠᠨ ᠴᠠᠭ ᠲᠤᠨᠢ ᠪᠡᠶᠡᠯᠡᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠡᠭᠦᠰᠬᠦ ᠦᠶ᠎ᠡ ᠳᠤ | ᠳᠠᠷᠤᠢ ᠲᠦᠷᠭᠡᠨ ᠲᠤᠰᠬᠠᠬᠤ ᠶᠢ ᠪᠠᠲᠤᠯᠠᠵᠤ᠂ ᠬᠦᠨᠳᠦ ᠡᠪᠡᠳᠴᠢᠲᠡᠨ ᠤ ᠡᠷᠡᠭᠦᠯᠵᠢᠬᠦ ᠨᠣᠷᠮ᠎ᠠ ᠶᠢ ᠪᠦᠲᠦᠮᠵᠢᠲᠡᠢ | ᠳᠡᠭᠡᠭᠰᠢᠯᠡᠭᠦᠯᠵᠦ᠂ ᠦᠬᠦᠬᠦ ᠨᠤᠷᠮ᠎ᠠ ᠶᠢ ᠪᠠᠭᠤᠷᠠᠭᠤᠯᠤᠨ᠎ᠠ᠃ ᠰᠢᠶᠠᠨ ᠤ ᠳᠡᠰ ᠤᠨ ᠡᠮᠨᠡᠯᠭᠡ ᠶᠢᠨ ᠬᠤᠷᠢᠶ᠎ᠠ ᠶᠢᠨ | ᠠᠪᠤᠷᠠᠨ ᠡᠮᠨᠡᠭᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠤᠲᠠᠭᠤᠳᠠᠯ ᠢ ᠨᠥᠬᠦᠪᠦᠷᠢᠯᠡᠬᠦ ᠬᠡᠷᠡᠭᠴᠡᠭᠡ | ᠶᠣᠰᠣᠭᠠᠷ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠭᠤᠣᠯᠳᠠᠯᠭ᠎ᠠ ᠲᠠᠢ ᠰᠠᠶᠢᠵᠢᠷᠠᠭᠤᠯᠵᠤ᠂ ᠰᠢᠶᠠᠨ ᠤ ᠳᠡᠰ ᠤᠨ | ᠡᠮᠨᠡᠯᠭᠡ ᠶᠢᠨ ᠬᠤᠷᠢᠶ᠎ᠠ ᠶᠢᠨ ᠲᠣᠯᠣᠭᠠᠶᠢᠯᠠᠭᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ | ᠬᠡᠪᠴᠢᠶᠡᠨ ᠳᠠᠬᠢ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠳᠠᠶᠢᠴᠢᠯᠠᠨ ᠪᠥᠬᠦ ᠲᠠᠯ᠎ᠠ ᠪᠠᠷ ᠳᠡᠭᠡᠭᠰᠢᠯᠡᠭᠦᠯᠵᠦ | ᠂ ᠡᠮᠨᠡᠨ ᠠᠪᠤᠷᠠᠬᠤ ᠨᠢᠭᠡᠳᠦᠭᠡᠷ ᠪᠣᠭᠤᠮᠲᠠ ᠶᠢ ᠪᠠᠲᠤ ᠰᠠᠬᠢᠬᠤ ᠬᠡᠷᠡᠭᠲᠡᠢ᠃ ︵ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠷᠢᠭᠤᠴᠠᠨ᠎ᠠ︶ | ︵ᠵᠢᠷᠭᠤᠭ᠎ᠠ︶ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠭᠤᠯᠢ ᠪᠠ | ᠣᠷᠣᠨ ᠨᠤᠲᠤᠭ ᠤᠨ ᠬᠤᠷᠰᠢᠯ ᠠᠭᠤᠰᠤᠯᠴᠠᠯ ᠢ ᠴᠢᠩᠭᠠᠷᠠᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠬᠢᠨ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠲᠠᠢ ᠬᠠᠮᠲᠤᠷᠠᠨ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠴᠢᠳᠠᠪᠤᠷᠢᠲᠠᠨ ᠢ ᠤᠷᠲᠤ ᠬᠤᠭᠤᠴᠠᠭ᠎ᠠ ᠪᠠᠷ ᠬᠥᠮᠥᠵᠢᠭᠦᠯᠬᠦ ᠳᠦᠷᠢᠮ ᠢ | ᠰᠤᠳᠤᠯᠤᠨ ᠲᠣᠭᠲᠠᠭᠠᠵᠤ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠤᠷᠢᠳᠴᠢᠯᠠᠨ | ᠰᠡᠷᠭᠡᠶᠢᠯᠡᠬᠦ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠳᠣᠲᠣᠷ᠎ᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠵᠠᠬᠢᠶᠠᠯᠠᠭ᠎ᠠ ᠲᠠᠢ ᠴᠢᠭᠯᠡᠯ ᠲᠠᠢ ᠬᠥᠮᠥᠵᠢᠭᠦᠯᠬᠦ ᠠᠷᠭ᠎ᠠ ᠠᠪᠴᠠᠯ ᠢ | ᠬᠡᠷᠡᠭᠵᠢᠭᠦᠯᠵᠦ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ | ᠦᠯᠡᠳᠡᠭᠡᠵᠦ ᠳᠡᠶᠢᠯᠬᠦ᠂ ᠬᠡᠷᠡᠭᠯᠡᠵᠦ ᠳᠡᠶᠢᠯᠬᠦ᠂ ᠰᠠᠶᠢᠨ ᠬᠢᠵᠦ ᠳᠡᠶᠢᠯᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠦᠨ᠎ᠡ᠃ ᠴᠢᠭᠯᠡᠯ ᠲᠠᠢ ᠬᠥᠮᠥᠵᠢᠭᠦᠯᠵᠦ ᠪᠠᠶᠢᠭ᠎ᠠ ᠰᠤᠷᠤᠭᠴᠢᠳ ᠤᠨ ᠰᠤᠷᠭᠠᠭᠤᠯᠢ ᠳᠤ ᠪᠠᠶᠢᠬᠤ | ᠬᠤᠭᠤᠴᠠᠭᠠᠨ ᠳᠠᠬᠢ ᠰᠤᠷᠤᠯᠭ᠎ᠠ ᠶᠢᠨ ᠰᠦᠢᠳᠬᠡᠯ ᠪᠣᠯᠣᠨ ᠪᠠᠶᠢᠷᠢ ᠶᠢᠨ ᠰᠦᠢᠳᠬᠡᠯ ᠢ ᠬᠡᠯᠲᠦᠷᠢᠭᠦᠯᠵᠦ᠂ ᠬᠡᠷᠡᠭᠰᠡᠬᠦ | ᠵᠠᠷᠤᠳᠠᠯ ᠢ ᠨᠠᠶᠢᠳᠠᠨ ᠬᠥᠮᠦᠵᠢᠭᠦᠯᠦᠭᠦᠯᠭᠦ ᠨᠢᠭᠡᠴᠢ ᠠᠴᠠ ᠡᠭᠦᠷᠭᠡᠯᠡᠨ᠎ᠡ᠃ ᠡᠯ᠎ᠡ ᠭᠠᠵᠠᠷ ᠣᠷᠣᠨ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠬᠦ ᠪᠦᠬᠦ ᠠᠵᠢᠯᠲᠠᠨ ᠤ ᠪᠣᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠵᠦ᠂ ᠬᠤᠲᠠ᠂ ᠬᠤᠰᠢᠭᠤ | ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠯ᠎ᠡ ᠰᠢᠶᠠᠩ ᠪᠠᠯᠭᠠᠰᠤ ︵ᠰᠤᠮᠤ︶ ᠶᠢᠨ ᠡᠷᠡᠭᠦᠯ | ᠬᠠᠮᠠᠭᠠᠯᠠᠯ ᠤᠨ ᠬᠤᠷᠢᠶᠠᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠳ ᠵᠢᠯ ᠪᠦᠷᠢ ᠠᠳᠠᠭ ᠲᠠᠭᠠᠨ ᠨᠢᠭᠡ | ᠤᠳᠠᠭ᠎ᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢᠨ ᠪᠦᠬᠦ ᠠᠵᠢᠯᠲᠠᠨ ᠤ ᠪᠣᠯᠪᠠᠰᠤᠷᠠᠯ ᠥᠷᠨᠢᠭᠦᠯᠬᠦ ᠶᠢᠨ | ᠬᠠᠮᠲᠤ ᠪᠣᠯᠪᠠᠰᠤᠷᠠᠯ ᠤᠨ ᠳ᠋ᠦᠩ ᠢ ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠣᠨ ᠤ ᠬᠢᠨᠠᠨ ᠰᠢᠯᠭᠠᠯᠲᠠ᠂ | ᠮᠡᠷᠭᠡᠵᠢᠯ ᠤᠨ ᠴᠣᠯᠠ ᠳᠡᠪᠰᠢᠬᠦ ᠴᠢᠬᠤᠯᠠ ᠦᠨᠳᠦᠰᠦᠯᠡᠯ ᠪᠤᠯᠭᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ | ᠠᠵᠢᠯᠲᠠᠨ ᠤ ᠳᠠᠪᠲᠠᠨ ᠪᠣᠯᠪᠠᠰᠤᠷᠠᠬᠤ ᠰᠤᠷᠤᠯᠴᠠᠬᠤ ᠳᠦᠷᠢᠮ ᠢ ᠪᠠᠶᠢᠭᠤᠯᠤᠨ᠎ᠠ᠃ ᠠᠵᠢᠯ ᠤᠨ ᠬᠡᠷᠡᠭᠴᠡᠭᠡ ᠪᠠᠨ | ᠦᠨᠳᠦᠰᠦᠯᠡᠨ ᠬᠤᠲᠠ᠂ ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠨᠢ ᠵᠢᠯ ᠪᠦᠷᠢ 5 — 10 ᠬᠥᠮᠥᠨ ᠢ ᠰᠣᠩᠭᠤᠵᠤ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠪᠠᠶᠢᠭᠤᠯᠤᠮᠵᠢ ᠪᠤᠶᠤ ᠪᠤᠰᠤᠳ ᠲᠡᠷᠢᠭᠦᠨ ᠤ ᠮᠤᠵᠢ ︵ᠣᠷᠣᠨ᠂ ᠬᠤᠲᠠ︶ ᠳᠤ 3 — 6 | ᠰᠠᠷ᠎ᠠ ᠶᠢᠨ ᠲᠤᠬᠠᠶᠢᠯᠠᠭᠰᠠᠨ ᠠᠵᠢᠯ ᠤᠨ ᠳᠠᠪᠲᠠᠨ ᠪᠣᠯᠪᠠᠰᠤᠷᠠᠯ ᠰᠤᠷᠤᠯᠴᠠᠯᠭ᠎ᠠ ᠳᠤ ᠣᠷᠣᠯᠴᠠᠭᠤᠯᠵᠤ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠢ ᠮᠡᠷᠭᠡᠵᠢᠯ ᠤᠨ ᠡᠩᠨᠡᠭᠡᠨ ᠤ ᠲᠤᠬᠠᠶᠢᠯᠠᠭᠰᠠᠨ ᠠᠵᠢᠯ ᠤᠨ ᠬᠡᠪ | ᠪᠣᠯᠪᠠᠰᠤᠷᠠᠯ ᠢ ᠲᠠᠰᠤᠷᠠᠯᠳᠠ ᠦᠭᠡᠢ ᠲᠡᠭᠡᠭᠰᠢᠯᠡᠭᠦᠯᠵᠦ ᠪᠣᠯᠣᠨ᠎ᠠ᠃ ᠰᠤᠷᠭᠠᠭᠤᠯᠢ ᠪᠠ ᠣᠷᠣᠨ ᠨᠤᠲᠤᠭ ᠤᠨ ᠬᠤᠷᠰᠢᠯ | ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠣᠯᠠᠨ | ᠨᠡᠶᠢᠳᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠢ | ᠮᠡᠷᠭᠡᠵᠢᠯ ᠤᠨ ᠳᠡᠭᠡᠳᠦ ᠳᠡᠰ ᠤᠨ ᠴᠢᠳᠠᠪᠤᠷᠢᠲᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠩᠭᠢ ᠲᠣᠬᠢᠷᠠᠭᠤᠯᠵᠤ᠂ | ᠨᠥᠬᠦᠴᠡᠯ ᠳᠤ ᠨᠡᠶᠢᠴᠡᠬᠦ ᠬᠥᠮᠥᠰ ᠤᠨ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ | ᠠᠰᠫᠢᠷᠠᠨᠲ ︵MPH︶ ᠦᠵᠡᠬᠦ ᠶᠢ ᠵᠣᠷᠢᠭᠵᠢᠭᠤᠯᠬᠤ ᠪᠠ ᠭᠥᠯᠢᠶᠡᠨ ᠠᠪᠴᠤ᠂ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠬᠦ ᠲᠤᠰᠬᠠᠢ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠪᠠ | ᠰᠤᠷᠤᠯᠭ᠎ᠠ ᠶᠢᠨ ᠨᠠᠮᠲᠠᠷ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠡᠯ᠎ᠡ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠲᠤᠯᠤᠭ᠎ᠠ︶ ᠠᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ | ᠣᠷᠣᠨ ᠤ ᠬᠢᠨ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ ᠨᠡᠮᠡᠭᠦᠷᠢ ᠪᠠ ᠠᠵᠢᠯ ᠤᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ︽ᠡᠷᠡᠭᠦᠯ ᠬᠠᠮᠠᠭᠠᠯᠠᠯ ᠤᠨ ᠬᠢᠵᠢᠭ ᠢ | ᠰᠡᠷᠭᠡᠶᠢᠯᠡᠬᠦ ᠨᠡᠮᠡᠭᠦᠷᠢ ᠶᠢᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠪᠠ | ︽ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠠᠵᠢᠯᠲᠠᠳ ᠤᠨ ᠲᠦᠷ ᠴᠠᠭ ᠤᠨ | ᠴᠢᠨᠠᠷᠲᠠᠢ ᠠᠵᠢᠯ ᠤᠨ ᠨᠥᠬᠦᠪᠦᠷᠢ ᠲᠣᠭᠲᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠣᠭᠲᠠᠭᠠᠭᠰᠠᠨ ︹2016︺4 ᠳ᠋ᠦ᠋ᠭᠡᠷ ᠲᠣᠭᠠᠲᠤ︶ ᠤᠨ ᠲᠣᠭᠲᠠᠭᠠᠯ | ᠶᠣᠰᠣᠭᠠᠷ᠂ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠨᠡᠮᠡᠭᠦᠷᠢ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠴᠠᠭ | ᠲᠤᠬᠠᠢ ᠳᠤᠨᠢ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯᠲᠠᠳ ᠲᠤ ᠨᠠᠮ ᠪᠣᠯᠣᠨ | ᠤᠯᠤᠰ ᠤᠨ ᠬᠠᠶᠢᠷ᠎ᠠ ᠬᠠᠯᠠᠮᠵᠢ᠂ ᠬᠦᠨᠳᠦᠳᠬᠡᠯ ᠴᠢᠬᠤᠯᠠᠴᠢᠯᠠᠯ ᠢ ᠦᠨᠡᠨᠬᠦ ᠮᠡᠳᠡᠷᠡᠭᠦᠯᠬᠦ ᠬᠡᠷᠡᠭᠲᠡᠢ᠃ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯᠲᠠᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ | ᠴᠢᠬᠤᠯᠠᠴᠢᠯᠠᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠨᠠᠨ ᠰᠢᠯᠭᠠᠬᠤ ᠥᠷᠲᠡᠭᠡ ᠶᠢᠨ ᠠᠵᠢᠯ ᠤᠨ ᠣᠷᠴᠢᠨ | ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ᠂ ᠦᠷ᠎ᠡ | ᠪᠦᠲᠦᠭᠡᠯ ᠤᠨ ᠱᠠᠩᠨᠠᠯ᠂ ᠥᠭᠦᠯᠡᠯ ᠤᠨ ᠨᠥᠬᠦᠪᠦᠷᠢ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢᠨ ᠬᠠᠮᠲᠤ | ᠲᠤᠰᠢᠶᠠᠯ ᠤᠨ ᠴᠣᠯᠠ ᠳᠡᠪᠰᠢᠬᠦ ᠬᠢᠭᠡᠳ ᠤᠷᠢᠨ ᠲᠣᠮᠢᠯᠠᠬᠤ ᠵᠡᠷᠭᠡ ᠲᠠᠯ᠎ᠠ ᠳᠤ ᠲᠥᠷᠥ ᠶᠢᠨ ᠪᠣᠳᠣᠯᠭ᠎ᠠ ᠶᠢ | ᠬᠡᠯᠪᠡᠶᠢᠯᠭᠡᠨ᠎ᠡ᠃ ᠡᠭᠦᠨ ᠤ ᠬᠠᠮᠲᠤ᠂ ᠤᠷᠲᠤ ᠬᠤᠭᠤᠴᠠᠭ᠎ᠠ ᠪᠠᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ | ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠪᠤᠶᠤ ᠲᠣᠪᠣᠶᠢᠮ᠎ᠠ ᠢᠯᠡᠷᠡᠯ ᠲᠠᠢ ᠰᠢᠯᠢᠳᠡᠭ ᠠᠵᠢᠯᠲᠠᠳ ᠢ ᠲᠣᠭᠲᠠᠭᠠᠯ | ᠶᠣᠰᠣᠭᠠᠷ ᠱᠠᠩᠨᠠᠨ ᠬᠥᠬᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯᠲᠠᠳ ᠤᠨ ᠢᠷᠠᠭᠤ ᠠᠯᠳᠠᠷᠲᠤ | ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠪᠠ ᠠᠮᠵᠢᠯᠲᠠᠲᠤ ᠲᠥᠷᠥᠭᠳᠡᠯ ᠢ ᠨᠢ ᠴᠢᠩᠭᠠᠷᠠᠭᠤᠯᠬᠤ ᠬᠡᠷᠡᠭᠲᠡᠢ᠃ ︵ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠡᠳᠦᠷ | ᠳᠣᠳᠣᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠣᠬᠢᠶᠠᠨ | ᠪᠠᠶᠢᠭᠤᠯᠬᠤ᠂ ᠣᠷᠣᠨ ᠲᠤᠭ᠎ᠠ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ | ᠪᠠᠲᠤᠯᠠᠭ᠎ᠠ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠨ ᠨᠢᠭᠲᠠ ᠬᠠᠮᠵᠢᠯᠴᠠᠵᠤ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠯᠤᠭ᠎ᠠ ᠬᠤᠷᠰᠢᠯᠴᠠᠵᠤ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠴᠢᠳᠠᠪᠤᠷᠢᠲᠠᠨ ᠪᠠ ᠲᠤᠰᠬᠠᠢ ᠮᠡᠷᠭᠡᠵᠢᠯ ᠤᠨ ᠡᠩᠨᠡᠭᠡᠨ ᠤ ᠬᠥᠭᠵᠢᠯᠲᠡ ᠶᠢ | ᠬᠢᠵᠠᠭᠠᠷᠯᠠᠵᠤ ᠪᠦᠬᠦᠢ ᠪᠣᠭᠤᠮᠢ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠵᠦ᠂ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠡᠯ᠎ᠡ ᠲᠦᠷᠦᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠠᠮᠵᠢᠯᠴᠠᠨ ᠠᠬᠢᠭᠤᠯᠬᠤ ᠬᠡᠷᠡᠭᠲᠡᠢ᠃ | ︵ᠬᠤᠶᠠᠷ︶ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠦᠨ᠎ᠡ᠃ ᠡᠯ᠎ᠡ ᠭᠠᠵᠠᠷ ᠣᠷᠣᠨ ᠤ ᠬᠢᠨ ︽ᠡᠮ | ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ | ᠶᠠᠪᠤᠳᠠᠯ ᠡᠷᠬᠢᠯᠡᠬᠦ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠯᠲᠠ ᠶᠢᠨ ᠥᠭᠡᠷᠡᠴᠢᠯᠡᠯᠲᠡ ᠶᠢᠨ | ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ︵ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠠᠷᠬᠠᠭᠠᠭᠰᠠᠨ ︹ 2018 ︺ | 67 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠵᠠᠷᠤᠳᠠᠯ ᠤᠨ ᠣᠷᠣᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ | ᠨᠡᠮᠡᠭᠦᠷᠢ ᠪᠠ ᠲᠦᠷ ᠴᠠᠭ ᠤᠨ ᠴᠢᠨᠠᠷᠲᠠᠢ ᠠᠵᠢᠯ ᠤᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ ᠬᠠᠤᠯᠢ | ᠶᠣᠰᠣᠭᠠᠷ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯᠲᠠᠳ ᠤᠨ ᠬᠥᠯᠥᠰᠦ | ᠣᠯᠭᠤᠮᠵᠢ ᠶᠢᠨ ᠲᠦᠪᠰᠢᠨ ᠢ ᠲᠡᠭᠡᠭᠰᠢᠯᠡᠭᠦᠯᠦᠨ᠎ᠡ᠃ | ︵ᠭᠤᠷᠪᠠ︶ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠬᠢᠨ ᠲᠤᠰ | ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ | ᠭᠠᠵᠠᠷ ᠣᠷᠣᠨ ᠤ ᠪᠠᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠣᠳᠠᠲᠠᠢ | ᠠᠷᠭ᠎ᠠ ᠠᠪᠴᠠᠯ ᠢ ᠳᠤᠷᠠᠳᠬᠤ ᠶᠢᠨ ᠬᠠᠮᠲᠤ ᠳᠠᠷᠤᠢ ᠲᠦᠷᠭᠡᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠡᠭᠦᠨ ᠤ ᠬᠠᠮᠲᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠪᠣᠯᠣᠨ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠬᠠᠷᠠᠯᠲᠠ ᠬᠠᠷᠢᠭᠤᠴᠠᠯᠭ᠎ᠠ ᠶᠢᠨ | ᠬᠠᠮᠢᠶᠠᠷᠤᠯᠲᠠ ᠶᠢᠨ ᠬᠢᠨᠠᠨ ᠰᠢᠯᠭᠠᠬᠤ ᠬᠦᠷᠢᠶ᠎ᠡ ᠬᠡᠪᠴᠢᠶᠡᠨ ᠳᠤ ᠣᠷᠣᠭᠤᠯᠬᠤ ᠬᠡᠷᠡᠭᠲᠡᠢ᠃ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠡᠯ᠎ᠡ ᠭᠠᠵᠠᠷ | ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢ | ᠵᠢᠭᠠᠨ ᠵᠢᠯᠤᠭᠤᠳᠴᠤ᠂ ᠬᠢᠨᠠᠯᠲᠠ ᠲᠠᠯᠪᠢᠬᠤ ᠪᠠ ᠬᠢᠨᠠᠨ ᠰᠢᠯᠭᠠᠬᠤ ᠬᠡᠷᠡᠭᠲᠡᠢ᠃ | ᠳᠠᠭᠠᠯᠳᠤᠭᠤᠯᠤᠯ᠄ ᠪᠤᠭᠤᠲᠤ ᠬᠤᠲᠠ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠥᠷᠲᠡᠭᠡ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠳᠠᠭᠠᠯᠳᠤᠭᠤᠯᠤᠯ᠄ | ᠪᠤᠭᠤᠲᠤ ᠬᠤᠲᠠ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠠᠵᠢᠯ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠡᠭᠡᠷ᠎ᠡ ᠭᠠᠳᠠᠭ᠎ᠠ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ | ᠨᠥᠬᠦᠴᠡᠯ ᠢ ᠰᠠᠶᠢᠵᠢᠷᠠᠭᠤᠯᠵᠤ᠂ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠴᠢᠳᠠᠪᠤᠷᠢ ᠪᠣᠯᠣᠨ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ | ᠪᠠᠷᠢᠮᠵᠢᠶ᠎ᠠ ᠶᠢ ᠲᠣᠭᠲᠠᠭᠠᠪᠠ᠃ ᠨᠢᠭᠡ᠂ ᠭᠠᠵᠠᠷ ᠰᠣᠩᠭᠤᠬᠤ ᠱᠠᠭᠠᠷᠳᠠᠯᠭ᠎ᠠ | ︵ᠨᠢᠭᠡ︶ ᠥᠷᠲᠡᠭᠡ ᠪᠠᠶᠢᠭᠤᠯᠬᠤ ᠭᠠᠵᠠᠷ ᠰᠣᠩᠭᠤᠬᠤ ᠳᠤ ᠠᠮᠢᠳᠤ ᠪᠣᠳᠠᠰ ᠤᠨ ᠠᠶᠤᠯᠭᠦᠢ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠲᠤᠷᠰᠢᠯᠲᠠ ᠶᠢᠨ ᠲᠠᠰᠤᠭ ᠤᠨ ᠡᠷᠭᠢᠨ ᠲᠣᠭᠤᠷᠢᠨ ᠳᠤ ᠠᠯᠢ ᠴᠢᠳᠠᠬᠤ ᠪᠠᠷ | ᠰᠠᠭᠤᠭᠠᠯᠢ ᠠᠷᠠᠳ ᠤᠨ ᠲᠣᠭᠤᠷᠢᠭ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠣᠭᠤᠷᠢᠭ᠂ ᠲᠠᠷᠢᠶᠠᠨ | ᠭᠠᠵᠠᠷ ᠤᠨ ᠲᠠᠷᠢᠶᠠᠯᠠᠬᠤ ᠭᠠᠵᠠᠷ ᠵᠡᠷᠭᠡ ᠣᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠤᠨ ᠠᠵᠢᠯᠯᠠᠭ᠎ᠠ | ᠲᠥᠪᠯᠡᠷᠡᠭᠰᠡᠨ ᠲᠣᠭᠤᠷᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠦᠭᠡᠢ᠃ | ︵ᠬᠤᠶᠠᠷ︶ ᠥᠷᠲᠡᠭᠡ ᠪᠠᠶᠢᠭᠤᠯᠬᠤ ᠭᠠᠵᠠᠷ ᠨᠢ ᠬᠠᠮᠤᠭ ᠤᠨ ᠰᠠᠶᠢᠨ ᠳᠠᠭᠠᠨ ᠬᠤᠯᠤᠭᠠᠨ᠎ᠠ ᠶᠢᠨ ᠬᠢᠵᠢᠭ ᠢ | ᠬᠢᠨᠠᠨ ᠰᠢᠯᠭᠠᠬᠤ ᠣᠷᠣᠨ ᠤ ᠳᠣᠲᠣᠷ᠎ᠠ ᠪᠠᠶᠢᠷᠢᠯᠠᠵᠤ᠂ ᠬᠢᠨᠠᠨ ᠰᠢᠯᠭᠠᠬᠤ ᠠᠵᠢᠯ ᠤᠨ ᠬᠡᠷᠡᠭᠴᠡᠭᠡ ᠶᠢ ᠬᠠᠮᠤᠭ ᠤᠨ | ᠶᠡᠭᠡ ᠬᠡᠮᠵᠢᠶ᠎ᠡ ᠪᠠᠷ ᠬᠠᠩᠭᠠᠬᠤ ᠳᠤ ᠲᠦᠭᠦᠮ ᠦᠵᠡᠭᠦᠯᠭᠦ ᠬᠡᠷᠡᠭᠲᠡᠢ᠃ ᠬᠡᠷᠪᠡ ᠬᠢᠨᠠᠨ ᠰᠢᠯᠭᠠᠬᠤ ᠣᠷᠣᠨ ᠤ ᠳᠣᠲᠣᠷ᠎ᠠ | ᠥᠷᠲᠡᠭᠡ ᠪᠠᠶᠢᠭᠤᠯᠤᠨ ᠠᠵᠢᠯᠯᠠᠵᠤ ᠠᠮᠢᠳᠤᠷᠠᠬᠤ ᠬᠡᠷᠡᠭᠴᠡᠭᠡ ᠶᠢ ᠪᠠᠲᠤᠯᠠᠬᠤ ᠶᠢᠨ ᠠᠷᠭ᠎ᠠ ᠦᠭᠡᠢ ᠪᠣᠯ ᠥᠷᠲᠡᠭᠡ | ᠪᠠᠶᠢᠭᠤᠯᠬᠤ ᠭᠠᠵᠠᠷ ᠰᠣᠩᠭᠤᠬᠤ ᠳᠠᠭᠠᠨ ᠴᠢᠳᠠᠬᠤ ᠶᠢᠨ ᠳᠣᠲᠣᠷ᠎ᠠ ᠬᠢᠨᠠᠨ ᠰᠢᠯᠭᠠᠬᠤ ᠠᠵᠢᠯ ᠤᠨ ᠣᠷᠣᠨ | ᠬᠡᠪᠴᠢᠶᠡᠨ ᠳᠤ ᠣᠶᠢᠷᠠᠲᠤᠬᠤ ᠬᠡᠷᠡᠭᠲᠡᠢ᠃ | ︵ᠭᠤᠷᠪᠠ︶ ᠥᠷᠲᠡᠭᠡ ᠪᠠᠶᠢᠭᠤᠯᠬᠤ ᠭᠠᠵᠠᠷ ᠰᠣᠩᠭᠤᠬᠤ ᠳᠤ ᠠᠵᠢᠯᠯᠠᠵᠤ ᠠᠮᠢᠳᠤᠷᠠᠬᠤ ᠨᠠᠶᠢᠳᠠᠪᠤᠷᠢᠲᠠᠢ | ᠠᠷᠤ ᠲᠠᠯ᠎ᠠ ᠶᠢᠨ ᠪᠠᠲᠤᠯᠠᠭ᠎ᠠ ᠪᠣᠯᠣᠨ ᠠᠮᠤᠷ ᠲᠦᠪᠰᠢᠨ ᠤ ᠪᠠᠲᠤᠯᠠᠭ᠎ᠠ ᠬᠠᠩᠭᠠᠪᠠᠯ ᠵᠣᠬᠢᠨ᠎ᠠ᠂ ᠵᠠᠮ ᠬᠠᠷᠢᠯᠴᠠᠭ᠎ᠠ ᠪᠠ | ᠴᠢᠮᠡᠭᠡ ᠬᠤᠯᠪᠣᠭ᠎ᠠ ᠶᠢ ᠪᠠᠲᠤᠯᠠᠬᠤ ᠨᠥᠬᠦᠴᠡᠯ ᠬᠠᠩᠭᠠᠪᠠᠯ ᠵᠣᠬᠢᠨ᠎ᠠ᠂ ᠲᠤᠬᠠᠶᠢᠯᠠᠪᠠᠯ ᠴᠠᠬᠢᠯᠭᠠᠨ ᠨᠡᠪᠲᠡᠷᠡᠬᠦ ︵ | 220V︶᠂ ᠤᠰᠤ ᠨᠡᠪᠲᠡᠷᠡᠬᠦ᠂ ᠰᠦᠯᠵᠢᠶ᠎ᠡ ᠨᠡᠪᠲᠡᠷᠡᠬᠦ ᠵᠡᠷᠭᠡ ᠪᠣᠯᠣᠨ᠎ᠠ᠃ ︵ᠳᠥᠷᠪᠡ︶ ᠬᠢᠨᠠᠨ ᠰᠢᠯᠭᠠᠬᠤ | ᠥᠷᠲᠡᠭᠡ ᠨᠢ ᠬᠠᠮᠠᠭᠠᠯᠠᠬᠤ ᠬᠡᠷᠡᠮ ᠬᠦᠷᠢᠶ᠎ᠡ ᠪᠠᠶᠢᠭᠤᠯᠵᠤ᠂ ᠭᠠᠳᠠᠨᠠᠬᠢ ᠲᠠᠢ ᠲᠤᠰᠠᠭᠠᠷᠯᠠᠪᠠᠯ ᠵᠣᠬᠢᠨ᠎ᠠ᠃ | ᠬᠤᠶᠠᠷ᠂ ᠰᠠᠭᠤᠷᠢ ᠲᠥᠬᠦᠭᠡᠷᠦᠮᠵᠢ | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠯ ᠤᠨ ᠰᠠᠭᠤᠷᠢᠨ᠃ | 1᠂ ᠬᠤᠳᠠ ᠶᠢᠨ ᠲᠡᠰ ᠤᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ | ᠪᠣᠯᠪᠠᠰᠤᠷᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 650 ᠲᠡᠭᠰᠢ ᠳᠥᠷᠪᠡᠯᠵᠢᠨ | ᠮᠧᠲᠷ ᠠᠴᠠ ᠪᠠᠭ᠎ᠠ ᠪᠠᠶᠢᠵᠤ ᠪᠤᠯᠬᠤ ᠦᠭᠡᠢ᠃ | 2᠂ ᠪᠠᠶᠢᠷᠢ᠄ 30 ᠬᠥᠮᠥᠨ ᠠᠴᠠ ᠳᠡᠭᠡᠭᠰᠢ ᠬᠥᠮᠥᠨ ᠤ ᠣᠷᠣᠨ ᠰᠠᠭᠤᠴᠠ ᠬᠠᠩᠭᠠᠵᠤ᠂ ᠠᠷᠢᠭᠤᠨ | ᠴᠡᠪᠡᠷ ᠤᠨ ᠲᠠᠰᠤᠯᠭ᠎ᠠ᠂ ᠤᠬᠢᠶᠠᠯᠭ᠎ᠠ ᠶᠢᠨ ᠲᠥᠬᠦᠭᠡᠷᠦᠮᠵᠢ ᠵᠡᠷᠭᠡ ᠦᠨᠳᠦᠰᠦᠨ ᠠᠮᠢᠳᠤᠷᠠᠯ ᠤᠨ ᠲᠥᠬᠦᠭᠡᠷᠦᠮᠵᠢ ᠶᠢ | ᠪᠦᠷᠢᠳᠦᠭᠦᠯᠬᠦ ᠬᠡᠷᠡᠭᠲᠡᠢ᠃ | 3᠂ ᠭᠠᠯ ᠲᠣᠭᠤᠭᠠᠨ ᠤ ᠥᠷᠥᠭᠡ᠂ ᠬᠤᠭᠤᠯᠠᠨ ᠭᠠᠵᠠᠷ᠄ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ | 40 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ 50 ᠬᠥᠮᠥᠨ ᠬᠠᠮᠲᠤ ᠳᠠᠭᠠᠨ ᠬᠤᠭᠤᠯᠠᠯᠠᠵᠤ ᠲᠡᠶᠢᠯᠭᠦ | ᠨᠥᠬᠦᠴᠡᠯ ᠪᠦᠷᠢᠯᠳᠦᠭᠦᠯᠬᠦ ᠬᠡᠷᠡᠭᠲᠡᠢ᠃ | 4᠂ ᠠᠯᠪᠠᠯᠠᠬᠤ ᠣᠷᠣᠨ ᠲᠣᠭᠤᠷᠢᠭ᠄ ᠠᠳᠠᠭ ᠲᠠᠭᠠᠨ 30 ᠲᠡᠭᠰᠢ ᠳᠥᠷᠪᠡᠯᠵᠢᠨ ᠮᠧᠲᠷ ᠪᠠᠶᠢᠵᠤ᠂ 6 | ᠬᠥᠮᠥᠨ ᠠᠯᠪᠠᠯᠠᠵᠤ ᠲᠡᠶᠢᠯᠭᠦ ᠨᠥᠬᠦᠴᠡᠯ ᠢ ᠪᠦᠷᠢᠯᠳᠦᠭᠦᠯᠵᠦ᠂ ᠰᠦᠯᠵᠢᠶ᠎ᠡ᠂ ᠺᠤᠮᠫᠢᠦ᠋ᠲ᠋ᠧᠷ᠂ ᠳᠠᠷᠤᠮᠠᠯᠯᠠᠬᠤ ᠮᠠᠰᠢᠨ | ᠪᠦᠷᠢᠳᠦᠭᠦᠯᠬᠦ ᠬᠡᠷᠡᠭᠲᠡᠢ᠃ | 5᠂ ᠬᠤᠷᠠᠯ ᠤᠨ ᠲᠠᠰᠤᠭ᠄ 100 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠲᠠᠯᠠᠪᠠᠢ ᠲᠠᠢ ᠪᠠᠶᠢᠵᠤ᠂ | ᠠᠳᠠᠭ ᠲᠠᠭᠠᠨ 50 ᠬᠥᠮᠥᠨ ᠬᠤᠷᠠᠯ ᠬᠢᠵᠦ ᠲᠡᠶᠢᠯᠵᠦ᠂ ᠤᠯᠠᠨ ᠵᠠᠭᠤᠴᠢᠲᠤ ᠶᠢᠨ ᠨᠥᠬᠦᠴᠡᠯ ᠢ ᠪᠦᠷᠢᠯᠳᠦᠭᠦᠯᠬᠦ | ᠬᠡᠷᠡᠭᠲᠡᠢ᠃ | 6᠂ ᠡᠳ᠋ ᠪᠣᠳᠠᠰ ᠨᠥᠭᠡᠴᠡᠯᠡᠬᠦ ᠲᠠᠰᠤᠭ᠄ ᠠᠳᠠᠭ ᠲᠠᠭᠠᠨ 30 ᠲᠡᠭᠰᠢ ᠳᠥᠷᠪᠡᠯᠵᠢᠨ ᠮᠧᠲᠷ ᠪᠠᠶᠢᠵᠤ᠂ | ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ ᠡᠳ᠋ ᠪᠣᠳᠠᠰ ᠢ ᠬᠠᠳᠠᠭᠠᠯᠠᠵᠤ ᠲᠠᠯᠪᠢᠨ᠎ᠠ᠃ | 7᠂ ᠪᠣᠬᠢᠷ ᠤᠰᠤ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ ᠣᠶᠢᠷ᠎ᠠ | ᠬᠠᠪᠢ ᠳᠤ ᠲᠤᠰᠬᠠᠢ ᠬᠡᠷᠡᠭᠯᠡᠭᠡᠨ ᠤ ᠪᠣᠬᠢᠷ ᠤᠰᠤ ᠭᠠᠳᠠᠭᠰᠢᠯᠠᠭᠤᠯᠬᠤ ᠨᠡᠪᠴᠢᠬᠦ ᠬᠤᠳᠳᠤᠭ ᠮᠠᠯᠲᠠᠵᠤ᠂ | ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠰᠠᠶ᠋ᠢ | ᠭᠠᠳᠠᠭᠰᠢᠯᠠᠭᠤᠯᠵᠤ ᠪᠣᠯᠣᠨ᠎ᠠ᠂ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠲᠤ | ᠣᠷᠣᠭᠤᠯᠵᠤ ᠪᠣᠯᠬᠤ ᠦᠭᠡᠢ᠃ | 8᠂ ᠬᠤᠭ ᠨᠣᠪᠰᠢ ᠶᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ | ᠨᠦᠬᠡ᠂ ᠪᠤᠯᠠᠬᠤ ᠨᠦᠬᠡ ᠶᠢ ᠰᠣᠩᠭᠤᠵᠤ ᠪᠠᠶᠢᠭᠤᠯᠬᠤ ᠬᠡᠷᠡᠭᠲᠡᠢ᠃ | 9᠂ ᠲᠤᠷᠰᠢᠯᠲᠠ ᠶᠢᠨ ᠲᠠᠰᠤᠭ᠄ 200 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠤᠯᠬᠤ ᠦᠭᠡᠢ᠂ | ᠠᠮᠢᠳᠤ ᠪᠣᠳᠠᠰ ᠤᠨ ᠠᠶᠤᠯᠭᠦᠢ ᠬᠤᠶᠠᠳᠤᠭᠠᠷ ᠲᠡᠰ ᠤᠨ ᠲᠤᠷᠰᠢᠯᠲᠠ ᠶᠢᠨ ᠲᠠᠰᠤᠭ ᠲᠤ ᠪᠥᠭᠡᠰᠦ ᠪᠠᠶᠢᠴᠠᠭᠠᠬᠤ | ᠲᠠᠰᠤᠭ᠂ ᠪᠠᠺᠲ᠋ᠧᠷᠢ ᠪᠣᠶᠢᠵᠢᠭᠤᠯᠬᠤ ᠲᠠᠰᠤᠭ᠂ ᠴᠢᠰᠤᠨ ᠴᠠᠶᠢᠪᠠᠩ ᠤᠨ ᠲᠠᠰᠤᠭ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ᠂ ᠡᠩ ᠤᠨ ᠲᠤᠷᠰᠢᠯᠲᠠ ᠶᠢᠨ ᠲᠠᠰᠤᠭ᠂ ᠥᠨᠳᠥᠷ ᠳᠠᠷᠤᠯᠲᠠᠲᠤ | ᠪᠠᠺᠲ᠋ᠧᠷᠢ ᠤᠰᠠᠳᠬᠠᠬᠤ ᠲᠠᠰᠤᠭ᠂ ᠦᠯᠢᠭᠡᠷ ᠬᠡᠪ ᠤᠨ ᠲᠠᠰᠤᠭ ᠵᠡᠷᠭᠡ ᠪᠤᠢ᠃ ᠲᠤᠷᠰᠢᠯᠲᠠ ᠶᠢᠨ ᠲᠠᠰᠤᠭ ᠤᠨ | ᠳᠣᠲᠣᠭᠠᠳᠤᠬᠢ ᠪᠦᠲᠦᠴᠡ ᠶᠢᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ︽ᠲᠤᠷᠰᠢᠯᠲᠠ ᠶᠢᠨ | ᠲᠠᠰᠤᠭ ᠤᠨ ᠠᠮᠢᠳᠤ ᠪᠣᠳᠠᠰ ᠤᠨ ᠠᠶᠤᠯᠭᠦᠢ ᠶᠢᠨ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵GB1989 — | 2008︶ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠬᠤᠶᠠᠷ︶ ᠬᠡᠭᠡᠷ᠎ᠡ ᠶᠢᠨ ᠬᠢᠨᠠᠨ ᠰᠢᠯᠭᠠᠬᠤ ᠥᠷᠲᠡᠭᠡ᠃ | 1᠂ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠶᠢᠨ ᠬᠢᠨᠠᠨ ᠰᠢᠯᠭᠠᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠠᠯᠠᠪᠠᠢ ᠨᠢ 350 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠤᠯᠬᠤ ᠦᠭᠡᠢ᠃ | | 2᠂ ᠪᠠᠶᠢᠷᠢ᠄ 10 ᠬᠥᠮᠥᠨ ᠠᠴᠠ ᠳᠡᠭᠡᠭᠰᠢ ᠬᠥᠮᠥᠨ ᠤ ᠣᠷᠣᠨ ᠰᠠᠭᠤᠴᠠ ᠬᠠᠩᠭᠠᠵᠤ᠂ ᠠᠷᠢᠭᠤᠨ | ᠴᠡᠪᠡᠷ ᠤᠨ ᠲᠠᠰᠤᠯᠭ᠎ᠠ᠂ ᠤᠬᠢᠶᠠᠯᠭ᠎ᠠ ᠶᠢᠨ ᠲᠥᠬᠦᠭᠡᠷᠦᠮᠵᠢ ᠵᠡᠷᠭᠡ ᠦᠨᠳᠦᠰᠦᠨ ᠠᠮᠢᠳᠤᠷᠠᠯ ᠤᠨ ᠲᠥᠬᠦᠭᠡᠷᠦᠮᠵᠢ ᠶᠢ | ᠪᠦᠷᠢᠳᠦᠭᠦᠯᠬᠦ ᠬᠡᠷᠡᠭᠲᠡᠢ᠃ | 3᠂ ᠭᠠᠯ ᠲᠣᠭᠤᠭᠠᠨ ᠤ ᠥᠷᠥᠭᠡ᠂ ᠬᠤᠭᠤᠯᠠᠨ ᠭᠠᠵᠠᠷ᠄ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ | 20 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ 10 ᠬᠥᠮᠥᠨ ᠬᠠᠮᠲᠤ ᠳᠠᠭᠠᠨ ᠬᠤᠭᠤᠯᠠᠯᠠᠵᠤ ᠲᠡᠶᠢᠯᠭᠦ | ᠨᠥᠬᠦᠴᠡᠯ ᠪᠦᠷᠢᠯᠳᠦᠭᠦᠯᠬᠦ ᠬᠡᠷᠡᠭᠲᠡᠢ᠃ | 4᠂ ᠠᠯᠪᠠᠯᠠᠬᠤ ᠣᠷᠣᠨ ᠲᠣᠭᠤᠷᠢᠭ᠄ ᠨᠠᠭᠠᠲᠤ ᠵᠠᠬ᠎ᠠ ᠳᠠᠭᠠᠨ 30 ᠲᠡᠭᠰᠢ ᠳᠥᠷᠪᠡᠯᠵᠢᠨ ᠮᠧᠲᠷ ᠪᠠᠶᠢᠵᠤ᠂ | 6 ᠬᠥᠮᠥᠨ ᠠᠯᠪᠠᠯᠠᠵᠤ ᠲᠡᠶᠢᠯᠭᠦ ᠨᠥᠬᠦᠴᠡᠯ ᠢ ᠪᠦᠷᠢᠯᠳᠦᠭᠦᠯᠵᠦ᠂ ᠰᠦᠯᠵᠢᠶ᠎ᠡ᠂ ᠺᠤᠮᠫᠢᠦ᠋ᠲ᠋ᠧᠷ᠂ ᠳᠠᠷᠤᠮᠠᠯᠯᠠᠬᠤ | ᠮᠠᠰᠢᠨ ᠪᠠᠶᠢᠬᠤ ᠬᠡᠷᠡᠭᠲᠡᠢ᠃ | 5᠂ ᠡᠳ᠋ ᠪᠣᠳᠠᠰ ᠨᠥᠭᠡᠴᠡᠯᠡᠬᠦ ᠲᠠᠰᠤᠭ᠄ ᠠᠳᠠᠭ ᠲᠠᠭᠠᠨ 30 ᠲᠡᠭᠰᠢ ᠳᠥᠷᠪᠡᠯᠵᠢᠨ ᠮᠧᠲᠷ ᠪᠠᠶᠢᠵᠤ᠂ | ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ ᠡᠳ᠋ ᠪᠣᠳᠠᠰ ᠢ ᠬᠠᠳᠠᠭᠠᠯᠠᠵᠤ ᠲᠠᠯᠪᠢᠨ᠎ᠠ᠃ | 6᠂ ᠪᠣᠬᠢᠷ ᠤᠰᠤ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ ᠣᠶᠢᠷ᠎ᠠ | ᠬᠠᠪᠢ ᠳᠤ ᠲᠤᠰᠬᠠᠢ ᠬᠡᠷᠡᠭᠯᠡᠭᠡᠨ ᠤ ᠪᠣᠬᠢᠷ ᠤᠰᠤ ᠭᠠᠳᠠᠭᠰᠢᠯᠠᠭᠤᠯᠬᠤ ᠨᠡᠪᠴᠢᠬᠦ ᠬᠤᠳᠳᠤᠭ ᠮᠠᠯᠲᠠᠵᠤ᠂ | ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠰᠠᠶ᠋ᠢ | ᠭᠠᠳᠠᠭᠰᠢᠯᠠᠭᠤᠯᠵᠤ ᠪᠣᠯᠣᠨ᠎ᠠ᠂ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠲᠤ | ᠣᠷᠣᠭᠤᠯᠵᠤ ᠪᠣᠯᠬᠤ ᠦᠭᠡᠢ᠃ | 7᠂ ᠬᠤᠭ ᠨᠣᠪᠰᠢ ᠶᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ | ᠨᠦᠬᠡ᠂ ᠪᠤᠯᠠᠬᠤ ᠨᠦᠬᠡ ᠶᠢ ᠰᠣᠩᠭᠤᠵᠤ ᠪᠠᠶᠢᠭᠤᠯᠬᠤ ᠬᠡᠷᠡᠭᠲᠡᠢ᠃ | 8᠂ ᠲᠤᠷᠰᠢᠯᠲᠠ ᠶᠢᠨ ᠲᠠᠰᠤᠭ᠄ 150 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠤᠯᠬᠤ ᠦᠭᠡᠢ᠂ | ᠠᠮᠢᠳᠤ ᠪᠣᠳᠠᠰ ᠤᠨ ᠠᠶᠤᠯᠭᠦᠢ ᠬᠤᠶᠠᠳᠤᠭᠠᠷ ᠲᠡᠰ ᠤᠨ ᠲᠤᠷᠰᠢᠯᠲᠠ ᠶᠢᠨ ᠲᠠᠰᠤᠭ ᠲᠤ ᠪᠥᠭᠡᠰᠦ ᠪᠠᠶᠢᠴᠠᠭᠠᠬᠤ | ᠲᠠᠰᠤᠭ᠂ ᠪᠠᠺᠲ᠋ᠧᠷᠢ ᠪᠣᠶᠢᠵᠢᠭᠤᠯᠬᠤ ᠲᠠᠰᠤᠭ᠂ ᠴᠢᠰᠤᠨ ᠴᠠᠶᠢᠪᠠᠩ ᠤᠨ ᠲᠠᠰᠤᠭ᠂ ᠡᠩ ᠤᠨ ᠲᠤᠷᠰᠢᠯᠲᠠ ᠶᠢᠨ | ᠲᠠᠰᠤᠭ᠂ ᠥᠨᠳᠥᠷ ᠳᠠᠷᠤᠯᠲᠠᠲᠤ ᠪᠠᠺᠲ᠋ᠧᠷᠢ ᠤᠰᠠᠳᠬᠠᠬᠤ ᠲᠠᠰᠤᠭ ᠵᠡᠷᠭᠡ ᠪᠤᠢ᠃ ᠪᠥᠭᠡᠮ ᠬᠦᠴᠢᠯ ᠤᠨ | ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠬᠢᠭᠡᠳ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠢ ᠨᠢᠭᠡᠳᠦᠯᠲᠡᠢ | ᠲᠥᠯᠥᠪᠯᠡᠨ ᠬᠡᠷᠡᠭᠯᠡᠨ᠎ᠡ᠃ ᠲᠤᠷᠰᠢᠯᠲᠠ ᠶᠢᠨ ᠲᠠᠰᠤᠭ ᠤᠨ ᠳᠣᠲᠣᠭᠠᠳᠤᠬᠢ ᠪᠦᠲᠦᠴᠡ ᠶᠢᠨ ᠲᠤᠨᠤᠭ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ︽ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ | ᠠᠶᠤᠯᠭᠦᠢ ᠶᠢᠨ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵GB1989 — 2008︶ ᠶᠢᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠭᠤᠷᠪᠠ᠂ ᠰᠠᠭᠤᠷᠢᠨ ᠤ ᠬᠢᠨᠠᠨ ᠰᠢᠯᠭᠠᠬᠤ ᠥᠷᠲᠡᠭᠡ ᠶᠢᠨ ᠲᠤᠨᠤᠭ ᠲᠥᠬᠦᠭᠡᠷᠦᠮᠵᠢ | ︵ᠨᠢᠭᠡ︶ ᠬᠢᠨᠠᠨ ᠰᠢᠯᠭᠠᠬᠤ ᠲᠤᠨᠤᠭ ᠲᠥᠬᠦᠭᠡᠷᠦᠮᠵᠢ᠄ ᠵᠢᠯᠣᠭᠤᠴᠢ ᠦᠭᠡᠢ ᠨᠢᠰᠬᠡᠯ | 1᠂ ᠬᠤᠯᠤᠭᠠᠨ᠎ᠠ ᠶᠢᠨ ᠲᠦᠷᠦᠯ᠂ ᠬᠤᠯᠤᠭᠠᠨ᠎ᠠ ᠶᠢᠨ ᠨᠦᠬᠡᠨ ᠳᠠᠬᠢ ᠵᠢᠯᠣᠭᠤᠴᠢ ᠦᠭᠡᠢ ᠮᠠᠰᠢᠨ ᠤ | ᠠᠦ᠋ᠲ᠋ᠣᠴᠢᠯᠠᠭᠰᠠᠨ ᠢᠯᠭᠠᠨ ᠲᠠᠨᠢᠬᠤ ᠰᠢᠰᠲ᠋ᠧᠮ᠂ GPS ᠪᠠᠶᠢᠷᠢ ᠲᠣᠭᠲᠠᠭᠠᠬᠤ ᠬᠡᠮᠵᠢᠭᠦᠷᠯᠢᠭ | 2᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠰᠢᠰᠲ᠋ᠧᠮ 1 ᠢᠵᠢ᠂ ᠬᠤᠯᠤᠭᠠᠨ᠎ᠠ ᠶᠢᠨ | ᠬᠠᠪᠬ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ᠄ ᠤᠲᠤᠭᠠᠲᠤ ᠫᠤᠤᠵᠢᠩ᠂ | ᠬᠤᠯᠤᠭᠠᠨ᠎ᠠ ᠤᠰᠠᠳᠬᠠᠬᠤ ᠡᠮ᠂ ᠪᠥᠭᠡᠰᠦ ᠤᠰᠠᠳᠬᠠᠬᠤ ᠡᠮ᠂ ᠴᠠᠬᠢᠯᠭᠠᠨ ᠭᠠᠷᠭᠠᠬᠤ ᠮᠠᠰᠢᠨ᠃ | ︵ᠭᠤᠷᠪᠠ︶ ᠲᠡᠷᠭᠡ ᠬᠥᠰᠬᠡ᠄ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠲᠡᠷᠭᠡ ᠬᠥᠰᠬᠡ | ᠠᠳᠠᠭ ᠲᠠᠭᠠᠨ 1 ᠶᠢ ᠲᠣᠬᠢᠷᠠᠭᠤᠯᠬᠤ ᠶᠢᠨ ᠬᠠᠮᠲᠤ᠂ ᠲᠡᠷᠭᠡ ᠬᠡᠷᠡᠭᠯᠡᠬᠦ ᠪᠠᠶᠢᠳᠠᠯ ᠢ ᠦᠨᠳᠦᠰᠦᠯᠡᠨ ᠲᠣᠭᠲᠠᠮᠠᠯ | ᠬᠤᠭᠤᠴᠠᠭ᠎ᠠ ᠲᠠᠢ ᠪᠠᠷ ᠰᠣᠯᠢᠬᠤ ᠬᠡᠷᠡᠭᠲᠡᠢ᠃ | ᠳᠥᠷᠪᠡ᠂ ᠰᠠᠭᠤᠷᠢᠨ ᠤ ᠬᠢᠨᠠᠨ ᠰᠢᠯᠭᠠᠬᠤ ᠥᠷᠲᠡᠭᠡ ᠶᠢᠨ ᠲᠤᠷᠰᠢᠯᠲᠠ ᠶᠢᠨ ᠲᠥᠬᠦᠭᠡᠷᠦᠮᠵᠢ | ︵ᠨᠢᠭᠡ︶ ᠪᠠᠺᠲ᠋ᠧᠷᠢ ᠪᠣᠶᠢᠵᠢᠭᠤᠯᠬᠤ ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠶᠤᠯᠭᠦᠢ | ᠬᠠᠶᠢᠷᠴᠠᠭ 2᠂ ᠮᠢᠺᠷᠤᠰᠺᠦᠪ 2᠂ ᠪᠣᠰᠤᠭ᠎ᠠ ᠬᠡᠯᠪᠡᠷᠢᠲᠦ ᠳᠠᠷᠤᠯᠲᠠᠲᠤ ᠠᠭᠤᠷ ᠤᠨ ᠪᠠᠺᠲ᠋ᠧᠷᠢ ᠤᠰᠠᠳᠬᠠᠬᠤ | ᠪᠠᠭᠠᠵᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠠᠺᠲ᠋ᠧᠷᠢ ᠪᠣᠶᠢᠵᠢᠭᠤᠯᠬᠤ ᠬᠠᠶᠢᠷᠴᠠᠭ᠂ ᠪᠣᠰᠤᠭ᠎ᠠ | ᠬᠡᠯᠪᠡᠷᠢᠲᠦ ᠪᠠᠺᠲ᠋ᠧᠷᠢ ᠤᠰᠠᠳᠬᠠᠬᠤ ᠪᠠᠭᠠᠵᠢ᠂ ᠪᠣᠰᠤᠭ᠎ᠠ ᠬᠡᠯᠪᠡᠷᠢᠲᠦ ᠬᠥᠯᠳᠡᠭᠡᠭᠦᠷ᠂ PCR ᠪᠥᠭᠡᠮ ᠬᠦᠴᠢᠯ ᠤᠨ | ᠥᠷᠭᠡᠳᠭᠡᠭᠦᠷ᠂ ᠳᠣᠣᠷ᠎ᠠ ᠳᠤᠯᠠᠭᠠᠨᠲᠤ ᠲᠣᠭᠲᠠᠮᠠᠯ ᠳᠤᠯᠠᠭᠠᠨᠲᠤ ᠪᠣᠶᠢᠵᠢᠭᠤᠯᠬᠤ ᠬᠠᠶᠢᠷᠴᠠᠭ᠂ ᠬᠠᠲᠠᠭᠠᠬᠤ | ᠬᠠᠶᠢᠷᠴᠠᠭ ᠂ ᠪᠣᠰᠤᠭ᠎ᠠ ᠬᠡᠯᠪᠡᠷᠢᠲᠦ ᠬᠥᠯᠳᠡᠭᠡᠭᠦᠷ᠂ ᠲᠣᠭᠲᠠᠮᠠᠯ ᠳᠤᠯᠠᠭᠠᠨᠲᠤ ᠰᠠᠵᠢᠯᠠᠭᠤᠷ᠂ ᠴᠠᠬᠢᠯᠭᠠᠨ | ᠤᠮᠪᠠᠯᠲᠠ ᠶᠢᠨ ᠬᠡᠮᠵᠢᠭᠦᠷᠯᠢᠭ᠂ ᠴᠠᠬᠢᠯᠭᠠᠨ ᠤᠮᠪᠠᠯᠲᠠ ᠶᠢᠨ ᠲᠡᠪᠰᠢ᠂ ᠠᠦ᠋ᠲ᠋ᠣᠴᠢᠯᠠᠭᠰᠠᠨ ᠴᠠᠬᠢᠯᠭᠠᠨ ᠬᠠᠯᠠᠭᠤᠷᠳᠦ | ᠠᠭᠤᠷ ᠤᠨ ᠪᠠᠺᠲ᠋ᠧᠷᠢ ᠤᠰᠠᠳᠬᠠᠬᠤ ᠪᠠᠭᠠᠵᠢ 2᠂ ᠴᠡᠭᠡᠨ ᠬᠡᠷᠡᠯ ᠤᠨ ᠮᠢᠺᠷᠤᠰᠺᠦᠫ᠂ ᠲᠣᠩᠭᠤᠷᠤᠤ ᠲᠠᠯᠪᠢᠬᠤ | ᠠᠮᠢᠳᠤ ᠪᠣᠳᠠᠰ ᠤᠨ ᠮᠢᠺᠷᠤᠰᠺᠦᠪ᠂ ᠢᠰᠬᠡᠭᠦᠷ ᠤᠨ ᠪᠠᠷᠢᠮᠵᠢᠶ᠎ᠠ ᠶᠢᠨ ᠬᠡᠮᠵᠢᠭᠦᠷᠯᠢᠭ᠂ ᠬᠡᠳᠦ ᠳᠣᠣᠷ᠎ᠠ ᠡᠨᠧᠷᠭᠢᠲᠦ | ᠰᠠᠭᠠᠬᠢᠭᠤᠷ᠂ ᠬᠦᠷᠢᠨ ᠤ ᠭᠠᠳᠠᠨᠠᠬᠢ ᠬᠡᠷᠡᠯ ᠰᠠᠯᠭᠠᠬᠤ ᠬᠡᠷᠡᠯ ᠤᠨ ᠬᠡᠮᠵᠢᠭᠦᠷ᠂ ᠬᠡᠷᠡᠯ ᠤᠨ ᠤᠬᠠᠭᠠᠨ ᠢᠶᠠᠷ ᠵᠠᠳᠠᠯᠬᠤ | ᠲᠡᠩᠨᠡᠭᠦᠷ᠃ | ︵ᠬᠤᠶᠠᠷ︶ PCR ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠶᠤᠯᠭᠦᠢ ᠬᠠᠶᠢᠷᠴᠠᠭ 2᠂ | ᠲᠠᠯᠪᠢᠭᠤᠷᠳᠤ ᠲᠦᠷᠭᠡᠨ ᠬᠤᠷᠳᠤᠴᠠᠲᠤ ᠵᠢᠭᠤᠲᠠᠩᠭᠤᠢ ᠮᠠᠰᠢᠨ 2᠂ ᠪᠥᠭᠡᠮ ᠬᠦᠴᠢᠯ ᠢ ᠭᠠᠷᠭᠠᠨ ᠠᠪᠬᠤ | ᠬᠡᠮᠵᠢᠭᠦᠷᠯᠢᠭ 1᠂ ᠴᠡᠭᠡᠨ ᠭᠡᠷᠡᠯ ᠲᠣᠭᠲᠠᠭᠠᠬᠤ ᠬᠡᠮᠵᠢᠶ᠎ᠡ ᠶᠢᠨ PCR ᠬᠡᠮᠵᠢᠭᠦᠷᠯᠢᠭ 1᠂ ᠡᠩ ᠤᠨ ᠬᠥᠯᠳᠡᠭᠡᠭᠦᠷ | 2᠂ ᠲᠡᠮᠦᠷᠯᠢᠭ ᠤᠬᠢᠶᠠᠯᠭ᠎ᠠ ᠶᠢᠨ ᠪᠠᠭᠠᠵᠢ 1᠂ ᠵᠢᠵᠢᠭ ᠵᠢᠭᠤᠲᠠᠩᠭᠤᠢ ᠮᠠᠰᠢᠨ 1᠂ ᠬᠡᠮᠵᠢᠶ᠎ᠡ ᠲᠣᠬᠢᠷᠠᠭᠤᠯᠬᠤ | ᠰᠢᠩᠭᠡᠨ ᠪᠡᠶᠡᠲᠦ ᠪᠠᠭᠠᠵᠢ 3᠃ | ᠲᠠᠪᠤ᠂ ᠬᠤᠪᠢ ᠬᠥᠮᠥᠨ ᠤ ᠬᠠᠮᠠᠭᠠᠯᠠᠯᠲᠠ ᠶᠢᠨ ᠪᠠᠷᠢᠮᠵᠢᠶ᠎ᠠ | ︵ᠨᠢᠭᠡ︶ ᠬᠤᠪᠢ ᠬᠥᠮᠥᠨ ᠤ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ᠃ ᠨᠢᠭᠡᠯᠡ ᠤᠳᠠᠭ᠎ᠠ ᠬᠡᠷᠡᠭᠯᠡᠬᠦ | ᠪᠥᠭᠡᠰᠦ ᠰᠡᠷᠭᠡᠶᠢᠯᠡᠬᠦ ᠣᠶᠢᠮᠤᠰᠤ᠂ ᠪᠥᠭᠡᠰᠦ ᠰᠡᠷᠭᠡᠶᠢᠯᠡᠬᠦ ᠪᠡᠭᠡᠯᠡᠢ᠂ ᠬᠦᠷᠵᠡ᠂ ᠨᠢᠳᠦ ᠬᠠᠮᠠᠭᠠᠯᠠᠬᠤ ᠰᠢᠯ᠂ | ᠬᠠᠮᠠᠭᠠᠯᠠᠯᠲᠠ ᠶᠢᠨ ᠬᠤᠪᠴᠠᠰᠤ᠂ N95 ᠠᠮᠠᠪᠴᠢ᠂ ᠪᠡᠭᠡᠯᠡᠢ᠂ ᠰᠡᠷᠭᠡᠶᠢᠯᠡᠬᠦ ᠴᠢᠨᠠᠷᠲᠠᠢ ᠡᠮ᠂ ᠵᠠᠶᠢᠯᠠᠭᠤᠯᠬᠤ ᠡᠮ | | ︵ᠬᠤᠶᠠᠷ︶ ᠬᠤᠪᠢ ᠬᠥᠮᠥᠨ ᠤ ᠠᠵᠢᠯ ᠤᠨ ᠲᠣᠨᠤᠭ ᠲᠥᠬᠦᠭᠡᠷᠦᠮᠵᠢ᠃ | ᠵᠤᠨ ᠤ ᠤᠯᠠᠷᠢᠯ᠄ ᠬᠠᠭᠠᠰ ᠬᠠᠨᠴᠤᠢ ᠲᠠᠢ ᠳᠡᠪᠡᠯ 2 ᠵᠠᠬ᠎ᠠ᠂ ᠤᠷᠲᠤ ᠬᠠᠨᠴᠤᠢ ᠲᠠᠢ ᠲᠡᠪᠡᠯ 1 ᠵᠠᠬ᠎ᠠ᠂ | ᠨᠠᠷᠠᠨ ᠳᠤ ᠰᠢᠷᠠᠭᠳᠠᠬᠤ ᠠᠴᠠ ᠰᠡᠷᠭᠡᠶᠢᠯᠡᠬᠦ ᠬᠤᠪᠴᠠᠰᠤ 1᠂ ᠲᠦᠷᠭᠡᠨ ᠬᠠᠳᠠᠬᠤ ᠬᠤᠪᠴᠠᠰᠤ 1 ᠵᠠᠬ᠎ᠠ᠂ ᠵᠤᠨ ᠤ | ᠤᠯᠠᠷᠢᠯ ᠤᠨ ᠭᠡᠷ ᠤᠨ ᠭᠠᠳᠠᠨᠠᠬᠢ ᠱᠠᠬᠠᠢ᠂ ᠨᠠᠷᠠᠨ ᠤ ᠰᠢᠯ᠂ ᠨᠠᠷᠠᠨ ᠳᠤ ᠰᠢᠷᠠᠭᠳᠠᠬᠤ ᠠᠴᠠ ᠰᠡᠷᠭᠡᠶᠢᠯᠡᠬᠦ ᠮᠠᠯᠠᠭᠠᠢ᠂ | ᠳᠤᠯᠠᠭᠠᠨ ᠢ ᠬᠠᠳᠠᠭᠠᠯᠠᠬᠤ ᠴᠣᠮᠣ ᠵᠡᠷᠭᠡ᠃ | ᠡᠪᠦᠯ ᠤᠨ ᠤᠯᠠᠷᠢᠯ᠄ ᠥᠲᠥᠨ ᠬᠤᠪᠴᠠᠰᠤ 1 ᠥᠪᠴᠢ᠂ ᠳᠤᠯᠠᠭᠠᠴᠠᠭᠤᠯᠬᠤ ᠥᠪᠴᠢ ᠬᠤᠪᠴᠠᠰᠤ 1᠂ | ᠴᠡᠷᠢᠭ ᠤᠨ ᠳ᠋ᠠᠴᠠᠩ 1 ᠵᠠᠬ᠎ᠠ᠂ ᠡᠪᠦᠯ ᠤᠨ ᠤᠯᠠᠷᠢᠯ ᠤᠨ ᠭᠡᠷ ᠤᠨ ᠭᠠᠳᠠᠨᠠᠬᠢ ᠭᠤᠲᠤᠯ᠂ ᠬᠥᠪᠥᠩ ᠮᠠᠯᠠᠭᠠᠢ᠂ | ᠬᠥᠪᠥᠩ ᠪᠡᠭᠡᠯᠡᠢ᠃ |