ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠮᠠᠰᠢᠨ ᠤ  ᠰᠢᠰᠲ᠋ᠧᠮ ᠤᠨ ᠴᠢᠳᠠᠮᠵᠢ ᠶᠢ ᠳᠡᠭᠡᠭᠰᠢᠯᠡᠭᠦᠯᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ  ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/10/29
    ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                                             ᠲᠠᠷᠬᠠᠭᠠᠭᠰᠠᠨ [2021]66 ᠲᠣᠭᠠᠲᠤ          ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠪᠣᠷ ᠰᠢᠷᠣᠢ ᠶᠢᠨ ᠳᠡᠭᠡᠳᠦ  ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ  ᠪᠦᠬᠦᠢ ᠰᠠᠯᠠᠭ᠎ᠠ ᠮᠥᠴᠢᠷ᠂ ᠨᠢᠭᠡᠴᠢ᠂ ᠲᠥᠪ ᠤᠨ ᠰᠢᠭᠤᠳ ᠬᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ  ᠬᠠᠷᠢᠶ᠎ᠠ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ ᠳᠤ᠄            ᠬᠤᠲᠠ ᠶᠢᠨ ᠵᠠᠰᠠᠭ ᠤᠨ ᠣᠷᠳᠣᠨ ᠤ 2021 ᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ  ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ  ᠠᠬᠤᠶᠢᠯᠠᠯ ᠤᠨ ᠴᠠᠬᠢᠯᠭᠠᠨ ᠮᠠᠰᠢᠨ ᠤ ᠰᠢᠰᠲ᠋ᠧᠮ ᠤᠨ ᠴᠢᠳᠠᠮᠵᠢ ᠶᠢ ᠳᠡᠭᠡᠭᠰᠢᠯᠡᠭᠦᠯᠬᠦ ᠬᠠᠮᠢᠶᠠᠷᠤᠯᠲᠠ ᠶᠢᠨ ᠠᠷᠭ᠎ᠠ ︵ ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂  ᠬᠢᠨᠠᠮᠠᠭᠠᠢ  ᠲᠤᠭᠤᠰᠢᠯᠠᠭᠤᠯᠤᠨ ᠬᠡᠷᠡᠭᠵᠢᠭᠦᠯᠲᠦᠭᠡᠢ᠃                                                                                          2021 ᠣᠨ ᠤ 5 ᠳ᠋ᠤᠭᠠᠷ ᠰᠠᠷ᠎ᠠ ᠶᠢᠨ 29 ᠤ ᠡᠳᠦᠷ                                            ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶                                                                    ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ                                ᠮᠠᠰᠢᠨ ᠤ ᠰᠢᠰᠲ᠋ᠧᠮ ‍ᠤᠨ‌‍ᠴᠢᠳᠠᠮᠵᠢ ᠶᠢ ᠳᠡᠭᠡᠭᠰᠢᠯᠡᠭᠦᠯᠬᠦ ᠬᠠᠮᠢᠶᠠᠷᠤᠯᠲᠠ ᠶᠢᠨ ᠠᠷᠭ᠎ᠠ                                                                           ︵ᠲᠤᠷᠰᠢᠨ ᠬᠡᠷᠡᠭᠵᠢᠭᠦᠯᠬᠦ︶            ᠨᠢᠭᠡᠳᠦᠭᠡᠷ ᠪᠦᠯᠦᠭ᠂ ᠶᠡᠷᠦᠩᠬᠡᠢ ᠳᠦᠷᠢᠮ            ᠨᠢᠭᠡᠳᠦᠭᠡᠷ ᠵᠦᠢᠯ  ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ  ᠮᠠᠰᠢᠨ ᠤ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠲᠦᠷᠭᠡᠳᠬᠡᠵᠦ᠂ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠳᠤᠯ ᠦᠭᠡᠢ ᠨᠡᠭᠦᠷᠡᠰᠦᠲᠦᠷᠦᠭᠴᠢ  ᠪᠠᠭ᠎ᠠ ᠬᠥᠭᠵᠢᠯᠲᠡ ᠶᠢ  ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠦᠨᠳᠦᠰᠦᠯᠡᠵᠦ᠂  ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ  ᠲᠣᠰ ᠠᠷᠭ᠎ᠠ ᠳᠤ ᠵᠢᠭᠠᠵᠤ ᠪᠠᠶᠢᠭ᠎ᠠ ᠴᠠᠬᠢᠯᠭᠠᠨ ᠮᠠᠰᠢᠨ ᠤ ᠰᠢᠰᠲ᠋ᠧᠮ ᠤᠨ  ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠭᠡᠳᠡᠭ ᠨᠢ GB 18613-2012 ᠪᠠ GB  1861-2020 ᠤᠨ ᠵᠠᠰᠠᠪᠤᠷᠢ ᠣᠷᠣᠭᠤᠯᠤᠭᠰᠠᠨ ᠬᠡᠪᠯᠡᠯ ᠤᠨ ᠥᠨᠳᠥᠷ ᠦᠷ᠎ᠡ ᠪᠦᠲᠦᠮᠵᠢᠲᠡᠶ ᠴᠠᠬᠢᠯᠭᠠᠨ  ᠮᠠᠰᠢᠨ ᠤ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠪᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ  ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠵᠦ ᠪᠠᠶᠢᠭ᠎ᠠ ᠴᠠᠬᠢᠯᠭᠠᠨ ᠮᠠᠰᠢᠨ ᠤ  ᠦᠢᠯᠡᠳᠬᠦᠨ ᠢ ᠲᠠᠰ ᠳᠡᠪᠰᠢᠭᠦᠯᠦᠨ ᠰᠣᠯᠢᠬᠤ ᠵᠢᠴᠢ ᠴᠠᠬᠢᠯᠭᠠᠨ ᠮᠠᠰᠢᠨ ᠢᠶᠠᠷ ᠬᠥᠳᠡᠯᠭᠡᠭᠦᠷ ᠪᠣᠯᠭᠠᠭᠰᠠᠨ ᠰᠠᠯᠬᠢᠨ  ᠬᠦᠴᠦᠨ ᠤ ᠮᠠᠰᠢᠨ᠂ ᠤᠰᠤᠨ ᠬᠥᠭᠡᠷᠭᠡ᠂ ᠠᠭᠠᠷ ᠤᠨ ᠰᠢᠬᠠᠭᠤᠷ ᠵᠡᠷᠭᠡ ᠲᠣᠨᠤᠭ ᠲᠥᠬᠦᠭᠡᠷᠦᠮᠵᠢ ᠶᠢᠨ  ᠰᠢᠰᠲ᠋ᠧᠮ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠵᠢᠭᠠᠵᠤ ᠪᠣᠶ᠃            ᠭᠤᠷᠪᠠᠳᠤᠭᠠᠷ ᠵᠦᠢᠯ  ᠬᠤᠲᠠ ᠶᠢᠨ ᠡᠳ᠋ ᠤᠨ ᠵᠠᠰᠠᠭ ᠤᠨ ᠪᠡᠯᠡ ᠮᠥᠩᠭᠦ ᠨᠢ ᠢᠯᠡ ᠲᠣᠳᠣ᠂ ᠲᠥᠪ  ᠭᠤᠣᠯᠴᠢ᠂ ᠡᠷᠬᠡ ᠲᠡᠭᠰᠢ ᠪᠠᠶᠢᠬᠤ ᠵᠠᠷᠴᠢᠮ ᠢᠶᠠᠷ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ  ᠮᠠᠰᠢᠨ ᠢ ᠥᠭᠡᠷᠡᠴᠢᠯᠡᠨ ᠲᠡᠰ ᠳᠡᠪᠰᠢᠭᠦᠯᠬᠦ ᠪᠠ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ  ᠳᠠᠮᠵᠢᠨ᠎ᠠ᠃            ᠬᠤᠶᠠᠳᠤᠭᠠᠷ ᠪᠦᠯᠦᠭ᠂ ᠳᠡᠮᠵᠢᠬᠦ ᠬᠡᠪᠴᠢᠶ᠎ᠡ ᠬᠢᠭᠡᠳ ᠠᠷᠭ᠎ᠠ ᠮᠠᠶ᠋ᠢᠭ       ᠳᠥᠷᠪᠡᠳᠦᠭᠡᠷ ᠵᠦᠢᠯ  ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠮᠠᠰᠢᠨ ᠤ ᠰᠢᠰᠲ᠋ᠧᠮ ᠤᠨ  ᠴᠢᠳᠠᠮᠵᠢ ᠦᠷ᠎ᠡ ᠠᠰᠢᠭ ᠢ ᠳᠡᠭᠡᠭᠰᠢᠯᠡᠭᠦᠯᠬᠦ ᠲᠤᠰᠬᠠᠢ ᠵᠦᠢᠯ ᠤᠨ ᠪᠡᠯᠡ ᠮᠥᠩᠭᠦ ᠶᠢᠨ ᠨᠥᠬᠦᠪᠦᠷᠢᠯᠡᠬᠦ ᠬᠦᠷᠢᠶ᠎ᠡ  ᠬᠡᠪᠴᠢᠶ᠎ᠡ ᠨᠢ ᠴᠠᠬᠢᠯᠭᠠᠨ ᠮᠠᠰᠢᠨ ᠤ ᠦᠢᠯᠡᠳᠬᠦᠨ ᠢ ᠰᠢᠨ᠎ᠡ ᠪᠠᠷ ᠬᠤᠳᠠᠯᠳᠤᠨ ᠠᠪᠬᠤ᠂ ᠰᠣᠯᠢᠬᠤ ᠵᠢᠴᠢ ᠴᠠᠬᠢᠯᠭᠠᠨ  ᠮᠠᠰᠢᠨ ᠤ ᠰᠢᠰᠲ᠋ᠧᠮ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠣᠷᠣᠨ ᠨᠤᠲᠤᠭ ᠤᠨ  ᠦᠢᠯᠡᠳᠪᠦᠷᠢᠯᠡᠭᠰᠡᠨ ᠥᠨᠳᠥᠷ ᠦᠷ᠎ᠡ ᠪᠦᠲᠦᠮᠵᠢᠲᠡᠶ ᠴᠠᠬᠢᠯᠭᠠᠨ ᠮᠠᠰᠢᠨ ᠢ ᠡᠩ ᠲᠡᠷᠢᠭᠦᠨ ᠳᠤ ᠬᠡᠷᠡᠭᠯᠡᠬᠦ ᠶᠠᠪᠤᠳᠠᠯ  ᠪᠣᠯᠣᠨ᠎ᠠ᠃ ᠲᠥᠷᠥᠯ  ᠵᠦᠢᠯ ᠤᠨ ᠠᠵᠢᠯ ᠳᠠᠭᠤᠰᠬᠤ ᠴᠠᠭ ᠨᠢ 2021 ᠣᠨ ᠤ 6 ᠳ᠋ᠤᠭᠠᠷ ᠰᠠᠷ᠎ᠠ ᠶᠢᠨ 1 ᠤ  ᠡᠳᠦᠷ ᠠᠴᠠ ᠬᠤᠶᠢᠰᠢ ᠪᠠᠶᠢᠬᠤ ᠬᠡᠷᠡᠭᠲᠡᠢ᠃ ᠡᠭᠦᠨ ᠳᠤ᠂ ᠥᠨᠳᠥᠷ ᠪᠦᠲᠦᠮᠵᠢᠲᠡᠶ ᠴᠠᠬᠢᠯᠭᠠᠨ ᠮᠠᠰᠢᠨ ᠰᠣᠯᠢᠵᠤ  ᠳᠠᠭᠤᠰᠬᠤ ᠴᠠᠭ ᠨᠢ ᠲᠥᠬᠦᠭᠡᠷᠦᠮᠵᠢ ᠪᠣᠷᠣᠯᠠᠭᠤᠯᠤᠭᠰᠠᠨ ᠪᠠᠷᠢᠮᠲᠠ ᠶᠢᠨ ᠴᠠᠭ ᠬᠤᠭᠤᠴᠠᠭ᠎ᠠ ᠪᠠᠷ ᠪᠠᠷᠢᠮᠵᠢᠶ᠎ᠠ  ᠪᠣᠯᠭᠠᠨ᠎ᠠ᠃ ᠭᠡᠷ᠎ᠡ ᠪᠠᠷ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠠᠵᠢᠯᠯᠠᠭᠤᠯᠵᠤ ᠪᠠᠶᠢᠭ᠎ᠠ ᠴᠠᠬᠢᠯᠭᠠᠨ ᠮᠠᠰᠢᠨ ᠤ  ᠰᠢᠰᠲ᠋ᠧᠮ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠳᠠᠭᠤᠰᠬᠤ ᠴᠠᠭ ᠢ ᠡᠨᠧᠷᠭᠢ ᠠᠷᠪᠢᠯᠠᠬᠤ  ᠦᠢᠯᠡᠴᠢᠯᠡᠭᠡᠨ ᠤ ᠭᠡᠷ᠎ᠡ ᠳᠤ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ᠂ ᠲᠥᠷᠥᠯ  ᠵᠦᠢᠯ ᠤᠨ ᠰᠢᠯᠭᠠᠨ  ᠠᠪᠬᠤ ᠴᠠᠭ ᠬᠤᠭᠤᠴᠠᠭ᠎ᠠ ᠲᠠᠢ ᠤᠶᠠᠯᠳᠤᠭᠤᠯᠤᠨ ᠲᠣᠭᠲᠠᠭᠠᠨ᠎ᠠ᠃      ︵ᠨᠢᠭᠡ︶ ᠠᠵᠤ ᠠᠬᠤᠶᠢᠯᠠᠯ ᠤᠳ ᠥᠪᠡᠰᠦᠪᠡᠨ ᠥᠨᠳᠥᠷ ᠦᠷ᠎ᠡ ᠪᠦᠲᠦᠮᠵᠢᠲᠡᠶ ᠴᠠᠬᠢᠯᠭᠠᠨ ᠮᠠᠰᠢᠨ   ᠰᠣᠯᠢᠬᠤ ᠵᠢᠴᠢ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ  ᠭᠦᠢᠴᠡᠳᠬᠡᠵᠦ᠂  ᠨᠥᠬᠦᠪᠦᠷᠢ ᠣᠯᠭᠤᠬᠤ ᠡᠲᠡᠭᠡᠳ ᠨᠢ ᠴᠠᠬᠢᠯᠭᠠᠨ ᠮᠠᠰᠢᠨ ᠬᠡᠷᠡᠭᠯᠡᠬᠦ ᠠᠵᠤ ᠠᠬᠤᠶᠢᠯᠠᠯ ᠪᠣᠯ ᠡᠷᠬᠡᠪᠰᠢ ᠳᠣᠣᠷᠠᠬᠢ  ᠨᠥᠬᠦᠴᠡᠯ ᠤᠳ ᠢ ᠬᠠᠩᠭᠠᠬᠤ ᠬᠡᠷᠡᠭᠲᠡᠢ᠃            1. ᠴᠠᠬᠢᠯᠭᠠᠨ ᠮᠠᠰᠢᠨ ᠬᠡᠷᠡᠭᠯᠡᠬᠦ ᠠᠵᠤ ᠠᠬᠤᠶᠢᠯᠠᠯ ᠤᠳ ᠡᠷᠬᠡᠪᠰᠢ ᠪᠤᠭᠤᠲᠤ ᠬᠤᠲᠠ ᠶᠢᠨ ᠵᠠᠰᠠᠭ  ᠵᠠᠬᠢᠷᠭᠠᠨ ᠤ ᠬᠦᠷᠢᠶ᠎ᠡ ᠬᠡᠪᠴᠢᠶᠡᠨ ᠳᠤ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ  ᠬᠡᠮ ᠲᠠᠢ ᠪᠠᠶᠢᠬᠤ ᠬᠡᠷᠡᠭᠲᠡᠢ᠃            2. ᠤᠯᠤᠰ ᠤᠨ ︽ᠡᠨᠧᠷᠭᠢ ᠶᠢᠨ ᠬᠤᠷᠣᠭᠳᠠᠯ ᠶᠡᠬᠡᠲᠡᠢ ᠬᠤᠴᠤᠷᠤᠩᠭᠤᠢ ᠴᠠᠬᠢᠯᠭᠠᠨ ᠮᠠᠰᠢᠨ ᠤ  ᠲᠥᠬᠦᠭᠡᠷᠦᠮᠵᠢ ᠶᠢᠨ ᠦᠢᠯᠡᠳᠬᠦᠨ   ᠢ ᠰᠢᠭᠰᠢᠭᠳᠡᠭᠦᠯᠬᠦ ᠭᠠᠷᠴᠠᠭ︾ ᠲᠤ ᠲᠣᠳᠣᠷᠬᠠᠶᠢᠯᠠᠭᠰᠠᠨ ᠰᠢᠭᠰᠢᠭᠳᠡᠭᠦᠯᠬᠦ  ᠴᠠᠬᠢᠯᠭᠠᠨ ᠮᠠᠰᠢᠨ ᠢ 2021 ᠣᠨ ᠤ ᠰᠡᠭᠦᠯᠴᠢ ᠠᠴᠠ ᠡᠮᠦᠨ᠎ᠡ ᠡᠷᠬᠡᠪᠰᠢ ᠠᠯᠪᠠᠳᠠᠯᠭ᠎ᠠ ᠪᠠᠷ ᠰᠢᠭᠰᠢᠭᠳᠡᠭᠦᠯᠬᠦ  ᠬᠡᠷᠡᠭᠲᠡᠢ  ᠂ ᠠᠵᠤ ᠠᠬᠤᠶᠢᠯᠠᠯ ᠤᠳ ᠤᠨ ᠤᠳᠤ ᠪᠠᠷ ᠠᠰᠢᠭᠯᠠᠵᠤ ᠪᠠᠶᠢᠭ᠎ᠠ ᠦᠷ᠎ᠡ ᠪᠦᠲᠦᠮᠵᠢ ᠪᠠᠷ ᠳᠣᠣᠷ᠎ᠠ  ᠴᠠᠬᠢᠯᠭᠠᠨ ᠮᠠᠰᠢᠨ ᠢ ᠤᠷᠢᠳᠴᠢᠯᠠᠨ ᠰᠢᠭᠰᠢᠭᠳᠡᠭᠦᠯᠬᠦ ᠶᠢ ᠵᠣᠷᠢᠭᠵᠢᠭᠤᠯᠤᠨ᠎ᠠ᠃            3᠂ ᠰᠣᠯᠢᠭᠰᠠᠨ ᠤ ᠳᠠᠷᠠᠭᠠᠬᠢ ᠳᠣᠣᠷ᠎ᠠ ᠬᠦᠴᠦᠳᠡᠯᠲᠦ ᠴᠠᠬᠢᠯᠭᠠᠨ ᠮᠠᠰᠢᠨ ᠡᠷᠬᠡᠪᠰᠢ GB  18613-2012 ᠪᠠᠷᠢᠮᠵᠢᠶ᠎ᠠ ᠪᠠ GB 18613-2020 ᠤᠨ ᠵᠠᠰᠠᠪᠤᠷᠢ ᠣᠷᠣᠭᠤᠯᠤᠭᠰᠠᠨ  ᠬᠡᠪ ᠤᠨ  ᠡᠨᠧᠷᠭᠢ ᠶᠢᠨ ᠠᠰᠢᠭᠯᠠᠮᠵᠢ ᠶᠢᠨ ᠬᠤᠶᠠᠳᠤᠭᠠᠷ ᠲᠡᠰ ᠵᠢᠴᠢ ᠲᠡᠭᠦᠨ ᠠᠴᠠ ᠳᠡᠭᠡᠭᠰᠢ ᠲᠡᠰ ᠲᠤ ᠨᠡᠶᠢᠴᠡᠭᠰᠡᠨ ᠪᠠᠶᠢᠬᠤ  ᠬᠡᠷᠡᠭᠲᠡᠢ᠃            4᠂ ᠰᠣᠯᠢᠭᠰᠠᠨ ᠤ ᠳᠠᠷᠠᠭᠠᠬᠢ ᠥᠨᠳᠥᠷ ᠳᠠᠷᠤᠯᠲᠠᠲᠤ ᠭᠤᠷᠪᠠᠨ ᠹᠠᠰ ᠤᠨ ᠢᠵᠢᠯ ᠪᠤᠰᠤ ᠠᠯᠬᠤᠮᠲᠤ  ᠴᠠᠬᠢᠯᠭᠠᠨ ᠮᠠᠰᠢᠨ ᠤ ᠦᠷ᠎ᠡ ᠪᠦᠲᠦᠮᠵᠢ ᠶᠢᠨ ᠪᠠᠲᠤᠯᠠᠭ᠎ᠠ ᠶᠢᠨ ᠥᠷᠲᠡᠭ ᠢ ︽ᠡᠨᠧᠷᠭᠢ ᠠᠷᠪᠢᠯᠠᠬᠤ  ᠦᠢᠯᠡᠳᠬᠦᠨ ᠤ  ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠥᠨᠳᠥᠷ ᠦᠷ᠎ᠡ ᠪᠦᠲᠦᠮᠵᠢᠲᠡᠶ ᠴᠠᠬᠢᠯᠭᠠᠨ ᠮᠠᠰᠢᠨ ᠢ  ᠲᠦᠭᠡᠮᠡᠯᠵᠢᠭᠦᠯᠬᠦ ᠨᠠᠷᠢᠨ ᠳᠦᠷᠢᠮ︾ ︵ᠡᠳ᠋ ᠤᠨ ᠶᠠᠪᠤᠳᠠᠯ᠂ ᠪᠦᠲᠦᠭᠡᠨ ᠪᠠᠶᠢᠭᠤᠯᠤᠯᠲᠠ ᠶᠢᠨ ᠶᠠᠮᠤᠨ ᠤ  ︹2010︺ 232 ᠳ᠋ᠤᠭᠠᠷ ᠲᠣᠭᠠᠲᠤ︶ ᠤᠨ ᠲᠣᠭᠲᠠᠭᠠᠭᠰᠠᠨ ᠭᠦᠢᠴᠡᠳᠬᠡᠯ ᠲᠤᠭ᠎ᠠ ᠠᠴᠠ ᠳᠣᠣᠷ᠎ᠠ ᠪᠠᠶᠢᠯᠭᠠᠵᠤ  ᠪᠣᠯᠬᠤ ᠦᠭᠡᠢ᠃            5᠂ ᠰᠢᠭᠰᠢᠭᠳᠡᠭᠦᠯᠦᠭᠰᠡᠨ ᠴᠠᠬᠢᠯᠭᠠᠨ ᠮᠠᠰᠢᠨ ᠢ ᠡᠷᠬᠡᠪᠰᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ᠬᠠᠶᠠᠭᠳᠠᠮᠠᠯ ᠬᠠᠭᠤᠴᠢᠨ ᠴᠠᠬᠢᠯᠭᠠᠨ ᠮᠠᠰᠢᠨ ᠢ  ᠡᠭᠡᠭᠦᠯᠦᠨ  ᠬᠤᠷᠢᠶᠠᠬᠤ ᠲᠣᠭᠲᠠᠭᠰᠠᠨ ᠨᠢᠭᠡᠴᠡ ᠳᠤ ᠲᠤᠰᠢᠶᠠᠨ ᠰᠠᠯᠭᠠᠵᠤ ᠰᠢᠢᠳᠪᠦᠷᠢᠯᠡᠭᠦᠯᠦᠨ᠂ ᠬᠤᠶᠠᠳᠤᠭᠠᠷ ᠳᠡᠰ ᠤᠨ ᠵᠠᠬ᠎ᠠ  ᠳᠡᠯᠭᠡᠭᠦᠷ ᠲᠤ ᠡᠷᠭᠢᠵᠦ ᠣᠷᠣᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃            ︵ᠬᠤᠶᠠᠷ︶ ᠭᠡᠷ᠎ᠡ ᠪᠠᠷ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠢ  ᠠᠵᠢᠯᠯᠠᠭᠤᠯᠵᠤ ᠪᠠᠶᠢᠭ᠎ᠠ ᠨᠢᠭᠡᠴᠢ ᠶᠢᠨ  ᠥᠨᠳᠥᠷ ᠦᠷ᠎ᠡ ᠪᠦᠲᠦᠮᠵᠢᠲᠡᠶ ᠴᠠᠬᠢᠯᠭᠠᠨ ᠮᠠᠰᠢᠨ ᠢ ᠰᠣᠯᠢᠬᠤ ᠵᠢᠴᠢ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ  ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ ᠨᠥᠬᠦᠪᠦᠷᠢᠯᠡᠬᠦ ᠡᠲᠡᠭᠡᠳ ᠨᠢ ᠡᠨᠧᠷᠭᠢ ᠠᠷᠪᠢᠯᠠᠬᠤ ᠮᠡᠷᠭᠡᠵᠢᠯ ᠤᠨ   ᠦᠢᠯᠡᠴᠢᠯᠡᠭᠡᠨ ᠤ ᠨᠢᠭᠡᠴᠡ ᠪᠠᠶᠢᠵᠤ᠂  ᠦᠢᠯᠡᠴᠢᠯᠡᠭᠡᠨ ᠤ ᠨᠢᠭᠡᠴᠡ ᠨᠢ ᠡᠷᠬᠡᠪᠰᠢ ᠪᠤᠭᠤᠲᠤ ᠬᠤᠲᠠ ᠶᠢᠨ ᠵᠠᠰᠠᠭ  ᠵᠠᠬᠢᠷᠭᠠᠨ ᠤ ᠣᠷᠣᠨ ᠳᠤ ᠳᠠᠩᠰᠠᠯᠠᠭᠤᠯᠤᠨ ᠪᠠᠶᠢᠭᠤᠯᠤᠭᠳᠠᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ  ᠬᠢᠷᠢ ᠬᠡᠮ ᠲᠠᠢ ᠪᠠᠶᠢᠬᠤ ᠬᠡᠷᠡᠭᠲᠡᠢ᠃            ᠲᠠᠪᠤᠳᠤᠭᠠᠷ  ᠵᠦᠢᠯ  ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠮᠠᠰᠢᠨ ᠤ ᠴᠢᠳᠠᠮᠵᠢ ᠶᠢᠨ  ᠰᠢᠰᠲ᠋ᠧᠮ ᠢ ᠳᠡᠭᠡᠭᠰᠢᠯᠡᠭᠦᠯᠬᠦ ᠲᠤᠰᠬᠠᠢ ᠪᠡᠯᠡ ᠮᠥᠩᠭᠦ ᠠᠴᠠ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠤᠨ  ᠵᠠᠷᠤᠳᠠᠯ ᠢ ᠲᠣᠬᠢᠷᠠᠭᠤᠯᠵᠤ᠂ ᠭᠤᠣᠯᠳᠠᠭᠤ ᠭᠤᠷᠪᠠᠳᠠᠭᠢ ᠡᠲᠡᠭᠡᠳ ᠠᠴᠠ ᠬᠠᠷᠭᠤᠭᠤᠯᠤᠨ ᠪᠠᠶᠢᠴᠠᠭᠠᠬᠤ᠂ ᠲᠤᠰᠬᠠᠢ  ᠮᠡᠷᠭᠡᠵᠢᠯᠲᠡᠨ ᠠᠴᠠ ᠬᠢᠨᠠᠨ ᠲᠣᠭᠲᠠᠭᠠᠬᠤ ᠵᠢᠴᠢ ᠤᠬᠠᠭᠤᠯᠤᠨ ᠳᠡᠯᠭᠡᠷᠡᠭᠦᠯᠬᠦ ᠵᠡᠷᠭᠡ ᠳᠤ ᠬᠡᠷᠡᠭᠯᠡᠵᠦ᠂ ᠠᠵᠢᠯ ᠤᠨ  ᠵᠠᠷᠤᠳᠠᠯ ᠤᠨ ᠶᠡᠷᠦᠩᠬᠡᠢ ᠲᠤᠭ᠎ᠠ ᠶᠢ ᠵᠠᠷᠴᠢᠮ ᠳᠡᠭᠡᠷ᠎ᠡ ᠪᠠᠨ ᠲᠤᠰᠬᠠᠢ ᠪᠡᠯᠡ ᠮᠥᠩᠭᠦ ᠶᠢᠨ ᠶᠡᠷᠦᠩᠬᠡᠢ ᠲᠤᠭ᠎ᠠ ᠶᠢᠨ  2% ᠠᠴᠠ ᠬᠡᠲᠦᠷᠡᠭᠦᠯᠵᠦ ᠪᠣᠯᠬᠤ ᠦᠭᠡᠢ᠃            ᠵᠢᠷᠭᠤᠳᠤᠭᠠᠷ ᠵᠦᠢᠯ  ᠨᠥᠬᠦᠪᠦᠷᠢ ᠶᠢ ︽ᠦᠷ᠎ᠡ ᠪᠦᠲᠦᠮᠵᠢ ᠶᠢ ᠲᠡᠷᠢᠭᠦᠨ ᠳᠤ ᠲᠠᠯᠪᠢᠵᠤ᠂ ᠠᠯᠬᠤᠮ  ᠬᠤᠪᠢᠶᠠᠨ ᠬᠡᠷᠡᠭᠵᠢᠭᠦᠯᠬᠦ︾ ᠵᠠᠷᠴᠢᠮ ᠤᠨ ᠶᠣᠰᠣᠭᠠᠷ ᠲᠣᠬᠢᠷᠠᠭᠤᠯᠬᠤ ᠬᠡᠷᠡᠭᠲᠡᠢ᠃ 2022 ᠣᠨ ᠤ ᠵᠢᠯ ᠤᠨ  ᠰᠡᠭᠦᠯᠴᠢ ᠠᠴᠠ ᠡᠮᠦᠨ᠎ᠡ ᠴᠠᠬᠢᠯᠭᠠᠨ ᠮᠠᠰᠢᠨ ᠤ ᠰᠢᠰᠲ᠋ᠧᠮ ᠢ ᠳᠡᠭᠡᠭᠰᠢᠯᠡᠭᠦᠯᠬᠦ ᠲᠥᠯᠥᠪᠯᠡᠭᠡ ᠶᠢ ᠪᠦᠬᠦᠨ ᠢ ᠪᠡᠶᠡᠯᠡᠭᠦᠯᠬᠦ  ᠪᠥᠭᠡᠳ ᠮᠠᠨ ᠤ ᠬᠤᠲᠠ ᠶᠢᠨ ᠣᠨ ᠤ ᠠᠵᠤ ᠦᠢᠯᠡᠳᠪᠦᠷᠢ   ᠶᠢᠨ ᠡᠨᠧᠷᠭᠢ ᠶᠢᠨ ᠬᠤᠷᠣᠭᠳᠠᠯ ᠤᠨ ᠬᠤᠣᠰ  ᠡᠵᠡᠮᠳᠡᠯ ᠤᠨ ᠱᠠᠭᠠᠷᠳᠠᠯᠭ᠎ᠠ ᠳᠤ ᠬᠦᠷᠬᠦ ᠠᠵᠤ ᠠᠬᠤᠶᠢᠯᠠᠯ ᠳᠤ ᠤᠷᠢᠳᠠᠪᠠᠷ ᠨᠥᠬᠦᠪᠦᠷᠢ ᠣᠯᠭᠤᠨ᠎ᠠ᠃            ᠳᠣᠯᠣᠳᠤᠭᠠᠷ ᠵᠦᠢᠯ   ᠪᠥᠬᠦ ᠬᠤᠲᠠ ᠵᠢᠯ ᠪᠦᠷᠢ ᠶᠢᠨ 3 ᠳ᠋ᠤᠭᠠᠷ ᠰᠠᠷ᠎ᠠ ᠪᠠ 9 ᠳ᠋ᠦᠭᠡᠷ ᠰᠠᠷ᠎ᠠ ᠳᠤ ᠬᠤᠶᠠᠷ  ᠪᠦᠯᠦᠭ ᠲᠥᠪᠯᠡᠷᠡᠭᠦᠯᠦᠨ ᠭᠤᠶᠤᠴᠢᠯᠠᠨ ᠮᠡᠳᠡᠭᠦᠯᠬᠦ ᠪᠠ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠭᠤᠶᠤᠴᠢᠯᠠᠨ  ᠮᠡᠳᠡᠭᠦᠯᠵᠦ᠂ ᠬᠤᠰᠢᠭᠤ ᠰᠢᠶᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ  ᠮᠥᠴᠢᠷ ᠠᠩᠬ᠎ᠠ ᠬᠢᠨᠠᠬᠤ ᠠᠷᠭ᠎ᠠ ᠶᠢ ᠠᠪᠴᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠣᠪᠴᠢᠶ᠎ᠠ ᠨᠢ ᠭᠤᠷᠪᠠᠳᠠᠭᠢ ᠡᠲᠡᠭᠡᠳ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠶ ᠳᠤ ᠬᠠᠷᠭᠤᠭᠤᠯᠤᠨ  ᠪᠠᠶᠢᠴᠠᠭᠠᠵᠤ ᠰᠢᠯᠭᠠᠷᠠᠭᠤᠯᠤᠨ᠎ᠠ᠃            ᠨᠠᠢᠮᠠᠳᠤᠭᠠᠷ ᠵᠦᠢᠯ᠂ ᠳᠡᠮᠵᠢᠬᠦ ᠠᠷᠭ᠎ᠠ ᠮᠠᠶ᠋ᠢᠭ  ᠄            ︵ᠨᠢᠭᠡ︶ ᠬᠤᠳᠠᠯᠳᠤᠭᠠᠨ ᠤ ᠪᠠᠩᠬᠢ ᠶᠢᠨ ᠴᠠᠬᠢᠯᠭᠠᠨ ᠮᠠᠰᠢᠨ ᠤ  ᠡᠨᠧᠷᠬᠢ ᠶᠢᠨ ᠴᠢᠳᠠᠮᠵᠢ ᠶᠢ  ᠳᠡᠭᠡᠭᠰᠢᠯᠡᠭᠦᠯᠬᠦ ᠲᠤᠰᠬᠠᠢ ᠵᠦᠢᠯ ᠤᠨ ᠵᠢᠭᠡᠯᠡᠯᠭᠡ  ᠭᠠᠷᠭᠠᠬᠤ ᠶᠢ ᠵᠣᠬᠢᠴᠠᠭᠤᠯᠵᠤ᠂ ᠵᠢᠭᠡᠯᠡᠯᠭᠡ ᠬᠢᠨᠠᠬᠤ  ᠠᠵᠢᠯ ᠤᠨ  ᠳᠠᠷᠠᠭᠠᠯᠠᠯ ᠢ ᠳᠥᠭᠦᠮᠴᠢᠯᠡᠨ᠂ ᠠᠵᠤ ᠠᠬᠤᠶᠢᠯᠠᠯ ᠪᠠ ᠡᠨᠧᠷᠭᠢ ᠠᠷᠪᠢᠯᠠᠬᠤ  ᠦᠢᠯᠡᠴᠢᠯᠡᠭᠡᠨ ᠤ ᠪᠠᠶᠢᠭᠤᠯᠤᠮᠵᠢ ᠳᠤ  ᠢᠲᠡᠭᠡᠮᠵᠢᠲᠦ ᠵᠢᠭᠡᠯᠡᠯᠭᠡ ᠶᠢᠨ  ᠦᠢᠯᠡᠴᠢᠯᠡᠭᠡᠨ ᠢ ᠴᠠᠭ ᠲᠤᠬᠠᠢ ᠳᠤᠨᠢ ᠬᠠᠩᠭᠠᠨ᠎ᠠ᠃            ︵ᠬᠤᠶᠠᠷ︶ ᠡᠳ᠋ ᠤᠨ ᠵᠠᠰᠠᠭ ᠤᠨ ᠨᠥᠬᠦᠪᠦᠷᠢ᠃ ᠥᠨᠳᠥᠷ ᠦᠷ᠎ᠡ ᠠᠰᠢᠭᠲᠤ ᠴᠠᠬᠢᠯᠭᠠᠨ ᠮᠠᠰᠢᠨ ᠢᠶᠠᠷ  ᠣᠷᠣᠯᠠᠭᠤᠯᠬᠤ ᠪᠠ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ  ᠬᠡᠷᠡᠭᠵᠢᠭᠦᠯᠦᠭᠰᠡᠨ ᠤ ᠳᠠᠷᠠᠭᠠᠬᠢ ᠣᠨ ᠤ ᠡᠨᠧᠷᠭᠢ ᠠᠷᠪᠢᠯᠠᠬᠤ ᠬᠡᠮᠵᠢᠶ᠎ᠡ ᠶᠣᠰᠣᠭᠠᠷ ᠨᠢᠭᠡ ᠲᠣᠨ ᠪᠠᠷᠢᠮᠵᠢᠶᠠᠲᠤ  ᠨᠡᠭᠦᠷᠡᠰᠦ ︵ᠲᠡᠩᠴᠡᠭᠦᠦ ᠥᠷᠲᠡᠭ᠂ ᠳᠣᠷᠣᠭᠰᠢ ᠠᠳᠠᠯᠢ︶ ᠳᠤ 300 ᠲᠥᠭᠦᠷᠢᠭ ᠤᠨ ᠡᠳ᠋ ᠤᠨ ᠵᠠᠰᠠᠭ ᠤᠨ  ᠨᠥᠬᠦᠪᠦᠷᠢ ᠣᠯᠭᠤᠨ᠎ᠠ᠃            ︵ᠭᠤᠷᠪᠠ︶ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠶᠢᠨ ᠪᠣᠬᠢᠷᠳᠤᠯ ᠦᠭᠡᠢ  ᠪᠣᠯᠭᠠᠬᠤ ᠥᠭᠡᠷᠡᠴᠢᠯᠡᠯᠲᠡ ᠵᠢᠴᠢ ᠪᠤᠰᠤᠳ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠤᠨ ᠲᠤᠰᠬᠠᠢ  ᠲᠥᠷᠥᠯ ᠤᠨ ᠪᠡᠯᠡ ᠮᠥᠩᠭᠦ ᠶᠢᠨ ᠨᠥᠬᠦᠪᠦᠷᠢ ᠳᠤ ᠨᠡᠶᠢᠴᠡᠬᠦ ᠲᠥᠷᠥᠯ  ᠵᠦᠢᠯ ᠤᠳ ᠢ ᠠᠵᠤ ᠠᠬᠤᠶᠢᠯᠠᠯ  ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ ᠣᠯᠬᠤ ᠶᠢ ᠵᠣᠷᠢᠭᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ  ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠳᠡᠭᠡᠳᠦ ᠬᠢᠵᠠᠭᠠᠷ ᠤᠨ ᠱᠠᠩᠨᠠᠨ ᠨᠥᠬᠦᠪᠦᠷᠢᠯᠡᠬᠦ ᠶᠣᠰᠣᠭᠠᠷ᠂ ᠲᠣᠨ  ᠪᠠᠷᠢᠮᠵᠢᠶᠠᠲᠤ ᠨᠡᠭᠦᠷᠡᠰᠦ /300 ᠲᠥᠭᠦᠷᠢᠭ ᠲᠤ ᠬᠦᠷᠬᠦ ᠦᠭᠡᠢ ᠪᠣᠯ ᠲᠣᠨ ᠪᠠᠷᠢᠮᠵᠢᠶᠠᠲᠤ ᠨᠡᠭᠦᠷᠡᠰᠦ / 300  ᠲᠥᠭᠦᠷᠢᠭ ᠤᠨ ᠪᠠᠷᠢᠮᠵᠢᠶ᠎ᠠ ᠪᠠᠷ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠨᠥᠬᠦᠪᠦᠷᠢᠯᠡᠨ᠎ᠡ᠃            ᠶᠢᠰᠦᠳᠦᠭᠡᠷ ᠵᠦᠢᠯ  ᠲᠤᠰ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ ᠢ ᠬᠤᠲᠠ ᠶᠢᠨ ᠠᠵᠤ ᠦᠢᠯᠡᠳᠪᠦᠷᠢ  ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯᠣᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ  ᠲᠣᠭᠲᠠᠭᠠᠵᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠨ ᠤ  ᠳᠡᠮᠵᠢᠯᠭᠡ ᠶᠢᠨ ᠲᠥᠯᠥᠪᠯᠡᠭᠡ ᠳᠤᠷᠠᠳᠴᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ  ᠲᠣᠭᠲᠠᠭᠠᠯᠭᠠᠭᠰᠠᠨ ᠤ ᠳᠠᠷᠠᠭ᠎ᠠ ᠬᠡᠷᠡᠭᠵᠢᠭᠦᠯᠦᠨ᠎ᠡ᠃            ᠠᠷᠪᠠᠳᠤᠭᠠᠷ  ᠵᠦᠢᠯ  ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ  ᠮᠠᠰᠢᠨ ᠤ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ  ᠪᠠᠶᠢᠭᠤᠯᠵᠤ᠂ ᠬᠤᠪᠢᠳᠠᠨ ᠬᠠᠮᠢᠶᠠᠷᠴᠤ ᠪᠦᠬᠦᠢ ᠳᠡᠳ᠋ ᠬᠤᠲᠠ ᠶᠢᠨ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ  ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠠᠯᠪᠠᠨ ᠭᠡᠷ ᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠣᠪᠴᠢᠶ᠎ᠠ ᠳᠤ ᠪᠠᠶᠢᠭᠤᠯᠵᠤ᠂ ᠡᠯ᠎ᠡ  ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ  ᠠᠬᠢᠭᠤᠯᠤᠨ᠎ᠠ᠃ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠬᠤᠲᠠ ᠶᠢᠨ  ᠡᠳ᠋ ᠤᠨ ᠵᠠᠰᠠᠭ ᠤᠨ ᠲᠣᠪᠴᠢᠶ᠎ᠠ ᠪᠣᠯᠣᠨ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠲᠠᠢ ᠬᠠᠮᠲᠤᠷᠠᠨ ᠰᠢᠯᠭᠠᠨ  ᠬᠢᠨᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠬᠠᠮᠲᠤᠪᠠᠷ ᠪᠠᠶᠢᠭᠤᠯᠵᠤ᠂ ᠠᠵᠢᠯ ᠤᠨ ᠴᠤᠪᠤᠷᠠᠯ ᠢᠶᠠᠨ  ᠨᠠᠷᠢᠯᠢᠭᠵᠢᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ  ᠨᠠᠶᠢᠳᠠᠪᠤᠷᠢᠵᠢᠭᠤᠯᠤᠨ᠎ᠠ᠃          ᠭᠤᠷᠪᠠᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ            ᠠᠷᠪᠠᠨ ᠨᠢᠭᠡᠳᠦᠭᠡᠷ ᠵᠦᠢᠯ  ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ  ᠬᠡᠷᠡᠭᠵᠢᠭᠦᠯᠵᠦ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ ᠪᠣᠯᠣᠨ᠎ᠠ᠃ ᠬᠡᠷᠡᠭᠵᠢᠭᠦᠯᠬᠦ ᠨᠠᠷᠢᠨ ᠳᠦᠷᠢᠮ ᠢ  ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯᠣᠨ ᠬᠤᠲᠠ ᠶᠢᠨ ᠡᠳ᠋ ᠤᠨ  ᠵᠠᠰᠠᠭ ᠤᠨ ᠲᠣᠪᠴᠢᠶ᠎ᠠ ᠬᠠᠮᠲᠤᠷᠠᠨ ᠲᠤᠰᠬᠠᠶᠢᠯᠠᠨ ᠲᠣᠭᠲᠠᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1