ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠡᠭᠦᠷᠭᠡ | ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠤᠳᠤᠷᠢᠳᠬᠤ ᠪᠠᠭ ᠤᠨ ᠪᠦᠷᠢᠯᠳᠦᠭᠦᠨ ᠤ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠨᠢᠭᠡ᠂ ᠤᠳᠤᠷᠢᠳᠬᠤ ᠪᠠᠭ ᠤᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ | ᠵᠠᠩ ᠶᠢᠨ ᠬᠤ ︵ᠲᠣᠪᠴᠢᠶᠠᠨ ᠳᠠᠷᠤᠭ᠎ᠠ︶᠄ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃ | ᠸᠠᠩ ᠲᠤᠤ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ︶᠄ | ᠲᠣᠪᠴᠢᠶᠠᠨ ᠳᠠᠷᠤᠭ᠎ᠠ ᠶᠢᠨ ᠠᠵᠢᠯ ᠳᠤ ᠬᠠᠮᠵᠢᠯᠴᠠᠨ᠂ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ | ᠳᠠᠩᠰᠠᠯᠠᠬᠤ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠥᠪᠡᠰᠦᠪᠡᠨ ᠭᠡᠷ ᠪᠠᠷᠢᠬᠤ᠂ ᠭᠠᠯ ᠤᠨᠲᠠᠷᠠᠭᠠᠬᠤ᠂ ᠠᠶᠤᠯ | ᠦᠭᠡᠢ ᠦᠢᠯᠡᠳᠪᠦᠷᠢᠯᠡᠬᠦ᠂ ᠠᠵᠢᠯ ᠣᠯᠭᠤᠬᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ᠂ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠬᠦᠬᠦ᠂ ᠬᠤᠣᠷ ᠴᠠᠭᠠᠵᠠᠯᠠᠬᠤ᠂ | ᠶᠡᠷᠦᠩᠬᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ᠂ ᠨᠢᠭᠦᠯᠡᠰᠦᠩᠭᠦᠢ ᠶᠢᠨ ᠦᠢᠯᠡᠰ᠂ ᠨᠡᠶᠢᠭᠡᠮ ᠠᠴᠠ | ᠬᠠᠨᠳᠢᠪᠯᠡᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡ᠂ | ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠥᠨᠳᠥᠷ ᠨᠠᠰᠤᠨ ᠤ ᠨᠥᠬᠦᠪᠦᠷᠢ ᠵᠡᠷᠭᠡ | ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠲᠠᠰᠤᠭ ︵ᠲᠠᠰᠤᠭ ᠤᠨ ᠳᠠᠷᠤᠭ᠎ᠠ᠄ ᠸᠠᠩ ᠵᠢᠶᠠᠨ ᠶᠦᠩ︶᠂ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ | ᠲᠥᠪ᠃ | ᠯᠢ ᠰᠢᠸ ᠹᠧᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ | ︶᠄ ᠲᠣᠪᠴᠢᠶᠠᠨ ᠳᠠᠷᠤᠭ᠎ᠠ ᠶᠢᠨ ᠠᠵᠢᠯ ᠳᠤ ᠬᠠᠮᠵᠢᠯᠴᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ | ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠠᠰᠠᠷᠠᠮᠵᠢ ᠶᠢᠨ ᠠᠵᠤ ᠠᠬᠤᠶᠢᠯᠠᠯ ᠤᠨ ᠬᠠᠮᠢᠶᠠᠷᠤᠯᠲᠠ᠂ | ᠣᠷᠤᠭ ᠤᠨ ᠳᠠᠩᠰᠠᠯᠠᠯᠲᠠ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠷᠤᠭ ᠤᠨ ᠪᠦᠷᠢᠳᠬᠡᠯ ᠤᠨ ᠬᠠᠮᠢᠶᠠᠷᠤᠯᠲᠠ ᠶᠢᠨ ᠲᠠᠰᠤᠭ ︵ | ᠲᠠᠰᠤᠭ ᠤᠨ ᠳᠠᠷᠤᠭ᠎ᠠ᠄ ᠵᠠᠩ ᠶᠢᠨ︶᠃ | ᠸᠠᠩ ᠺᠠᠢ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ︶᠄ | ᠲᠣᠪᠴᠢᠶᠠᠨ ᠳᠠᠷᠤᠭ᠎ᠠ ᠶᠢᠨ ᠠᠵᠢᠯ ᠳᠤ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠢᠭᠤᠴᠠ | ᠴᠢᠬᠤᠯᠠ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠰᠦᠯᠵᠢᠶᠡᠨ ᠤ | ᠮᠡᠳᠡᠭᠡ ᠵᠠᠩᠭᠢ᠂ ᠰᠠᠬᠢᠯᠭ᠎ᠠ ᠪᠠᠲᠤ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ ︵ᠣᠶᠤᠨ ᠤ ᠪᠣᠯᠪᠠᠰᠤᠨ︶ | ᠂ ᠨᠢᠭᠡᠳᠦᠮᠡᠯ ᠹᠷᠣᠨᠲ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ | ᠬᠠᠮᠢᠶᠠᠷᠤᠯᠲᠠ᠂ ᠬᠢᠨᠠᠨ ᠪᠤᠳᠤᠬᠤ᠂ ᠦᠨᠳᠦᠰᠦᠲᠡᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ | ᠂ ᠡᠮᠡᠭᠲᠡᠶᠢᠴᠦᠳ ᠤᠨ ᠬᠤᠯᠪᠣᠭ᠎ᠠ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ᠨᠡᠶᠢᠭᠡᠮ ᠤᠨ | ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠬᠠᠤᠯᠢ ᠴᠠᠭᠠᠵᠠ᠂ ᠰᠠᠶᠢᠨ ᠳᠤᠷ᠎ᠠ ᠶᠢᠨ | ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄ ᠠᠯᠪᠠᠨ | ᠭᠡᠷ ︵ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠳᠡᠳ᠋ ᠲᠣᠪᠴᠢᠶᠠᠨ ᠳᠠᠷᠤᠭ᠎ᠠ ᠸᠠᠩ ᠺᠠᠢ ᠬᠠᠪᠰᠤᠷᠭᠠᠨ | ᠬᠠᠷᠢᠭᠤᠴᠠᠨ᠎ᠠ᠃ᠲᠤᠸ ᠯᠧᠢ ᠠᠯᠪᠠᠨ ᠭᠡᠷ ᠤᠨ ᠪᠣᠳᠠᠲᠠᠢ ᠠᠵᠢᠯ ᠢ ᠬᠠᠷᠢᠭᠤᠴᠠᠨ᠎ᠠ︶᠂ ᠦᠨᠳᠦᠰᠦᠨ ᠱᠠᠲᠤᠨ ᠤ | ᠵᠠᠰᠠᠭ ᠤᠨ ᠡᠷᠬᠡ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠰᠤᠭ ︵ᠲᠠᠰᠤᠭ ᠤᠨ ᠳᠠᠷᠤᠭ᠎ᠠ ᠶᠢ ᠳᠡᠳ᠋ | ᠲᠣᠪᠴᠢᠶᠠᠨ ᠳᠠᠷᠤᠭ᠎ᠠ ᠸᠠᠩ ᠺᠠᠢ ᠬᠠᠪᠰᠤᠷᠭᠠᠨ ᠬᠠᠷᠢᠭᠤᠴᠠᠵᠤ᠂ ᠱᠢ ᠶᠠ ᠨᠠᠨ ᠦᠨᠳᠦᠰᠦᠨ ᠱᠠᠲᠤᠨ ᠤ ᠵᠠᠰᠠᠭ ᠤᠨ | ᠡᠷᠬᠡ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠰᠤᠭ ᠤᠨ ᠪᠣᠳᠠᠲᠠᠢ ᠠᠵᠢᠯ ᠢ ᠬᠠᠷᠢᠭᠤᠴᠠᠨ᠎ᠠ︶᠂ ᠪᠤᠭᠤᠲᠤ | ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ᠃ | ᠯᠢ ᠰᠢᠶᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳ᠋ᠦᠩ ᠾᠧ ᠲᠣᠭᠤᠷᠢᠭ ᠤᠨ | ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ︶᠄ ᠲᠣᠪᠴᠢᠶᠠᠨ | ᠳᠠᠷᠤᠭ᠎ᠠ ᠶᠢᠨ ᠠᠵᠢᠯ ᠳᠤ ᠬᠠᠮᠵᠢᠯᠴᠠᠨ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠡᠶᠢᠭᠡᠮ ᠤᠨ | ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠬᠠᠷᠢᠭᠤᠴᠠᠨ᠎ᠠ᠃ | ᠬᠤᠶᠠᠷ᠂ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠠᠮ ᠤᠨ ᠲᠥᠪ ᠬᠤᠷᠢᠶᠠᠨ ᠤ ᠠᠷᠠᠳ ᠤᠨ | ᠶᠠᠪᠤᠳᠠᠯ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠳᠠ ᠶᠢᠨ ᠨᠠᠮ ᠤᠨ ᠬᠤᠷᠢᠶ᠎ᠠ᠂ ᠳ᠋ᠦᠩ ᠡᡁᠸ ᠲᠣᠭᠤᠷᠢᠭ ᠤᠨ ᠨᠠᠮ ᠤᠨ | ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠷᠠᠳ ᠤᠨ ᠶᠠᠪᠤᠳᠠᠯ ᠤᠨ ᠠᠵᠢᠯ ᠳᠠᠬᠢ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠪᠥᠬᠦ ᠣᠷᠣᠨ ᠤ ᠠᠷᠠᠳ ᠤᠨ ᠶᠠᠪᠤᠳᠠᠯ ᠤᠨ ᠠᠵᠢᠯ ᠤᠨ ᠬᠠᠮᠢᠶ᠎ᠠ ᠪᠦᠬᠦᠢ ᠵᠢᠷᠤᠮᠵᠢᠯ ᠤᠨ | ᠴᠢᠨᠠᠷᠲᠠᠢ ᠪᠢᠴᠢᠭ ᠮᠧᠷᠢᠶᠠᠯ ᠢ ᠲᠤᠭᠤᠷᠪᠢᠵᠤ᠂ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠨᠡᠶᠢᠭᠡᠮ ᠤᠨ ᠪᠦᠯᠬᠦᠮ᠂ ᠰᠠᠭᠤᠷᠢ | ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠬᠠᠤᠯᠢ ᠶᠣᠰᠣᠭᠠᠷ ᠲᠠᠩᠰᠠᠯᠠᠨ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠨ᠎ᠠ᠃ | ︵ᠭᠤᠷᠪᠠ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ | ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ | ᠂ ᠠᠮᠢᠳᠤᠷᠠᠬᠤ ᠶᠢᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠲᠡᠩᠬᠡᠷᠡᠭᠦᠯᠦᠨ ᠲᠤᠰᠠᠯᠠᠬᠤ | ᠠᠵᠢᠯ ᠢ ᠬᠠᠷᠢᠭᠤᠴᠠᠨ᠎ᠠ᠃ | ︵ᠳᠥᠷᠪᠡ︶ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ | ᠪᠠᠶᠢᠭᠤᠯᠤᠯᠲᠠ ᠪᠠ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ | ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ | ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠦᠨᠳᠦᠰᠦᠨ | ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ | ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠬᠠᠤᠯᠢ | ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠭ ᠵᠠᠬᠢᠷᠭᠠᠨ ᠤ | ᠣᠷᠣᠨ ᠤ ᠬᠤᠪᠢᠶᠠᠷᠢᠯᠠᠯ ᠤᠨ ᠬᠤᠪᠢᠷᠠᠭᠤᠯᠤᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ | ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ | ᠪᠠᠶᠢᠭᠤᠯᠤᠨ ᠵᠢᠯᠤᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷ᠎ᠡ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠣᠷᠤᠭ ᠤᠨ ᠳᠠᠩᠰᠠᠯᠠᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠣᠷᠤᠭ ᠤᠨ | ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ | ᠬᠠᠤᠯᠢ ᠲᠣᠭᠲᠠᠭᠠᠯ ᠵᠢᠴᠢ ᠦᠢᠯᠡᠴᠢᠯᠡᠭᠡᠨ ᠤ ᠵᠢᠷᠤᠮᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ | ︵ᠨᠠᠢᠮᠠ︶ ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠰᠢᠮᠳᠠᠭᠤᠯᠤᠨ ᠵᠢᠯᠤᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ | ᠠᠰᠠᠷᠠᠮᠵᠢ ᠪᠠ ᠣᠨᠴᠣᠭᠤᠢ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ | ︵ᠶᠢᠰᠦ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ | ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ︵ᠠᠷᠪᠠ︶ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ | ᠲᠡᠵᠢᠭᠡᠬᠦ᠂ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | ︵ᠠᠷᠪᠠᠨ ᠨᠢᠭᠡ︶ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠨᠳᠢᠪᠯᠡᠨ ᠲᠤᠰᠠᠯᠠᠬᠤ ᠠᠵᠢᠯ ᠢ | ᠵᠢᠯᠣᠭᠤᠳᠤᠨ᠎ᠠ᠃ᠠᠰᠠᠷᠠᠮᠵᠢ ᠶᠢᠨ ᠰᠤᠭᠤᠯᠤᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ | ᠪᠠ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ | ᠦᠢᠯᠡᠴᠢᠯᠡᠭᠡᠨ ᠤ ᠡᠩᠨᠡᠭᠡ ᠵᠢᠨᠪᠦᠬᠦ ᠣᠷᠣᠨ ᠤ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ | ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠣᠨ ᠤ | ᠲᠥᠯᠥᠪᠯᠡᠭᠡ ᠶᠢᠨ ᠬᠡᠷᠡᠭᠵᠢᠭᠦᠯᠦᠯᠲᠡ ᠶᠢ ᠰᠠᠶᠢᠲᠤᠷ ᠠᠳᠬᠤᠬᠤ ᠬᠡᠷᠡᠭᠲᠡᠢ᠃ | ︵ᠠᠷᠪᠠᠨ ᠭᠤᠷᠪᠠ︶ ᠬᠠᠮᠢᠶ᠎ᠠ ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ | ᠭᠦᠢᠴᠡᠳᠬᠡᠨ᠎ᠡ᠃ | ︵ᠠᠷᠪᠠᠨ ᠳᠥᠷᠪᠡ︶ ᠨᠡᠶᠢᠭᠡᠮ ᠤᠨ ᠠᠪᠤᠷᠠᠯᠳᠠ ᠶᠢᠨ ᠡᠲᠡᠭᠡᠳ ᠤᠨ ᠪᠡᠯᠡ ᠮᠥᠩᠭᠦ ᠲᠠᠷᠬᠠᠭᠠᠬᠤ ᠠᠵᠢᠯ ᠢ | ᠬᠠᠷᠢᠭᠤᠴᠠᠵᠤ᠂ ᠠᠵᠢᠯ ᠦᠢᠯᠡᠰ ᠤᠨ ᠨᠢᠭᠡᠴᠡ ᠶᠢᠨ ᠠᠷᠠᠳ ᠤᠨ ᠶᠠᠪᠤᠳᠠᠯ ᠤᠨ ᠠᠵᠢᠯ ᠠᠴᠠ ᠪᠠᠨ ᠪᠠᠭᠤᠭᠰᠠᠨ | ᠠᠵᠢᠯᠲᠠᠨ ᠠᠵᠢᠯᠴᠢᠨ ᠢ ᠣᠷᠣᠯᠠᠨ ᠬᠠᠮᠢᠶᠠᠷᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ︵ᠠᠷᠪᠠᠨ ᠲᠠᠪᠤ︶ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠳᠠᠭᠠᠭᠠᠯᠭᠠᠭᠰᠠᠨ | ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ | ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ᠣᠷᠣᠨ ᠤ ᠠᠷᠠᠳ ᠤᠨ ᠶᠠᠪᠤᠳᠠᠯ ᠤᠨ | ᠲᠣᠪᠴᠢᠶ᠎ᠠ ᠨᠢ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠴᠢᠩᠭᠠᠳᠬᠠᠵᠤ᠂ | ᠬᠦᠴᠢᠷᠳᠡᠯᠲᠡᠢ ᠣᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠥᠨᠥᠴᠢᠨ ᠬᠡᠦᠬᠡᠳ ᠵᠡᠷᠭᠡ | ᠣᠨᠴᠣᠭᠤᠢ ᠬᠠᠮᠲᠤᠯᠢᠭ ᠲᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠢ | ᠭᠠᠵᠠᠷ ᠣᠷᠣᠨ᠂ ᠬᠦᠷᠢᠶ᠎ᠡ ᠴᠠᠷᠠᠭ᠎ᠠ ᠪᠠ ᠭᠤᠭᠴᠤᠭ᠎ᠠ ᠳᠠᠰᠢ ᠬᠡᠯᠪᠡᠶᠢᠯᠭᠡᠬᠦ ᠶᠢ ᠠᠬᠢᠭᠤᠯᠬᠤ ᠬᠡᠷᠡᠭᠲᠡᠢ᠃ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠤᠯᠴᠠᠬᠤ ᠭᠤᠣᠯ ᠴᠣᠭᠴᠠ ᠶᠢ | ᠢᠳᠡᠪᠬᠢᠲᠡᠢ ᠪᠠᠷ ᠪᠣᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ ᠠᠬᠢᠭᠤᠯᠤᠨ᠎ᠠ᠃ | ︵ᠠᠷᠪᠠᠨ ᠳᠣᠯᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | 1. ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠵᠢᠯ ᠤᠨ | ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠤᠭᠤᠳᠬᠤ᠂ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠨᠠᠰᠤᠲᠠᠶᠢᠴᠤᠳ ᠤᠨ ᠠᠰᠠᠷᠠᠮᠵᠢ ᠪᠠ ᠣᠨᠴᠣᠭᠤᠢ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ | ᠡᠭᠦᠷᠭᠡᠯᠡᠨ᠎ᠡ᠃ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠥᠨ ᠠᠮᠠ ᠶᠢᠨ ᠨᠠᠰᠤᠵᠢᠯᠲᠠ ᠶᠢ | ᠠᠷᠭᠠᠴᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠰ ᠤᠨ ᠬᠥᠭᠵᠢᠯᠲᠡ ᠶᠢ | ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠤᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ | ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ | ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠢᠯᠡᠴᠢᠯᠡᠬᠦ ᠵᠡᠷᠭᠡ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ | 2.ᠪᠤᠭᠤᠲᠤ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠬᠤᠪᠢᠶᠠᠷᠢ | ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯᠣᠨ ᠬᠤᠪᠢᠶᠠᠷᠢᠯᠠᠯ᠃ᠳ᠋ᠦᠩ | ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠪᠤᠭᠤᠲᠤ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠬᠤᠪᠢᠶᠠᠷᠢ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠤᠨ ᠮᠡᠳᠡᠭᠡ ᠵᠠᠩᠭᠢ ᠶᠢ ᠨᠡᠶᠢᠲᠡᠯᠡᠭᠰᠡᠨ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠭᠤᠷᠪᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ | ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠵᠠᠷᠠᠳ ᠤᠨ ᠶᠠᠪᠤᠳᠠᠯ ᠤᠨ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠠᠷᠠᠳ ᠤᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ᠪᠠᠶᠢᠭᠤᠯᠭ᠎ᠠ ᠶᠢᠨ ᠨᠠᠷᠢᠨ | ᠪᠢᠴᠢᠭᠡᠴᠢ᠂ ᠮᠡᠳᠡᠭᠡ ᠵᠠᠩᠭᠢ ᠶᠢᠨ ᠤᠬᠠᠭᠤᠯᠭ᠎ᠠ᠂ ᠮᠠᠲ᠋ᠧᠷᠢᠶᠠᠯ ᠲᠤᠭᠤᠷᠪᠢᠬᠤ᠂ ᠬᠤᠷᠠᠯ ᠠᠴᠠ ᠵᠣᠬᠢᠶᠠᠨ ᠪᠠᠶᠢᠭᠤᠯᠬᠤ᠂ | ᠠᠮᠤᠷ ᠲᠦᠪᠰᠢᠨ ᠢ ᠬᠠᠮᠠᠭᠠᠯᠠᠬᠤ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠶᠢ | ᠶᠡᠷᠦᠩᠬᠡᠶᠢᠯᠡᠨ ᠵᠠᠰᠠᠬᠤ᠂ ᠳᠦᠷᠢᠮ ᠤᠨ ᠪᠠᠶᠢᠭᠤᠯᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠪᠠᠳᠠᠨ | ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠭᠠᠳᠠᠭᠠᠳᠤ ᠲᠠᠢ ᠰᠣᠯᠢᠯᠴᠠᠭ᠎ᠠ ᠬᠢᠵᠦ | ᠬᠠᠮᠲᠤᠷᠠᠨ ᠠᠵᠢᠯᠯᠠᠬᠤ᠂ ᠬᠥᠮᠦᠵᠢᠯ ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ ᠪᠠ ᠤᠶᠤᠨ ᠤ ᠪᠣᠯᠪᠠᠰᠤᠨ ᠤ | ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ | ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠬᠥᠳᠡᠯᠮᠦᠷᠢ | ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ | ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠡᠭᠦᠷᠭᠡᠯᠡᠨ᠎ᠡ᠃ | ᠵᠢᠷᠤᠮᠵᠢᠯ ᠤᠨ ᠴᠢᠨᠠᠷᠲᠠᠢ ᠪᠢᠴᠢᠭ ᠮᠧᠷᠢᠶᠠᠯ ᠢ ᠲᠤᠭᠤᠷᠪᠢᠬᠤ ᠪᠠ ᠮᠡᠳᠡᠭᠦᠯᠦᠨ ᠳᠠᠩᠰᠠᠯᠠᠭᠤᠯᠬᠤ ᠠᠵᠢᠯ ᠢ | ᠡᠭᠦᠷᠭᠡᠯᠡᠵᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ᠠᠷᠠᠳ ᠤᠨ ᠶᠠᠪᠤᠳᠠᠯ ᠤᠨ | ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠵᠦ᠂ ᠲᠥᠪ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠶᠢᠨ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ | ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠪᠣᠯᠣᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃ | ︵ᠬᠤᠶᠠᠷ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠷᠤᠭ ᠤᠨ ᠳᠠᠩᠰᠠᠯᠠᠯᠲᠠ ᠶᠢᠨ | ᠬᠠᠮᠢᠶᠠᠷᠤᠯᠲᠠ ᠶᠢᠨ ᠲᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶᠃ᠬᠠᠮᠢᠶᠠᠷᠤᠯᠲᠠ ᠶᠢᠨ ᠡᠷᠬᠡ | ᠮᠡᠳᠡᠯ ᠤᠨ ᠬᠡᠪᠴᠢᠶ᠎ᠡ ᠶᠣᠰᠣᠭᠠᠷ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ | ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠠᠩᠰᠠᠯᠠᠨ ᠬᠠᠮᠢᠶᠠᠷᠬᠤ ᠪᠠ | ᠬᠢᠨᠠᠵᠤ ᠪᠠᠶᠢᠴᠠᠭᠠᠨ᠎ᠠ᠃ᠤᠷᠤᠭ ᠤᠨ ᠶᠣᠰᠣ ᠵᠠᠩᠰᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠤᠭ ᠤᠨ | ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠣᠷᠣᠨ ᠤ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠰᠲ᠋ᠣᠺ᠃ | ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠵᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠦᠷᠢ ᠶᠢᠨ ᠳᠦᠷᠢᠮ ᠪᠠ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠵᠢᠴᠢ | ᠲᠥᠷᠥ ᠵᠢᠨᠬᠦᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠦᠢᠯᠡᠴᠢᠯᠡᠭᠡ᠂ ᠨᠠᠰᠤᠲᠠᠶᠢᠴᠤᠳ ᠤᠨ | ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ᠥᠨᠳᠥᠷ ᠨᠠᠰᠤᠨ ᠤ ᠨᠥᠬᠦᠪᠦᠷᠢ ᠵᠡᠷᠭᠡ ᠨᠥᠬᠦᠪᠦᠷᠢ ᠣᠯᠭᠤᠬᠤ | ᠠᠵᠢᠯ ᠢ ᠬᠠᠷᠢᠭᠤᠴᠠᠨ᠎ᠠ᠃ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ | ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ | ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠠᠵᠢᠯ ᠢ ᠬᠠᠷᠢᠭᠤᠴᠠᠨ᠎ᠠ᠃ᠬᠤᠲᠠ ᠬᠥᠳᠡᠭᠡ ᠶᠢᠨ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃ᠪᠥᠬᠦ ᠣᠷᠣᠨ ᠤ | ᠲᠡᠩᠬᠡᠷᠡᠭᠦᠯᠦᠨ ᠲᠤᠰᠠᠯᠠᠬᠤ ᠪᠠᠷ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠯᠤᠭ᠎ᠠ | ᠬᠤᠯᠪᠣᠭᠳᠠᠬᠤ ᠬᠢᠨᠠᠨ ᠬᠠᠷᠭᠤᠭᠤᠯᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ᠂ ᠳ᠋ᠦᠩ ᠾᠧ ᠲᠣᠭᠤᠷᠢᠭ ᠤᠨ ᠡᠳ᠋ ᠤᠨ ᠵᠠᠰᠠᠭ ᠤᠨ ᠬᠦᠴᠢᠷᠳᠡᠯᠲᠡᠢ ᠣᠯᠠᠨ ᠲᠦᠮᠡᠨ ᠢ | ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ | ᠳᠠᠭᠠᠭᠠᠨ ᠭᠦᠢᠴᠡᠳᠬᠡᠨ᠎ᠡ᠃ᠡᠮ ᠡᠮᠨᠡᠯᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ | ᠴᠠᠭᠠᠵᠠ ᠵᠡᠷᠭᠡ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠨᠡᠶᠢᠭᠡᠮ ᠤᠨ ᠬᠠᠨᠳᠢᠪᠯᠡᠨ ᠲᠤᠰᠠᠯᠠᠬᠤ ᠠᠵᠢᠯ ᠢ ᠵᠢᠯᠣᠭᠤᠳᠤᠨ᠎ᠠ᠃ | ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠲ᠋ᠣᠺ᠃ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ | ᠪᠠᠶᠢᠭᠤᠯᠤᠯᠲᠠ ᠪᠠ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ | ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ᠂ ᠬᠤᠳᠠ ᠬᠥᠳᠡᠭᠡ ᠶᠢᠨ ᠦᠨᠳᠦᠰᠦᠨ | ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ | ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠵᠢᠨᠪᠦᠬᠦ ᠣᠷᠣᠨ ᠤ ᠨᠡᠶᠢᠭᠡᠮ ᠤᠨ ᠠᠵᠢᠯ | ᠤᠨ ᠴᠢᠳᠠᠪᠤᠷᠢᠲᠠᠨ ᠤ ᠡᠩᠨᠡᠭᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠨᠡᠶᠢᠭᠡᠮ ᠤᠨ ᠠᠵᠢᠯ ᠤᠨ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠦᠪᠵᠢᠭᠦᠯᠭᠡ ᠪᠣᠯᠣᠨ ᠣᠨ ᠤ ᠲᠥᠯᠥᠪᠯᠡᠭᠡ ᠶᠢ ᠰᠤᠳᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ | ᠠᠵᠢᠯᠯᠠᠭᠴᠢ ᠶᠢᠨ ᠪᠦᠲᠦᠭᠡᠨ ᠪᠠᠶᠢᠭᠤᠯᠤᠯᠲᠠ᠃ | ︵ᠲᠠᠪᠤ︶ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠬᠢᠭᠡᠳ ᠨᠡᠶᠢᠭᠡᠮ ᠤᠨ ᠬᠡᠷᠡᠭ ᠡᠷᠬᠢᠯᠡᠬᠦ ᠰᠲ᠋ᠣᠺ᠃ | ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ | ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠵᠦ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷ᠎ᠡ ᠶᠢ ᠨᠡᠷᠡᠶᠢᠳᠬᠦ ᠵᠢᠴᠢ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠪᠠᠯᠭᠠᠰᠤ ︵ᠵᠡᠭᠡᠯᠢ ᠭᠤᠳᠤᠮᠵᠢ︶ ᠶᠢ ᠪᠠᠶᠢᠭᠤᠯᠬᠤ᠂ ᠬᠠᠰᠤᠬᠤ᠂ ᠨᠡᠷ᠎ᠡ ᠶᠢ | ᠨᠢ ᠬᠠᠯᠠᠬᠤ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠤᠪᠢᠷᠠᠭᠤᠯᠬᠤ ᠪᠠ ᠠᠷᠠᠳ ᠤᠨ ᠵᠠᠰᠠᠭ ᠤᠨ | ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃ᠪᠦᠬᠦ ᠣᠷᠣᠨ ᠤ ᠵᠠᠰᠠᠭ | ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ᠪᠠᠷᠢᠮᠵᠢᠶᠠᠲᠤ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠬᠢᠨᠠᠨ ᠲᠣᠭᠲᠠᠭᠠᠨ᠎ᠠ᠃ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠠᠬᠢᠭᠤᠯᠵᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠠᠮᠢᠳᠤᠷᠠᠯ ᠨᠢ ᠠᠷᠭ᠎ᠠ ᠦᠭᠡᠢ ᠲᠡᠨᠦᠭᠦᠯ ᠭᠤᠶᠢᠷᠠᠨᠴᠢᠳ ᠢ | ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠵᠡᠮᠳᠡᠭᠴᠦᠳ ᠤᠨ ᠨᠡᠶᠢᠭᠡᠮ ᠤᠨ | ᠠᠰᠠᠷᠠᠮᠵᠢ᠂ ᠠᠮᠢᠳᠤᠷᠠᠯ ᠨᠢ ᠠᠷᠭ᠎ᠠ ᠦᠭᠡᠢ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠶᠢᠨ ᠲᠦᠷ ᠴᠠᠭ ᠤᠨ | ᠥᠮᠥᠭᠡᠷᠡᠵᠦ ᠠᠪᠤᠷᠠᠨ ᠲᠤᠰᠠᠯᠠᠬᠤ ᠠᠵᠢᠯ ᠵᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠣᠯᠣᠨ | ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠣᠯᠭᠤᠬᠤ ᠠᠵᠢᠯ ᠢ ᠵᠣᠬᠢᠶᠠᠨ ᠪᠠᠶᠢᠭᠤᠯᠬᠤ ᠶᠢ | ᠬᠠᠷᠢᠭᠤᠴᠠᠨ᠎ᠠ᠃ᠨᠡᠶᠢᠭᠡᠮ ᠤᠨ ᠠᠪᠤᠷᠠᠯᠳᠠ ᠬᠢᠬᠦ ᠡᠲᠡᠭᠡᠳ ᠤᠨ ᠪᠡᠯᠡ ᠮᠥᠩᠭᠦ ᠣᠯᠭᠤᠬᠤ ᠠᠵᠢᠯ ᠢ ᠬᠠᠷᠢᠭᠤᠴᠠᠵᠤ᠂ | ᠠᠵᠢᠯ ᠦᠢᠯᠡᠰ ᠤᠨ ᠨᠢᠭᠡᠴᠡ ᠠᠴᠠ ᠠᠷᠠᠳ ᠤᠨ ᠶᠠᠪᠤᠳᠠᠯ ᠤᠨ ᠠᠵᠢᠯ ᠠᠴᠠ ᠪᠠᠨ ᠪᠠᠭᠤᠭᠰᠠᠨ ᠠᠵᠢᠯᠲᠠᠨ | ᠠᠵᠢᠯᠴᠢᠨ ᠲᠡᠰᠢ ᠰᠢᠯᠵᠢᠬᠦ ᠶᠢ ᠣᠷᠣᠯᠠᠨ ᠬᠠᠮᠢᠶᠠᠷᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ | ᠲᠣᠮᠢᠯᠠᠭᠰᠠᠨ ᠰᠠᠯᠪᠤᠷᠢ ᠶᠢᠨ ᠠᠷᠤ ᠠᠰᠠᠷ ᠤᠨ ᠭᠤᠷᠪᠠᠳᠤᠭᠠᠷ ᠠᠰᠠᠷ | ᠬᠠᠷᠢᠯᠴᠠᠬᠤ ᠤᠲᠠᠰᠤ᠄ 2631900 | ᠬᠠᠷᠢᠭᠤᠴᠠᠯᠭᠠᠲᠠᠨ᠄ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠵᠠᠩ ᠶᠢᠨ ᠬᠤ | ᠠᠵᠢᠯᠯᠠᠬᠤ ᠴᠠᠭ᠄ ᠦᠳᠡ ᠶᠢᠨ ᠡᠮᠦᠨ᠎ᠡ 8᠄ 30 ︱ 12᠄ 00 | ᠦᠳᠡ ᠶᠢᠨ ᠬᠤᠶᠢᠨᠠᠬᠢ 2᠄ 30 ︱ 5᠄ 30 | ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ | ᠭᠠᠳᠠᠨ᠎ᠠ ︶ | | |