ᠬᠢᠵᠢᠭ ᠤᠨ ᠪᠠᠶᠢᠳᠠᠯ ᠢ ᠡᠰᠡᠷᠭᠦᠴᠡᠬᠦ ᠡᠭᠦᠷᠭᠡᠯᠡᠯ ᠢ ᠡᠭᠦᠷᠭᠡᠯᠡᠨ᠎ᠡ ︱ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠶᠢᠨ ᠬᠢᠵᠢᠭ ᠢ ᠡᠰᠡᠷᠭᠦᠴᠡᠬᠦ ᠠᠵᠢᠯᠯᠠᠭ᠎ᠠ ᠶᠢᠨ ᠦᠶ᠎ᠡ ᠳᠤ
ᠨᠡᠶᠢᠲᠡᠯᠡᠭᠰᠡᠨ ᠴᠠᠭ᠄
2022/10/31
   ᠡᠨᠡ ᠪᠣᠯ ᠨᠢᠭᠡᠨ ᠤᠳᠠᠭᠠᠨ ᠤ ᠳᠠᠭᠤᠨ ᠦᠭᠡᠢ ᠳᠠᠶᠢᠨ ᠮᠥᠨ᠂ ᠮᠠᠨ ᠤ ᠠᠮᠢᠳᠤᠷᠠᠯ ︽ᠲᠦᠷ ᠵᠣᠭᠰᠣᠬᠤ ᠳᠠᠷᠤᠪᠴᠢ︾ ᠶᠢ ᠳᠠᠷᠤᠵᠠᠢ᠃ᠤᠯᠠᠮ ᠪᠠᠴᠢᠮ ᠪᠣᠯᠬᠤ ᠲᠤᠲᠤᠮ ᠤᠯᠠᠮ ᠠᠶᠤᠯᠲᠠᠢ ᠪᠣᠯᠬᠤ ᠬᠢᠵᠢᠭ ᠤᠨ ᠪᠠᠶᠢᠳᠠᠯ ᠤᠨ ᠡᠮᠦᠨ᠎ᠡ᠂ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠨᠠᠮ ᠤᠨ ᠭᠡᠰᠢᠭᠦᠨ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠵᠤ᠂ ᠪᠥᠬᠦ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠠᠨᠠᠭᠠᠴᠢᠯᠠᠭ᠎ᠠ  ᠠᠴᠠ ᠪᠠᠨ ᠠᠵᠢᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠴᠤᠭᠯᠠᠷᠠᠯ ᠤᠨ ᠳᠣᠬᠢᠶ᠎ᠠ︾ ᠶᠢ ᠬᠠᠩᠭᠢᠨᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠤᠷᠢᠭᠯᠠᠨ ᠴᠣᠬᠢᠬᠤ ᠪᠠᠶᠢᠯᠳᠤᠭᠠᠨ︾ ᠢ ᠡᠬᠢᠯᠡᠭᠦᠯᠪᠡ᠃ᠪᠥᠬᠦ ᠠᠵᠢᠯᠲᠠᠨ ᠤ ᠪᠥᠭᠡᠮ ᠬᠦᠴᠢᠯ ᠬᠢᠬᠦ ᠪᠠᠴᠢᠮ ᠮᠡᠳᠡᠭᠳᠡᠯ ᠤᠨ ᠡᠮᠦᠨ᠎ᠡ᠂ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠭᠡᠰᠢᠭᠦᠨ ᠲᠦᠷᠦᠭᠦᠯᠡᠨ ᠳᠠᠭᠠᠷᠢᠵᠤ᠂ ᠠᠵᠢᠯᠲᠠᠳ ᠪᠦᠭᠦᠳᠡᠭᠡᠷ ︽ᠰᠥᠷᠴᠦ︾᠂ ᠬᠠᠷᠠᠭᠠᠯᠵᠠᠭᠰᠠᠨ ᠨᠡᠶᠢᠭᠡᠮ ᠲᠣᠭᠤᠷᠢᠭ ᠲᠤ ᠬᠦᠷᠴᠦ ᠬᠢᠵᠢᠭ ᠢ ᠰᠡᠷᠭᠡᠶᠢᠯᠡᠬᠦ ᠠᠵᠢᠯ ᠢ ᠦᠳᠲᠡᠷ ᠲᠦᠷᠭᠡᠨ ᠥᠷᠨᠢᠭᠦᠯᠪᠡ᠃     ᠬᠥᠮᠥᠨ ᠲᠥᠷᠥᠯᠬᠢ ᠳᠤ ᠪᠠᠨ ᠪᠠᠭᠠᠲᠤᠷ  ᠪᠢᠰᠢ᠂ ᠬᠠᠷᠢᠨ ᠡᠭᠡᠯ ᠵᠢᠷ ᠤᠨ ᠠᠮᠵᠢᠯᠲᠠ ᠪᠠᠷ ᠠᠭᠤᠤ ᠶᠡᠭᠡ ᠠᠮᠵᠢᠯᠲᠠ ᠪᠦᠲᠦᠮᠵᠢ ᠣᠯᠳᠠᠭ ᠬᠥᠮᠥᠨ ᠪᠠᠶᠢᠳᠠᠭ᠃ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠤᠨ ᠳᠤᠮᠳᠠ᠂ ᠲᠠᠳᠠ ᠰᠠᠭᠤᠭᠠᠯᠢ ᠠᠷᠠᠳ ᠲᠤ ᠺᠣᠳ᠋ ᠰᠢᠷᠪᠢᠵᠦ ᠳᠡᠩᠰᠡᠯᠡᠨ ᠥᠭᠴᠦ ᠮᠡᠳᠡᠨ᠎ᠡ︔ᠡᠰᠡᠬᠦᠯ᠎ᠡ ᠪᠥᠭᠡᠮ ᠬᠦᠴᠢᠯ ᠤᠨ ᠲᠠᠯᠠᠪᠤᠷ ᠢ ᠤᠰᠠᠳᠬᠠᠵᠤ᠂ ᠲᠤᠬᠠᠢ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠨ᠎ᠠ;ᠡᠰᠡᠬᠦᠯ᠎ᠡ ᠰᠠᠭᠤᠭᠠᠯᠢ ᠠᠷᠠᠳ ᠲᠤ ︽ᠪᠥᠭᠡᠮ ᠬᠦᠴᠢᠯ ᠤᠨ ᠨᠠᠭᠠᠯᠲᠠ ᠶᠢᠨ ᠴᠠᠭᠠᠰᠤ︾ ᠲᠦᠭᠡᠭᠡᠵᠦ ᠥᠭᠬᠦ ᠶᠢ ᠬᠠᠷᠢᠭᠤᠴᠠᠨ᠎ᠠ…᠃ ᠲᠡᠳᠡ ᠶᠠᠭᠤ ᠬᠢᠵᠦ ᠪᠠᠶᠢᠭᠰᠠᠨ ᠴᠤ ᠴᠥᠮ ᠬᠠᠷᠠᠮᠰᠠᠯ ᠦᠭᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠪᠡᠷ ᠤᠨ ᠠᠮᠤᠷ ᠲᠦᠪᠰᠢᠨ ᠠᠶᠤᠯ ᠲᠦᠭᠰᠢᠭᠦᠷᠢ ᠪᠠᠨ ᠠᠷᠤ ᠳᠠᠭᠠᠨ ᠬᠠᠶᠠᠵᠤ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠳᠠᠭ᠃ᠲᠡᠳᠡ ︽ᠳ᠋ᠧᠩ ᠠᠰᠠᠭᠠᠵᠤ ᠰᠥᠨᠢ ᠪᠠᠷ ᠪᠠᠶᠢᠯᠳᠤᠵᠤ︾ ᠪᠠᠶᠢᠭᠰᠠᠨ ᠴᠤ ᠭᠤᠮᠣᠳᠠᠯ ᠲᠣᠭᠠᠴᠢᠭ᠎ᠠ ᠦᠭᠡᠢ᠂ ᠶᠠᠳᠠᠷᠠᠵᠤ ᠵᠦᠳᠡᠷᠡᠭᠰᠡᠨ ᠴᠦ ᠣᠶᠢᠴᠢᠬᠤ ᠦᠭᠡᠢ ᠶᠤᠮ᠂ ᠬᠥᠯ ᠭᠠᠷ ᠳᠥᠭᠦᠮ ᠦᠭᠡᠢ ᠥᠨᠳᠥᠷ ᠨᠠᠰᠤᠲᠠᠨ ᠳᠤ ᠪᠥᠭᠡᠮ ᠬᠦᠴᠢᠯ ᠤᠨ ᠦᠯᠢᠭᠡᠷ ᠠᠪᠬᠤ ᠶᠢ ᠤᠷᠤᠭᠰᠢᠲᠠᠢ ᠶᠠᠪᠤᠭᠳᠠᠭᠤᠯᠬᠤ ᠶᠢᠨ ᠲᠥᠯᠥᠭᠡ᠂ ᠲᠡᠳᠡ ︽ᠭᠡᠷ ᠲᠤᠨᠢ ᠣᠴᠢᠵᠤ ᠦᠢᠯᠡᠴᠢᠯᠡᠬᠦ︾ ᠦᠢᠯᠡᠴᠢᠯᠡᠭᠡ ᠬᠠᠩᠭᠠᠵᠤ᠂ ᠥᠪᠡᠷ ᠢᠶᠠᠨ ︽ᠢᠯᠡᠭᠦᠦ ᠭᠦᠶᠦᠬᠦ︾ ᠠᠴᠠ ᠪᠢᠰᠢ ᠨᠠᠰᠤᠲᠠᠨ ᠢ ︽ᠳᠤᠲᠠᠭᠤ ᠶᠠᠪᠤᠭᠤᠯᠬᠤ︾ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃ ᠡᠨᠡ ᠦᠶ᠎ᠡ ᠳᠤ ᠲᠡᠳᠡ ︽ᠭᠡᠷ ᠲᠤᠨᠢ ᠣᠴᠢᠵᠤ ᠦᠢᠯᠡᠴᠢᠯᠡᠬᠦ︾ ᠶᠢᠨ ᠲᠥᠯᠥᠭᠡ ︽ᠭᠡᠷ ᠲᠤᠨᠢ ᠣᠴᠢᠵᠤ ᠦᠢᠯᠡᠴᠢᠯᠡᠬᠦ︾ ᠶᠢᠨ ᠲᠥᠯᠥᠭᠡ ᠥᠪᠡᠷ ᠢᠶᠠᠨ ︽ᠢᠯᠡᠭᠦᠦ ᠭᠦᠶᠦᠬᠦ︾ ᠠᠴᠠ ᠪᠢᠰᠢ ᠨᠠᠰᠤᠲᠠᠨ ᠢ ︽ᠳᠤᠲᠠᠭᠤ ᠶᠠᠪᠤᠭᠤᠯᠬᠤ︾ ᠶᠢᠨ ᠲᠥᠯᠥᠭᠡ ᠵᠢᠳᠬᠦᠵᠦ ᠪᠠᠶᠢᠭᠰᠠᠨ ᠶᠤᠮ᠃ᠲᠡᠳᠡ ᠥᠪᠡᠷ ᠤᠨ ᠴᠢᠩ ᠦᠨᠡᠨᠴᠢ ᠰᠡᠳᠬᠢᠯ ᠢᠶᠠᠷ ᠢᠶᠠᠨ ᠬᠠᠬᠢᠷ ᠬᠦᠢᠲᠡᠨ ᠥᠷᠯᠥᠭᠡ ᠪᠦᠷᠢ ᠶᠢ ᠳᠤᠯᠠᠭᠠᠴᠠᠭᠤᠯᠵᠤ᠂︽ᠠᠷᠠᠳ ᠲᠦᠮᠡᠨ ᠳᠤ ᠦᠢᠯᠡᠴᠢᠯᠡᠬᠦ︾ᠬᠦᠰᠡᠯᠡᠩ ᠢᠲᠡᠭᠡᠯ ᠪᠢᠰᠢᠷᠡᠯ ᠢᠶᠠᠷ ᠢᠶᠠᠨ ᠬᠠᠪ ᠬᠠᠷᠠᠩᠭᠤᠢ ᠰᠥᠨᠢ ᠪᠦᠷᠢ ᠶᠢ ᠭᠡᠷᠡᠯᠲᠦᠭᠦᠯᠳᠡᠭ᠃ᠲᠡᠳᠡ ᠡᠳᠦᠷᠵᠢᠨ ᠰᠥᠨᠢᠵᠢᠨ ᠵᠣᠭᠰᠣᠯ ᠦᠭᠡᠢ ᠠᠯᠬᠤᠵᠤ᠂ ᠴᠥᠮ᠎ᠡ  ᠶᠢᠨ ᠬᠦᠴᠢᠯ  ᠢ ᠪᠠᠶᠢᠴᠠᠭᠠᠨ ᠰᠢᠯᠭᠠᠬᠤ ᠠᠵᠢᠯ  ᠢ ᠪᠦᠬᠦᠯᠢ 14 ᠡᠭᠡᠯᠵᠢ  ᠶᠢᠨ ᠬᠢᠭᠰᠡᠨ ᠪᠠᠶᠢᠨ᠎ᠠ      ᠡᠳᠦᠷ ᠲᠤᠳᠤᠮ ᠤᠨ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ᠂ ᠲᠡᠳᠡ ᠵᠢᠵᠢᠭᠦᠷᠯᠡᠨ ᠰᠠᠬᠢᠬᠤ ᠨᠢᠮᠭᠡᠨ ᠪᠠᠷ᠎ᠠ ᠪᠠᠨ ᠪᠠᠷᠢᠮᠲᠠᠯᠠᠵᠤ᠂ ᠰᠠᠭᠤᠭᠠᠯᠢ ᠠᠷᠠᠳ ᠲᠤ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠴᠡᠢ︔ᠲᠠᠩ ᠠᠰᠠᠷ ᠲᠤ᠂ ᠳᠡᠳᠡᠨ ᠤ ᠲᠣᠬᠢᠷᠠᠭᠤᠯᠤᠨ ᠬᠦᠷᠭᠡᠬᠦ ᠡᠳ᠋ ᠪᠣᠳᠠᠰ ᠤᠨ ᠶᠠᠭᠠᠷᠠᠯᠲᠠᠢ ᠠᠷᠤ ᠶᠢᠨ ᠰᠡᠭᠦᠳᠡᠷ ᠨᠢ ᠡᠳ᠋ ᠪᠣᠳᠠᠰ ᠤᠨ ᠪᠠᠲᠤᠯᠠᠪᠤᠷᠢ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ︔ᠲᠤᠰᠠᠭᠠᠷᠯᠠᠭᠰᠠᠨ ᠵᠣᠴᠢᠳ ᠤᠨ ᠪᠠᠭᠤᠳᠠᠯ ᠳᠤ᠂ ᠲᠡᠳᠡ ᠠᠵᠢᠯᠲᠠᠨ ᠲᠣᠬᠢᠷᠠᠭᠤᠯᠵᠤ᠂ ᠡᠳ᠋ ᠪᠣᠳᠠᠰ ᠲᠦᠭᠡᠭᠡᠨ ᠥᠭᠴᠦ᠂ ᠥᠪᠡᠷ ᠤᠨ ᠬᠦᠴᠦ ᠪᠠᠷ ᠢᠶᠠᠨ ᠡᠨᠡᠬᠦ ︽ᠣᠨᠴᠠᠭᠠᠶ ᠵᠢᠭᠰᠠᠭᠠᠯ ᠤᠨ ᠭᠠᠵᠠᠷ︾ ᠢ ᠰᠠᠬᠢᠨ ᠬᠠᠮᠠᠭᠠᠯᠠᠵᠤ ᠪᠠᠶᠢᠪᠠ᠃      ᠡᠨᠡ ᠤᠳᠠᠭ᠎ᠠ ᠶᠢᠨ ᠳᠠᠷᠢ ᠶᠢᠨ ᠤᠳᠤᠭ᠎ᠠ ᠦᠭᠡᠢ ᠲᠡᠮᠡᠴᠡᠯ ᠤᠨ ᠳᠤᠮᠳᠠ᠂ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠪᠦᠬᠦ ᠠᠵᠢᠯᠲᠠᠳ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠯᠬᠡᠭ ᠪᠠᠭᠠᠲᠤᠷᠯᠢᠭ ᠢᠶᠠᠷ ᠲᠡᠮᠡᠴᠡᠵᠦ᠂ ︽ᠠᠷᠠᠳ ᠲᠦᠮᠡᠨ︾  ᠢ ᠰᠡᠳᠬᠢᠯ ᠳᠡᠭᠡᠨ ᠬᠠᠳᠠᠩᠰᠢᠭᠤᠯᠵᠤ᠂ ︽ᠡᠭᠦᠷᠭᠡ ᠬᠠᠷᠢᠭᠤᠴᠠᠯᠭ᠎ᠠ︾  ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ︽ᠠᠮᠢ ᠨᠠᠰᠤ ᠠᠴᠠ ᠵᠢᠷᠦᠬᠡᠰᠢᠶᠡᠬᠦ᠂ ᠡᠭᠦᠷᠭᠡ ᠬᠠᠷᠢᠭᠤᠴᠠᠯᠭ᠎ᠠ ᠠᠴᠠ ᠵᠢᠷᠦᠬᠡᠰᠢᠶᠡᠬᠦ᠂ ᠳᠦᠷᠢᠮ ᠲᠣᠭᠲᠠᠭᠠᠯ ᠠᠴᠠ ᠵᠢᠷᠦᠬᠡᠰᠢᠶᠡᠬᠦ︾ ᠵᠠᠷᠴᠢᠮ ᠤᠨ ᠢᠲᠡᠭᠡᠯ ᠪᠢᠰᠢᠷᠡᠯ ᠢ ᠪᠠᠷᠢᠮᠲᠠᠯᠠᠵᠤ᠂ ᠬᠤᠰᠢᠭᠤᠴᠢ ᠪᠣᠯᠵᠤ᠂ ᠬᠤᠰᠢᠭᠤᠴᠢ ᠪᠣᠯᠵᠤ᠂ ︽ᠬᠢᠵᠢᠭ︾ ᠤᠨ ᠡᠮᠦᠨ᠎ᠡ ᠹᠷᠣᠨᠲ ᠲᠤ ᠡᠷᠡᠰ ᠣᠷᠣᠯᠴᠠᠵᠤ᠂ ᠨᠡᠩ ᠪᠠᠲᠤ ᠴᠢᠩᠭ᠎ᠠ ᠢᠲᠡᠭᠡᠯ ᠵᠣᠷᠢᠭ᠂ ᠨᠡᠩ ᠡᠷᠡᠰ ᠰᠢᠭᠤᠷᠬᠠᠢ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠶ᠎ᠠ︕
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1