ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ ᠬᠦᠴᠢᠷ ᠠᠰᠠᠭᠤᠳᠠᠯ ᠢ ᠰᠢᠢᠳᠪᠦᠷᠢᠯᠡᠵᠦ ᠦᠢᠯᠡᠴᠢᠯᠡᠭᠡ ᠶᠢ ᠰᠡᠷᠭᠡᠶᠢᠯᠡᠵᠦ ᠬᠥᠭᠵᠢᠯᠲᠡ ᠶᠢ ᠠᠬᠢᠭᠤᠯᠤᠨ᠎ᠠ ︱ ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠳᠤ ᠬᠤᠯᠪᠣᠭᠳᠠᠬᠤ ᠪᠠᠶᠢᠭᠤᠯᠤᠮᠵᠢ ᠶᠢᠨ ᠲᠤᠰᠬᠠᠢ ᠪᠣᠯᠪᠠᠰᠤᠷᠠᠯ ᠤᠨ ᠬᠠᠪᠰᠤᠷᠤᠨ ᠵᠢᠯᠤᠭᠤᠳᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2022/11/15
      4 ᠳ᠋ᠦ᠋ᠭᠡᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠪᠠᠶᠢᠴᠠᠭᠠᠬᠤ ᠲᠣᠪᠴᠢᠶ᠎ᠠ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠪᠠᠰᠤᠷᠠᠭᠤᠯᠤᠯ ᠤᠨ ᠬᠠᠪᠰᠤᠷᠤᠨ ᠵᠢᠯᠤᠭᠤᠳᠬᠤ ᠪᠠᠷ ᠭᠤᠣᠯ ᠠᠭᠤᠯᠭ᠎ᠠ ᠪᠣᠯᠭᠠᠭᠰᠠᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠡᠷᠭᠢᠯᠡᠪᠡ᠃      ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠥᠷᠲᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠬᠦ᠂ ᠵᠢᠵᠢᠭ ᠪᠢᠴᠢᠯ ᠠᠵᠤ ᠠᠬᠤᠶᠢᠯᠠᠯ ᠤᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠠᠰᠤᠵᠤ ᠬᠡᠯᠲᠦᠷᠢᠭᠦᠯᠬᠦ ᠵᠡᠷᠭᠡ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠠᠶᠢᠯᠪᠤᠷᠢᠯᠠᠨ ᠶᠠᠷᠢᠵᠤ᠂ ᠬᠤᠶᠠᠳᠤᠭᠠᠷ ᠪᠠᠶᠢᠴᠠᠭᠠᠬᠤ ᠲᠣᠪᠴᠢᠶ᠎ᠠ ᠶᠢᠨ ᠨᠢᠭᠡᠳᠦᠭᠡᠷ ᠹᠷᠣᠨᠲ ᠤᠨ ᠪᠠᠶᠢᠴᠠᠭᠠᠬᠤ ᠠᠵᠢᠯᠲᠠᠨ ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠲᠠᠯ᠎ᠠ ᠠᠴᠠ ᠭᠠᠶᠢᠯᠢ ᠳᠤ ᠬᠤᠯᠪᠣᠭᠳᠠᠬᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠳᠠᠯ ᠢᠶᠠᠷ ᠪᠠᠷᠢᠮᠲᠠ ᠪᠢᠴᠢᠬᠦ ᠳᠤ ᠡᠭᠦᠷᠭᠡᠯᠡᠵᠦ ᠮᠡᠳᠡᠬᠦ ᠬᠠᠤᠯᠢ ᠴᠠᠭᠠᠵᠠ ᠶᠢᠨ ᠦᠷ᠎ᠡ ᠳ᠋ᠦᠩ ᠵᠢᠴᠢ ᠠᠶᠤᠯ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠤᠬᠠᠢ ᠲᠠᠶᠢᠯᠪᠤᠷᠢᠯᠠᠯᠲᠠ ᠬᠢᠪᠡ᠃ ᠬᠤᠳᠠᠯ ᠢᠶᠠᠷ ᠪᠠᠷᠢᠮᠲᠠ ᠪᠢᠴᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠵᠤ᠂ ᠭᠠᠶᠢᠯᠢ ᠳᠤ ᠬᠤᠯᠪᠣᠭᠳᠠᠭᠰᠠᠨ ᠵᠠᠭᠤᠴᠢ ᠪᠠᠶᠢᠭᠤᠯᠤᠮᠵᠢ ᠶᠢᠨ ᠭᠠᠶᠢᠯᠢ ᠲᠤᠰᠢᠶᠠᠭᠴᠢ ᠶᠢᠨ ᠬᠠᠤᠯᠢ ᠶᠣᠰᠣᠭᠠᠷ ᠭᠠᠶᠢᠯᠢ ᠲᠤᠰᠢᠶᠠᠬᠤ ᠳᠤ ᠦᠢᠯᠡᠴᠢᠯᠡᠬᠦ ᠪᠠ ᠲᠡᠭᠦᠨ ᠳᠤ ᠲᠦᠬᠦᠮ ᠦᠵᠡᠭᠦᠯᠬᠦ ᠢᠳᠡᠪᠬᠢ ᠦᠢᠯᠡᠳᠦᠯ ᠢ ᠦᠨᠡᠨ ᠬᠦ ᠪᠠᠳᠠᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠠᠶᠢᠯᠢ ᠳᠤ ᠬᠤᠯᠪᠣᠭᠳᠠᠭᠰᠠᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠠᠤᠯᠢ ᠶᠢ ᠰᠠᠬᠢᠵᠤ ᠳᠦᠷᠢᠮ ᠶᠣᠰᠣᠭᠠᠷ ᠡᠵᠡᠩᠨᠡᠬᠦ ᠶᠢ ᠤᠯᠠᠮ ᠨᠢᠭᠡ ᠠᠯᠬᠤᠮ ᠬᠠᠪᠰᠤᠷᠪᠠ᠃      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ 40 ᠭᠠᠷᠤᠢ ᠵᠠᠭᠤᠴᠢ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠠᠵᠢᠯᠲᠠᠨ ᠤᠷᠢᠯᠭ᠎ᠠ ᠪᠠᠷ ᠰᠤᠷᠤᠯᠴᠠᠯᠭ᠎ᠠ ᠳᠤ ᠣᠷᠣᠯᠴᠠᠵᠤ᠂ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠠᠵᠢᠯ ᠤᠨ ᠳᠤᠮᠳᠠᠬᠢ ︽ᠭᠤᠣᠯ ᠬᠦᠴᠦᠨ︾ ᠪᠣᠯᠤᠭᠰᠠᠨ ᠤ ᠬᠤᠪᠢ ᠳᠤ᠂ ᠮᠢᠩᠭ᠎ᠠ ᠭᠠᠷᠤᠢ ᠣᠷᠣᠯᠠᠨ ᠭᠦᠢᠴᠡᠳᠬᠡᠬᠦ ᠠᠵᠤ ᠠᠬᠤᠶᠢᠯᠠᠯ ᠢ ᠨᠥᠯᠥᠭᠡᠯᠡᠨ ᠨᠥᠯᠥᠭᠡᠯᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠭᠰᠡᠨ ᠪᠠᠶᠢᠨ᠎ᠠ᠃ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠤᠨ ᠡᠷᠳᠡᠮ ᠮᠡᠳᠡᠯᠭᠡ ᠰᠤᠷᠬᠤ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ ᠂ ᠭᠠᠶᠢᠯᠢ ᠶᠢᠨ ᠶᠠᠪᠤᠳᠠᠯ ᠤᠨ ᠠᠵᠢᠯᠲᠠᠳ ᠠᠴᠠ ᠲᠥᠷᠥ ᠶᠢᠨ ᠪᠣᠳᠣᠯᠭ᠎ᠠ ᠶᠢᠨ ᠠᠰᠠᠭᠤᠳᠠᠯ ᠢ ᠠᠰᠠᠭᠤᠨ ᠯᠠᠪᠯᠠᠵᠤ᠂ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ ᠭᠠᠶᠢᠯᠢ ᠶᠢᠨ ᠶᠠᠪᠤᠳᠠᠯ ᠤᠨ ᠺᠠᠳ᠋ᠷᠴᠤᠳ ᠴᠥᠮ ᠬᠦᠯᠢᠴᠡᠩᠭᠦᠢ ᠪᠠᠷ ᠨᠢᠭᠡᠳ ᠨᠢᠭᠡ ᠪᠠᠷ ᠬᠠᠷᠢᠭᠤᠯᠲᠠ ᠥᠭᠪᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠠᠪᠰᠤᠷᠤᠨ ᠵᠢᠯᠤᠭᠤᠳᠬᠤ ᠠᠵᠢᠯᠯᠠᠭ᠎ᠠ ᠳᠤ ᠰᠦᠯᠵᠢᠶᠡᠨ ᠭᠠᠳᠠᠨ᠎ᠠ ᠬᠢᠴᠢᠶᠡᠯ ᠵᠢᠭᠠᠬᠤ ᠠᠷᠭ᠎ᠠ ᠮᠠᠶ᠋ᠢᠭ ᠢ ᠠᠪᠴᠤ᠂ ᠭᠠᠶᠢᠯᠢ ᠲᠤᠰᠢᠶᠠᠭᠴᠢ ᠲᠠᠢ ᠨᠢᠭᠤᠷᠲᠠᠨ ᠨᠢᠭᠤᠷᠳᠠᠵᠤ᠂ ᠴᠡᠭ ᠠᠴᠠ ᠴᠡᠭ ᠲᠤᠨᠢ ᠲᠤᠯᠲᠠᠯ᠎ᠠ ᠰᠠᠨᠠᠯ ᠢᠶᠠᠨ ᠰᠣᠯᠢᠯᠴᠠᠵᠤ᠂ ᠭᠠᠶᠢᠯᠢ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠢ ᠪᠠᠷ ᠣᠶᠢᠯᠠᠭᠠᠭᠤᠯᠵᠤ᠂ ᠠᠵᠢᠯᠯᠠᠵᠤ ᠴᠢᠳᠠᠬᠤ ᠪᠣᠯᠭᠠᠵᠤ᠂ ᠠᠶᠤᠯ ᠲᠦᠭᠰᠢᠭᠦᠷᠢ ᠶᠢ ᠣᠶᠢᠯᠠᠭᠠᠭᠤᠯᠵᠤ᠂ ᠰᠡᠷᠭᠡᠶᠢᠯᠡᠬᠦ ᠶᠢ ᠴᠢᠬᠤᠯᠠᠴᠢᠯᠠᠭᠤᠯᠤᠨ᠎ᠠ᠃ᠲᠤᠰ ᠤᠳᠠᠭᠠᠨ ᠤ ᠭᠠᠶᠢᠯᠢ ᠬᠤᠷᠢᠶᠠᠬᠤ ᠠᠵᠢᠯᠯᠠᠭ᠎ᠠ ᠪᠠᠷ ᠳᠠᠮᠵᠢᠭᠤᠯᠤᠨ᠂ ᠭᠠᠶᠢᠯᠢ ᠶᠢᠨ ᠶᠠᠪᠤᠳᠠᠯ ᠤᠨ ᠺᠠᠳ᠋ᠷᠴᠤᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ᠂ ᠰᠢᠯᠢᠳᠡᠭ ᠰᠠᠶᠢᠨ ᠠᠵᠢᠯ ᠤᠨ ᠰᠤᠷᠲᠠᠯ ᠪᠠ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠬᠡᠪ ᠴᠢᠨᠠᠷ ᠢ ᠭᠦᠢᠴᠡᠳ ᠢᠯᠡᠷᠡᠭᠦᠯᠵᠦ᠂ ᠠᠵᠤ ᠠᠬᠤᠶᠢᠯᠠᠯ ᠤᠨ ᠪᠥᠬᠦ ᠤᠯᠤᠰ ᠤᠨ 31 ᠳ᠋ᠦᠭᠡᠷ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪ ᠪᠣᠯᠬᠤ ︽ᠭᠠᠶᠢᠯᠢ ᠲᠠᠲᠠᠪᠤᠷᠢ ᠶᠢᠨ ᠬᠠᠷᠠᠭᠠᠯᠵᠠᠯ ᠢᠶᠠᠷ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ︾ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢᠨ ᠲᠤᠬᠠᠢ ᠣᠶᠢᠯᠠᠭᠠᠯᠲᠠ ᠶᠢ ᠠᠬᠢᠭᠤᠯᠵᠤ᠂ ᠭᠠᠶᠢᠯᠢ ᠲᠤᠰᠢᠶᠠᠭᠴᠢ ᠶᠢᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠠᠵᠢᠯ ᠤᠨ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠨᠡᠮᠡᠭᠳᠡᠭᠦᠯᠵᠦ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠭᠠᠶᠢᠯᠢ ᠪᠠ ᠠᠵᠤ ᠠᠬᠤᠶᠢᠯᠠᠯ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠤᠯᠠᠮ ᠨᠢᠭᠡ ᠠᠯᠬᠤᠮ ᠪᠡᠶᠡᠯᠡᠭᠦᠯᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1