ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ︽ᠭᠤᠷᠪᠠ ᠶᠢ ᠳᠣᠪᠤᠶᠢᠯᠭᠠᠬᠤ︾ ᠪᠠᠷ ᠭᠠᠶᠢᠯᠢ ᠪᠤᠴᠠᠭᠠᠬᠤ ᠭᠠᠶᠢᠯᠢ ᠬᠥᠩᠭᠡᠯᠡᠬᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2022/11/15
      ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠷᠲᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠠᠵᠢᠯ ᠢ ᠨᠠᠩ ᠰᠠᠶᠢᠨ ᠠᠬᠢᠭᠤᠯᠬᠤ ᠶᠢᠨ ᠲᠥᠯᠥᠭᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠯ ᠤᠯᠤᠰ ᠲᠥᠷᠥ ᠶᠢᠨ ᠡᠭᠦᠷᠭᠡ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠥᠷᠲᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃      ᠤᠳᠤᠷᠢᠳᠤᠯᠭ᠎ᠠ ᠶᠢᠨ ᠪᠣᠭᠤᠮᠲᠠ ᠰᠠᠬᠢᠬᠤ ᠶᠢ ᠲᠤᠪᠤᠶᠢᠯᠭᠠᠵᠦ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠪᠠ᠃ᠲᠡᠷᠡ ᠳᠠᠷᠤᠢ ᠳᠤᠨᠢ ᠦᠷᠳᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠲᠤᠰᠬᠠᠢ ᠰᠡᠳᠦᠪᠲᠦ ᠬᠤᠷᠠᠯᠳᠤᠭᠠᠨ ᠢ ᠬᠤᠷᠠᠯᠳᠤᠭᠤᠯᠵᠤ᠂ ᠲᠤᠰᠬᠠᠢ ᠠᠵᠢᠯ ᠤᠨ ᠳᠤᠭᠤᠶᠢᠯᠠᠩ ᠢ ᠪᠠᠶᠢᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠣᠷᠣᠯᠭ᠎ᠠ ᠶᠢᠨ ᠲᠣᠭᠠᠴᠠᠭ᠎ᠠ ᠬᠢᠬᠦ᠂ ᠭᠠᠶᠢᠯᠢ ᠲᠤᠰᠢᠶᠠᠬᠤ ᠦᠢᠯᠡᠴᠢᠯᠡᠭᠡ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠬᠠᠭᠤᠯᠬᠤ ᠵᠡᠷᠭᠡ 7 ᠠᠵᠢᠯ ᠤᠨ ᠳᠤᠭᠤᠶᠢᠯᠠᠩ ᠢ ᠪᠠᠶᠢᠭᠤᠯᠵᠤ᠂ ᠡᠯ᠎ᠡ ᠠᠵᠢᠯ ᠤᠨ ᠳᠤᠭᠤᠶᠢᠯᠠᠩ ᠤᠨ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ᠨᠡᠶᠢᠯᠡᠮᠡᠯ ᠮᠠᠶ᠋ᠢᠭ ᠤᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠳᠤᠭᠤᠶᠢᠯᠠᠩ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠺᠠᠳ᠋ᠷ  ᠠᠴᠠ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠲᠤᠰᠬᠠᠢ ᠰᠡᠳᠦᠪ ᠢᠶᠠᠷ ᠰᠤᠳᠤᠯᠤᠨ᠂ ᠠᠩᠭᠢ ᠶᠢᠨ ᠡᠮᠦᠨ᠎ᠡ ᠬᠤᠶᠢᠨᠠᠬᠢ ᠬᠠᠭᠠᠰ ᠴᠠᠭ ᠤᠨ ᠰᠤᠷᠤᠯᠴᠠᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠲᠥᠬᠦᠮ ᠣᠶᠢᠯᠠᠭᠠᠮᠵᠢᠲᠠᠢ᠂ ᠪᠣᠳᠠᠲᠠᠢ ᠲᠠᠢ ᠣᠶᠢᠷᠠᠳᠬᠤ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠤᠨ ᠨᠢᠭᠡᠳᠦᠭᠡᠷ ᠹᠷᠣᠨᠲ ᠤᠨ ᠺᠠᠳ᠋ᠷᠴᠤᠳ ᠤᠨ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠰᠤᠷᠴᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ ᠮᠡᠳᠡᠬᠦ ᠶᠢ ᠦᠨᠡᠨ ᠬᠦ ᠪᠠᠲᠤᠯᠠᠨ᠎ᠠ᠃      ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠶᠢᠬᠤ ᠶᠢ ᠲᠤᠪᠤᠶᠢᠯᠭᠠᠵᠦ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ  ᠶᠢ ᠪᠠᠬᠢᠵᠢᠭᠦᠯᠬᠦ᠃ ᠨᠥᠬᠦᠴᠡᠯ ᠳᠤ ᠨᠡᠶᠢᠴᠡᠬᠦ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠵᠦ᠂ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠭᠠᠶᠢᠯᠢ ᠲᠤᠰᠢᠶᠠᠬᠤ ᠶᠠᠪᠤᠴᠠ ᠶᠢ ᠲᠣᠳᠣᠷᠬᠠᠢ ᠡᠵᠡᠮᠰᠢᠬᠦ ᠶᠢ ᠦᠨᠡᠨ ᠬᠥᠲᠥᠮᠦ ᠳ᠋ᠠᠶᠢᠲ᠋ᠠ ᠶᠢ ᠠᠰᠢᠭᠯᠠᠨ ᠦᠷᠳᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠭᠠᠶᠢᠯᠢ ᠶᠢ ᠪᠤᠴᠠᠭᠠᠬᠤ ᠲᠦᠷᠦ ᠶᠢᠨ ᠪᠣᠳᠣᠯᠭ᠎ᠠ ᠳᠤ ᠨᠡᠶᠢᠴᠡᠬᠦ ᠭᠠᠶᠢᠯᠢ ᠲᠤᠰᠢᠶᠠᠭᠴᠢ ᠶᠢ ᠨᠠᠷᠢᠯᠢᠭ ᠣᠨᠣᠴᠠᠲᠠᠢ ᠪᠠᠷ ᠰᠢᠯᠢᠨ ᠰᠣᠩᠭᠤᠵᠤ᠂ ᠨᠡᠷᠡᠰ ᠤᠨ ᠨᠠᠷᠢᠨ ᠲᠠᠩᠰᠠ ᠶᠢ ᠪᠠᠶᠢᠭᠤᠯᠵᠤ᠂ ᠭᠠᠶᠢᠯᠢ ᠲᠤᠰᠢᠶᠠᠭᠴᠢ ᠳᠤ ︽ᠨᠢᠭᠡ ᠳᠤ ᠨᠢᠭᠡ︾ ᠶᠢᠨ ᠵᠥᠪᠯᠡᠯᠭᠡ ᠥᠭᠴᠦ ᠬᠠᠪᠰᠤᠷᠤᠨ ᠵᠢᠯᠤᠭᠤᠳᠬᠤ ᠦᠢᠯᠡᠴᠢᠯᠡᠭᠡ ᠬᠠᠩᠭᠠᠨ᠎ᠠ᠃ᠡᠭᠦᠯᠡᠨ MAS ᠣᠬᠤᠷ ᠴᠢᠮᠡᠭᠡᠨ ᠤ ᠦᠢᠯᠡᠴᠢᠯᠡᠭᠡᠨ ᠤ ᠲᠠᠪᠴᠠᠩ᠂ ᠰᠦᠯᠵᠢᠶᠡᠨ ᠳᠡᠭᠡᠷᠡᠬᠢ ᠭᠠᠶᠢᠯᠢ ᠲᠤᠰᠢᠶᠠᠭᠴᠢ ᠶᠢᠨ ᠰᠤᠷᠭᠠᠭᠤᠯᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠶᠢᠯᠢ ᠲᠤᠰᠢᠶᠠᠭᠴᠢ ᠳᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ ᠥᠭᠭᠦᠨ᠎ᠡ᠃61 ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠠᠵᠤ ᠠᠬᠤᠶᠢᠯᠠᠯ ᠤᠨ ᠸᠢᠴᠠᠲ ᠤᠨ ᠪᠦᠯᠦᠭᠯᠡᠯ ᠢ ᠠᠰᠢᠭᠯᠠᠨ ᠰᠦᠯᠵᠢᠶᠡᠵᠢᠭᠦᠯᠦᠨ ᠤᠬᠠᠭᠤᠯᠵᠤ ᠬᠠᠪᠰᠤᠷᠤᠨ ᠵᠢᠯᠤᠭᠤᠳᠬᠤ ᠶᠢ ᠬᠡᠷᠡᠭᠵᠢᠭᠦᠯᠵᠦ᠂ ᠭᠠᠶᠢᠯᠢ ᠲᠤᠰᠢᠶᠠᠭᠴᠢ ᠳᠤ ᠦᠯᠡᠳᠡᠭᠡᠨ ᠪᠤᠴᠠᠭᠠᠬᠤ ᠭᠠᠶᠢᠯᠢ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠ ᠠᠰᠠᠭᠤᠨ ᠯᠠᠪᠯᠠᠵᠤ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠣᠨᠣᠪᠴᠢᠲᠤ ᠴᠢᠨᠠᠷ ᠪᠠ ᠴᠠᠭ ᠲᠤᠬᠠᠢ ᠶᠢᠨ ᠴᠢᠨᠠᠷ ᠢ ᠳᠡᠭᠡᠭᠰᠢᠯᠡᠭᠦᠯᠪᠡ᠃︽ᠳ᠋ᠦᠩ ᠾᠧ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯᠲᠠᠳ ᠰᠠᠨᠠᠭᠠᠴᠢᠯᠠᠭ᠎ᠠ ᠠᠴᠠ ᠪᠠᠨ ᠪᠢᠳᠡᠨ ᠲᠠᠢ ᠬᠠᠷᠢᠯᠴᠠᠵᠤ᠂ ᠣᠶᠢᠷ᠎ᠠ ᠶᠢᠨ ᠬᠤᠭᠤᠴᠠᠭᠠᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ︾ᠭᠡᠵᠦ ᠪᠦᠦ ᠲᠧᠦ ᠲᠢᠶᠠᠨ ᠮᠥ᠋ᠩ ᠴᠢᠯᠠᠭᠤᠨ ᠲᠤᠰᠤᠨ ᠤ ᠬᠢᠵᠠᠭᠠᠷᠲᠤ ᠺᠣᠮᠫᠠᠨᠢ ᠶᠢᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠠᠴᠠ᠄︽ᠭᠠᠶᠢᠯᠢ ᠶᠢ ᠪᠤᠴᠠᠭᠠᠬᠤ ᠨᠢ ᠳᠡᠩᠳᠡᠭᠦᠦ ᠴᠠᠭ ᠲᠠᠭᠠᠨ ᠲᠣᠬᠢᠷᠠᠵᠠᠢ᠂ ᠵᠢᠩᠬᠢᠨᠢ ᠠᠯᠳᠠ ᠮᠥᠩᠭᠦᠨ ᠤ ᠲᠦᠷᠦ ᠶᠢᠨ ᠪᠣᠳᠣᠯᠭ᠎ᠠ ᠶᠢᠨ ᠠᠰᠢᠭ ᠨᠢ ᠪᠢᠳᠡᠨ ᠤ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠵᠡᠢ︾ᠭᠡᠵᠦ ᠬᠡᠯᠡᠪᠡ᠃      ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠲᠤᠪᠤᠶᠢᠯᠭᠠᠵᠤ᠂ ᠭᠠᠶᠢᠯᠢ ᠪᠤᠴᠠᠭᠠᠯᠲᠠ ᠶᠢ ᠪᠣᠳᠠᠲᠠᠶᠢᠵᠢᠭᠤᠯᠬᠤ ᠶᠢ ᠦᠨᠡᠨ ᠪᠠᠲᠥᠯᠠᠵᠦ᠃ ᠵᠢᠰᠠᠯᠠᠭ᠎ᠠ ᠮᠥᠴᠢᠷ ᠤᠳ ᠢ ᠵᠣᠯᠭᠠᠭᠤᠯᠬᠤ ᠠᠵᠢᠯ ᠢ ᠳᠣᠲᠣᠭᠠᠳᠤ ᠳᠠᠭᠠᠨ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠭᠠᠶᠢᠯᠢ ᠲᠤᠰᠢᠶᠠᠬᠤ ᠪᠠᠷ ᠮᠡᠳᠡᠭᠦᠯᠬᠦ᠂ ᠭᠠᠶᠢᠯᠢ ᠪᠤᠴᠠᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ᠂ ᠭᠠᠶᠢᠯᠢ ᠪᠤᠴᠠᠭᠠᠬᠤ ᠶᠢ ᠬᠢᠨᠠᠨ ᠬᠠᠷᠭᠤᠭᠤᠯᠬᠤ ᠵᠡᠷᠭᠡ ᠡᠯ᠎ᠡ ᠵᠠᠩᠭᠢᠯᠠᠭ᠎ᠠ ᠶᠢᠨ ᠪᠣᠳᠠᠲᠠᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠡᠮᠦᠨ᠎ᠡ ᠬᠤᠶᠢᠨᠠᠬᠢ ᠵᠠᠩᠭᠢᠯᠠᠭ᠎ᠠ ᠶᠢ ᠨᠢᠭᠲᠠ ᠵᠣᠯᠭᠠᠭᠤᠯᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠡᠷᠭᠢᠯᠲᠡ ᠶᠢᠨ ᠬᠤᠷᠳᠤᠴᠠ ᠶᠢ ᠲᠦᠷᠭᠡᠳᠬᠡᠨ᠂ ᠡᠴᠦᠰ ᠲᠤᠨᠢ ᠦᠯᠡᠳᠡᠭᠡᠵᠦ ᠭᠠᠶᠢᠯᠢ ᠪᠤᠴᠠᠭᠠᠬᠤ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠦᠨᠡᠨ ᠬᠦ ᠪᠠᠲᠤᠯᠠᠨ᠎ᠠ᠃ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠬᠤᠯᠪᠣᠭᠠᠴᠢᠨ ᠪᠣᠯᠭᠠᠵᠤ᠂ ᠳᠡᠭᠡᠳᠦ ᠳᠣᠣᠷᠠᠳᠤ ᠱᠠᠲᠤᠨ ᠤ ᠨᠡᠪᠲᠡᠷᠡᠯᠴᠡᠨ ᠬᠠᠷᠢᠯᠴᠠᠬᠤ ᠶᠢᠨ ᠰᠠᠭᠠᠳ ᠦᠭᠡᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠭᠠᠳᠠᠭᠠᠳᠤ ᠳᠤ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ᠬᠥᠳᠡᠯᠦᠩᠭᠦᠢ ᠪᠠᠷ ᠬᠢᠨᠠᠨ ᠬᠡᠮᠵᠢᠬᠦ ᠬᠠᠮᠢᠶᠠᠷᠤᠯᠲᠠ ᠶᠢ ᠰᠠᠶᠢᠲᠤᠷ ᠬᠢᠵᠦ᠂ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ᠪᠤᠴᠠᠭᠠᠬᠤ ᠡᠭᠦᠷᠭᠡ ᠶᠢᠨ ᠡᠬᠡ ᠲᠠᠩᠰᠠ ᠶᠢ ᠪᠠᠶᠢᠭᠤᠯᠵᠤ᠂ ᠭᠠᠶᠢᠯᠢ ᠲᠠᠲᠠᠪᠤᠷᠢ ᠶᠢᠨ ᠬᠠᠮᠢᠶᠠᠷᠤᠭᠴᠢ ᠠᠴᠠ ᠭᠠᠶᠢᠯᠢ ᠲᠤᠰᠢᠶᠠᠭᠴᠢ ᠶᠢ ᠬᠠᠪᠰᠤᠷᠤᠨ ᠵᠢᠯᠤᠭᠤᠳᠴᠤ ᠭᠠᠶᠢᠯᠢ ᠪᠤᠴᠠᠭᠠᠬᠤ ᠵᠣᠭᠤᠰ ᠤᠨ ᠲᠤᠭ᠎ᠠ ᠶᠢ ᠪᠤᠳᠤᠵᠤ᠂ ᠭᠠᠶᠢᠯᠢ ᠲᠤᠰᠢᠶᠠᠭᠴᠢ ᠶᠢ ᠬᠠᠪᠰᠤᠷᠤᠨ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠢ ᠪᠦᠬᠦ ᠶᠠᠪᠤᠴᠠ ᠳᠤ ᠭᠦᠢᠴᠡᠳᠬᠡᠨ᠎ᠡ᠃ᠡᠭᠦᠨ ᠤ ᠬᠠᠮᠲᠤ᠂ ᠤᠯᠤᠰ ᠤᠨ ᠬᠥᠮᠥᠷᠭᠡ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠢᠳᠪᠦᠷᠢᠯᠡᠬᠦ ᠠᠬᠢᠴᠠ ᠪᠠᠨ ᠲᠦᠷᠭᠡᠳᠬᠡᠬᠦ ᠶᠢ ᠲᠦᠯᠬᠢᠨ ᠠᠬᠢᠭᠤᠯᠵᠤ᠂ ᠭᠠᠶᠢᠯᠢ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠷᠲᠡᠬᠡᠨ ᠡᠳ᠋ᠯᠡᠭᠦᠯᠬᠦ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1