︽ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠵᠣᠭᠰᠣᠬᠤ ᠪᠠ ᠬᠦᠴᠦᠨ ᠦᠭᠡᠢ ᠪᠣᠯᠭᠠᠬᠤ ᠵᠠᠩᠭᠢᠯᠠᠭ᠎ᠠ ᠶᠢᠨ ᠭᠠᠶᠢᠯᠢ ᠳᠤ ᠬᠤᠯᠪᠣᠭᠳᠠᠬᠤ ᠵᠦᠢᠯᠡᠰ ᠢ ᠳᠥᠭᠦᠮᠴᠢᠯᠡᠨ ᠭᠦᠢᠴᠡᠳᠬᠡᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/11/15
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠶᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠶᠢᠨ ᠲᠤᠰᠠᠳᠠ᠂ ᠡᠳᠦᠭᠡ ᠦᠶᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ︵ᠬᠤᠪᠢ ᠬᠥᠮᠥᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ᠂ ᠬᠤᠷᠰᠢᠭᠰᠠᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ᠂ ᠳᠣᠷᠣᠭᠰᠢ ᠠᠳᠠᠯᠢ︶ ᠤᠨ ᠬᠡᠰᠡᠭ ᠭᠠᠶᠢᠯᠢ ᠰᠦᠢᠳᠬᠡᠯ ᠲᠤᠰᠢᠶᠠᠬᠤ ᠶᠢ ᠦᠷᠭᠦᠯᠵᠢᠯᠡᠨ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ 2022 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ᠂ ︽ᠦᠶᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠰᠡᠭ ᠭᠠᠶᠢᠯᠢ ᠰᠦᠢᠳᠬᠡᠯ ᠲᠤᠰᠢᠶᠠᠬᠤ ᠶᠢ ᠬᠤᠶᠢᠰᠢᠯᠠᠭᠤᠯᠬᠤ ᠬᠤᠯᠪᠣᠭᠳᠠᠯ ᠪᠦᠬᠦᠢ ᠵᠦᠢᠯᠡᠰ ᠢ ᠦᠷᠭᠦᠯᠵᠢᠯᠡᠨ ᠬᠡᠷᠡᠭᠵᠢᠭᠦᠯᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠡᠳ᠋ ᠤᠨ ᠵᠠᠰᠠᠭ ᠤᠨ ᠶᠠᠮᠤᠨ ᠤ ᠠᠯᠪᠠᠨ ᠵᠠᠷ︾ ︵2022 ᠣᠨ ᠤ 2 ᠳ᠋ᠤᠭᠠᠷ ᠲᠣᠭᠠᠲᠤ︶ ᠶᠣᠰᠣᠭᠠᠷ ᠨᠢᠭᠡᠨᠲᠡ ᠭᠠᠶᠢᠯᠢ ᠰᠦᠢᠳᠬᠡᠯ ᠢ 50% ᠪᠠᠷ ᠬᠤᠶᠢᠰᠢᠯᠠᠭᠤᠯᠤᠨ ᠲᠤᠰᠢᠶᠠᠭᠰᠠᠨ ᠦᠶᠯᠡᠳᠬᠦ ᠦᠢᠯᠡᠰ ᠤᠨ ᠳᠤᠮᠳᠠ ᠬᠡᠯᠪᠡᠷᠢ ᠶᠢᠨ ᠠᠵᠤ ᠠᠬᠤᠶᠢᠯᠠᠯ ᠪᠠ ᠭᠠᠶᠢᠯᠢ ᠰᠦᠢᠳᠬᠡᠯ ᠢ 100% ᠪᠠᠷ ᠬᠤᠶᠢᠰᠢᠯᠠᠭᠤᠯᠤᠨ ᠲᠤᠰᠢᠶᠠᠭᠰᠠᠨ ᠦᠶᠯᠡᠳᠬᠦ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠤᠨ ᠨᠢᠭᠡᠨᠲᠡ ᠬᠤᠶᠢᠰᠢᠯᠠᠭᠤᠯᠤᠨ ᠲᠤᠰᠢᠶᠠᠭᠰᠠᠨ ᠭᠠᠶᠢᠯᠢ ᠰᠦᠢᠳᠬᠡᠯ ᠤᠨ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠦᠷᠭᠦᠯᠵᠢᠯᠡᠨ 4 ᠰᠠᠷ᠎ᠠ ᠤᠷᠲᠤᠳᠬᠠᠨ᠎ᠠ᠃      ᠬᠤᠶᠠᠷ᠂ ᠬᠤᠶᠢᠰᠢᠯᠠᠭᠤᠯᠤᠨ ᠲᠤᠰᠢᠶᠠᠬᠤ ᠭᠠᠶᠢᠯᠢ ᠰᠦᠢᠳᠬᠡᠯ ᠳᠤ ᠬᠠᠷᠢᠶᠠᠯᠠᠭᠳᠠᠬᠤ ᠬᠤᠭᠤᠴᠠᠭ᠎ᠠ ᠨᠢ 2021 ᠣᠨ ᠤ 11 ᠰᠠᠷ᠎ᠠ᠂ 12 ᠰᠠᠷ᠎ᠠ᠂ 2022 ᠣᠨ ᠤ 2 ᠰᠠᠷ᠎ᠠ᠂ 3 ᠰᠠᠷ᠎ᠠ᠂ 4 ᠰᠠᠷ᠎ᠠ᠂ 5 ᠰᠠᠷ᠎ᠠ᠂ 6 ᠰᠠᠷ᠎ᠠ ︵ᠰᠠᠷ᠎ᠠ ᠪᠠᠷ ᠲᠤᠰᠢᠶᠠᠨ᠎ᠠ︶ ᠪᠤᠶᠤ 2021 ᠣᠨ ᠤ ᠳᠥᠷᠪᠡᠳᠦᠭᠡᠷ ᠤᠯᠠᠷᠢᠯ ᠳᠤ᠂ 2022 ᠣᠨ ᠤ ᠨᠢᠭᠡᠳᠦᠭᠡᠷ ᠤᠯᠠᠷᠢᠯ᠂ ᠬᠤᠶᠠᠳᠤᠭᠠᠷ ᠤᠯᠠᠷᠢᠯ ︵ᠤᠯᠠᠷᠢᠯ ᠢᠶᠠᠷ ᠲᠤᠰᠢᠶᠠᠨ᠎ᠠ︶ ᠳᠤ ᠨᠢᠭᠡᠨᠲᠡ ᠲᠣᠭᠲᠠᠭᠠᠯ ᠶᠣᠰᠣᠭᠠᠷ ᠬᠤᠶᠢᠰᠢᠯᠠᠭᠤᠯᠤᠨ ᠲᠤᠰᠢᠶᠠᠭᠰᠠᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ᠂ ᠤᠯᠤᠰ ᠤᠨ ᠳᠣᠲᠣᠭᠠᠳᠤ ᠶᠢᠨ ᠥᠷᠲᠡᠭ ᠨᠡᠮᠡᠭᠳᠡᠯ ᠤᠨ ᠭᠠᠶᠢᠯᠢ᠂ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠭᠠᠶᠢᠯᠢ ᠵᠢᠴᠢ ᠳᠠᠭᠠᠯᠳᠤᠭᠤᠯᠤᠨ ᠲᠠᠲᠠᠪᠤᠷᠢᠯᠠᠭᠰᠠᠨ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠳᠤ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠬᠤ᠂ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠵᠢᠴᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠣᠷᠣᠯᠠᠨ ᠪᠠᠷᠢᠮᠲᠠ ᠪᠢᠴᠢᠭᠦᠯᠬᠦ ᠪᠠᠷ ᠭᠤᠶᠤᠴᠢᠯᠠᠬᠤ ᠦᠶ᠎ᠡ ᠳᠤ ᠲᠤᠰᠢᠶᠠᠭᠰᠠᠨ ᠭᠠᠶᠢᠯᠢ ᠰᠦᠢᠳᠬᠡᠯ ᠪᠠᠭᠲᠠᠬᠤ ᠦᠭᠡᠢ᠃      ᠭᠤᠷᠪᠠ᠂ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠨ 2021 ᠣᠨ ᠤ 11 ᠰᠠᠷ᠎ᠠ ᠪᠠ 2022 ᠣᠨ ᠤ 2 ᠰᠠᠷ᠎ᠠ ᠳᠤ ᠬᠤᠶᠢᠰᠢᠯᠠᠭᠤᠯᠤᠨ ᠲᠤᠰᠢᠶᠠᠭᠰᠠᠨ ᠭᠠᠶᠢᠯᠢ ᠰᠦᠢᠳᠬᠡᠯ ᠢ 2022 ᠣᠨ ᠤ 9 ᠰᠠᠷ᠎ᠠ ᠶᠢᠨ 1 ᠤ ᠡᠳᠦᠷ ᠠᠴᠠ ᠲᠣᠰ ᠠᠯᠪᠠᠨ ᠵᠠᠷ ᠢ ᠨᠡᠶᠢᠲᠡᠯᠡᠬᠦ ᠠᠴᠠ ᠡᠮᠦᠨ᠎ᠡ ᠪᠣᠯᠲᠠᠯ᠎ᠠ ᠨᠢᠭᠡᠨᠲᠡ ᠲᠤᠰᠢᠶᠠᠵᠤ ᠬᠥᠮᠥᠷᠭᠡ ᠳᠤ ᠣᠷᠣᠭᠤᠯᠤᠭᠰᠠᠨ ᠪᠠᠶᠢᠪᠠᠯ᠂ ᠭᠠᠶᠢᠯᠢ ᠪᠤᠴᠠᠭᠠᠬᠤ ︵ᠰᠦᠢᠳᠬᠡᠯ︶ ᠭᠤᠶᠤᠴᠢᠯᠠᠬᠤ ᠶᠢ ᠰᠠᠶᠢᠨ ᠳᠤᠷ᠎ᠠ  ᠠᠴᠠ ᠪᠠᠨ ᠰᠣᠩᠭᠤᠬᠤ ᠶᠢᠨ ᠬᠠᠮᠲᠤ ᠦᠷᠭᠦᠯᠵᠢᠯᠡᠨ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃      ᠲᠤᠶᠢᠷᠪᠡ᠂ ᠲᠤᠰ ᠠᠯᠪᠠᠨ ᠵᠡᠷ ᠲᠤ ᠲᠣᠭᠲᠠᠭᠠᠭᠰᠠᠨ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠳᠦᠭᠦᠷᠦᠭᠰᠡᠨ ᠤ ᠲᠡᠷᠠᠭ᠎ᠠ᠂ ᠭᠠᠶᠢᠯᠢ ᠲᠤᠰᠢᠶᠠᠭᠴᠢ ᠵᠣᠬᠢᠴᠠᠩᠭᠤᠢ ᠰᠠᠷ᠎ᠠ ᠪᠤᠶᠤ ᠤᠯᠠᠷᠢᠯ ᠤᠨ ᠭᠠᠶᠢᠯᠢ ᠰᠦᠢᠳᠬᠡᠯ ᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠤᠶᠢᠷᠢᠮ ᠤᠨ ᠲᠣᠭᠲᠠᠭᠠᠯ ᠳᠤ ᠨᠡᠶᠢᠴᠡᠵᠦ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠬᠤ ᠳᠤ ᠬᠦᠷᠪᠡᠯ᠂ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠣᠨ᠎ᠠ᠃      ᠲᠠᠪᠤ᠂ ᠭᠠᠶᠢᠯᠢ ᠲᠤᠰᠢᠶᠠᠭᠴᠢ ᠲᠤᠰ ᠠᠯᠪᠠᠨ ᠵᠠᠷ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠠᠷ ᠭᠠᠶᠢᠯᠢ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢ ᠮᠡᠬᠡᠯᠡᠨ ᠠᠪᠤᠭᠰᠠᠨ ᠪᠠᠶᠢᠪᠠᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ︾ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃      ᠵᠢᠷᠭᠤᠭ᠎ᠠ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ  ᠡᠳ᠋ ᠤᠨ ᠵᠠᠰᠠᠭ ᠤᠨ ᠶᠠᠮᠤᠨ        2022 ᠣᠨ ᠤ 9 ᠰᠠᠷ᠎ᠠ ᠶᠢᠨ 14 ᠤ ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1